ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠡᠳᠦᠷ ᠠᠷᠠᠳ ᠤᠨ ᠪᠠᠭᠠᠲᠤᠷᠴᠤᠳ ᠲᠤ ᠰᠠᠭᠰᠤᠲᠦ ᠴᠡᠴᠡᠭ ᠬᠦᠷᠭᠡᠬᠦ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2024/9/30
      ᠡᠨᠡ ᠵᠢᠯ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠤᠢ ᠪᠣᠯᠤᠨ᠎ᠠ᠂ 9 ᠰᠠᠷ᠎ᠠ ᠶᠢᠨ 30 ᠤ ᠡᠳᠦᠷ ᠪᠣᠯ ᠮᠠᠨ ᠤ ᠤᠯᠤᠰ ᠤᠨ ᠠᠷᠪᠠᠨ ᠨᠢᠭᠡᠳᠦᠭᠡᠷ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠡᠳᠦᠷ ᠪᠣᠯᠤᠨ᠎ᠠ᠃ ᠲᠤᠰ ᠡᠳᠦᠷ ᠤᠨ ᠦᠳᠡ ᠶᠢᠨ ᠡᠮᠦᠨ᠎ᠡ᠂  ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠬᠤᠸᠠᠩ ᠯᠦᠩ ᠵᠡᠷᠭᠡ ᠤᠳᠤᠷᠢᠳᠤᠯᠭ᠎ᠠ ᠨᠠᠷ ᠦᠷᠡᠭᠳᠡᠭᠰᠡᠨ ᠪᠠᠭᠠᠲᠤᠷᠴᠤᠳ ᠤᠨ ᠬᠦᠰᠢᠶᠡᠨ ᠳᠤ ᠬᠦᠷᠴᠦ᠂ ᠪᠦᠬᠦ ᠬᠤᠰᠢᠭᠤᠨ ᠤ ᠨᠠᠮ ᠵᠠᠰᠠᠭ ᠴᠡᠷᠢᠭ᠂ ᠪᠠᠶᠢᠭᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠪᠣᠯᠣᠨ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠤᠨ ᠲᠥᠯᠥᠭᠡᠯᠡᠭᠴᠢᠳ ᠲᠠᠢ ᠬᠠᠮᠲᠤ ᠪᠠᠷ ᠠᠷᠠᠳ ᠤᠨ ᠪᠠᠭᠠᠲᠤᠷᠴᠤᠳ ᠲᠤ ᠰᠠᠭᠰᠤᠲᠦ ᠴᠡᠴᠡᠭ ᠬᠦᠷᠭᠡᠵᠦ᠂ ᠠᠷᠠᠳ ᠤᠨ ᠪᠠᠭᠠᠲᠤᠷᠴᠤᠳ ᠲᠤ ᠬᠠᠮᠤᠭ ᠤᠨ ᠡᠷᠬᠢᠮ ᠳᠡᠭᠡᠳᠦ ᠬᠦᠨᠳᠦᠳᠬᠡᠯ ᠪᠠ ᠭᠦᠨ ᠲᠤᠷᠠᠰᠤᠯ ᠭᠠᠰᠢᠭᠤᠳᠠᠯ ᠢᠶᠠᠨ ᠳᠡᠪᠰᠢᠭᠦᠯᠪᠡ᠃     ᠨᠠᠮᠤᠷ ᠤᠨ ᠡᠬᠢᠨ ᠤ ᠥᠷᠯᠥᠭᠡ᠂ ᠵᠦᠭᠡᠯᠡᠨ ᠰᠠᠯᠬᠢ ᠰᠠᠯᠬᠢᠯᠠᠵᠤ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠥᠰᠢᠶ᠎ᠡ ᠲᠥᠪ ᠬᠢᠴᠢᠶᠡᠩᠭᠦᠢ ᠪᠠᠶᠢᠵᠤ᠂ ᠨᠡᠶᠢᠲᠡ ᠶᠢᠨ ᠲᠠᠬᠢᠯᠭ᠎ᠠ ᠶᠢᠨ ᠠᠵᠢᠯᠯᠠᠭ᠎ᠠ ᠳᠤ ᠣᠷᠣᠯᠴᠠᠭᠰᠠᠨ ᠬᠥᠮᠦᠰ ᠬᠤᠪᠢᠰᠬᠠᠯ ᠤᠨ ᠠᠬᠠᠮᠠᠳ ᠦᠶ᠎ᠡ ᠶᠢᠨ ᠬᠢᠨ ᠳᠤ ᠡᠷᠬᠢᠮ ᠳᠡᠭᠡᠳᠦ ᠬᠦᠨᠳᠦᠳᠬᠡᠯ ᠪᠣᠯᠤᠨ ᠬᠢᠵᠠᠭᠠᠯᠠᠰᠢ ᠦᠭᠡᠢ ᠭᠠᠰᠢᠭᠤᠳᠠᠬᠤ ᠰᠡᠳᠬᠢᠯ ᠢᠶᠠᠷ ᠪᠦᠭᠦᠳᠡᠭᠡᠷ ᠢᠶᠠᠨ ᠲᠥᠪ ᠵᠣᠭᠰᠣᠵᠤ᠂ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠳᠠᠭᠤᠤ︾ ᠶᠢ ᠬᠥᠭᠵᠢᠮᠳᠡᠨ ᠳᠠᠭᠤᠯᠠᠪᠠ᠃ ᠲᠠᠷᠠᠭ᠎ᠠ ᠨᠢ᠂ ᠳᠠᠶᠠᠭᠠᠷ ᠢᠶᠠᠨ ᠲᠥᠪ ᠵᠣᠭᠰᠣᠵᠤ᠂ ᠳᠤᠮᠳᠠᠳᠤ ᠤᠯᠤᠰ ᠤᠨ ᠠᠷᠠᠳ ᠲᠦᠮᠡᠨ ᠤ ᠴᠢᠯᠥᠭᠡᠯᠡᠯᠲᠡ ᠶᠢᠨ ᠦᠢᠯᠡᠰ ᠪᠣᠯᠤᠨ ᠪᠦᠬᠦᠳᠠ ᠨᠠᠶᠢᠷᠠᠮᠳᠠᠬᠤ ᠤᠯᠤᠰ ᠤᠨ ᠪᠦᠳᠦᠭᠡᠨ ᠪᠠᠶᠢᠭᠤᠯᠤᠯᠲᠠ ᠶᠢᠨ ᠦᠢᠯᠡᠰ ᠤᠨ ᠲᠥᠯᠥᠭᠡ ᠦᠷᠡᠭᠳᠡᠭᠰᠡᠨ ᠪᠠᠭᠠᠲᠤᠷᠴᠤᠳ ᠢᠶᠠᠨ ᠨᠠᠮᠠᠨᠴᠢᠯᠠᠨ ᠭᠠᠰᠢᠭᠤᠳᠠᠪᠠ᠃ ᠨᠠᠮᠠᠨᠴᠢᠯᠠᠨ ᠭᠠᠰᠢᠭᠤᠳᠠᠭᠰᠠᠨ ᠤ ᠳᠠᠷᠠᠭ᠎ᠠ᠂ ︽ᠴᠡᠴᠡᠭ ᠬᠦᠷᠭᠡᠬᠦ ᠠᠶᠠᠰ︾ ᠢ ᠬᠥᠭᠵᠢᠮᠳᠡᠵᠦ᠂ ᠶᠣᠰᠣᠯᠠᠯ ᠤᠨ ᠴᠡᠷᠢᠭ ᠰᠠᠭᠰᠤᠲᠦ ᠴᠡᠴᠡᠭ ᠢ ᠡᠷᠭᠦᠨ ᠪᠠᠷᠢᠵᠤ᠂ ᠦᠷᠡᠭᠳᠡᠭᠰᠡᠨ ᠪᠠᠭᠠᠲᠤᠷᠴᠤᠳ ᠲᠤ ᠴᠡᠴᠡᠭᠲᠦ ᠰᠠᠭᠰᠤ ᠬᠦᠷᠭᠡᠪᠡ᠃    ᠵᠢᠶᠠ ᠪᠦᠦ ᠯᠢᠶᠠᠩ ᠴᠡᠴᠡᠭᠲᠦ ᠰᠠᠭᠰᠤ ᠶᠢᠨ ᠲᠣᠷᠭᠠᠨ ᠪᠦᠰᠠ ᠶᠢ ᠨᠠᠷᠢᠨ ᠨᠢᠮᠪᠠᠢ ᠲᠡᠭᠰᠢᠯᠡᠵᠦ᠂ ᠶᠣᠰᠣᠯᠠᠭᠰᠠᠨ ᠤ ᠳᠠᠷᠠᠭ᠎ᠠ ᠳᠤᠷᠠᠰᠬᠠᠯ ᠤᠨ ᠬᠦᠰᠢᠶ᠎ᠡ ᠶᠢ ᠲᠣᠭᠤᠷᠢᠨ ᠶᠠᠪᠤᠵᠤ ᠪᠠᠷᠠᠯᠠᠪᠠ᠃ ᠬᠤᠸᠠᠩ ᠯᠦᠩ ᠵᠡᠷᠭᠡ ᠬᠤᠰᠢᠭᠤᠨ ᠤ ᠤᠳᠤᠷᠢᠳᠤᠯᠭ᠎ᠠ ᠨᠠᠷ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠥᠰᠢᠶ᠎ᠡ ᠶᠢᠨ ᠡᠮᠦᠨ᠎ᠡ ᠬᠦᠷᠴᠦ ᠪᠦᠬᠦᠶᠢᠨ ᠶᠣᠰᠣᠯᠠᠵᠤ᠂ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠥᠰᠢᠶ᠎ᠡ ᠶᠢ ᠳᠤᠷᠠᠰᠤᠨ ᠰᠠᠨᠠᠭᠠᠯᠵᠠᠵᠤ ᠪᠠᠷᠠᠯᠠᠪᠠ᠃ ᠪᠠᠭᠠᠴᠤᠳ ᠬᠡᠤᠬᠡᠳ ᠪᠣᠯᠤᠨ ᠡᠯ᠎ᠡ ᠦᠨᠳᠦᠰᠦᠲᠡᠨ ᠡᠯ᠎ᠡ ᠡᠲᠡᠭᠡᠳ ᠤᠨ ᠲᠦᠯᠦᠭᠡᠯᠡᠭᠴᠢᠳ ᠪᠠᠰᠠ ᠳᠡᠰ ᠳᠠᠷᠠᠭ᠎ᠠ ᠲᠠᠢ ᠪᠠᠷ ᠰᠣᠷᠭᠤᠭ ᠴᠡᠴᠡᠭ ᠬᠦᠷᠭᠡᠵᠦ᠂ ᠳᠤᠷᠠᠰᠬᠠᠯ ᠤᠨ ᠬᠥᠰᠢᠶ᠎ᠡ ᠶᠢ ᠪᠠᠷᠠᠯᠠᠵᠤ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠠᠭᠤᠤ ᠭᠠᠪᠢᠶ᠎ᠠ ᠠᠤᠭ᠎ᠠ ᠵᠢᠳᠬᠦᠯ ᠢ ᠳᠤᠷᠠᠰᠤᠨ ᠰᠠᠨᠠᠭᠠᠯᠵᠠᠪᠠ᠃     ᠴᠡᠴᠡᠭᠲᠦ ᠰᠠᠭᠰᠤ ᠬᠦᠷᠭᠡᠬᠦ ᠶᠣᠰᠣᠯᠠᠯ ᠢ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠬᠤᠸᠠᠩ ᠯᠦᠩ ᠡᠷᠭᠢᠯᠡᠪᠡ᠃ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠤᠳᠤᠷᠢᠳᠤᠯᠭ᠎ᠠ ᠨᠠᠷ ᠶᠤᠰᠤᠯᠠᠯ ᠳᠤ ᠣᠷᠣᠯᠴᠠᠵᠤ᠂ ᠠᠬᠠᠮᠠᠳ ᠪᠠᠶᠢᠯᠳᠤᠭᠴᠢ᠂ ᠦᠷᠡᠭᠳᠡᠭᠰᠡᠨ ᠪᠠᠭᠠᠲᠤᠷᠴᠤᠳ ᠤᠨ ᠲᠥᠷᠥᠯ ᠰᠠᠳᠤᠨ ᠤ ᠲᠥᠯᠥᠭᠡᠯᠡᠭᠴᠢ᠂ ᠴᠢᠯᠥᠭᠡᠯᠡᠬᠦ ᠴᠡᠷᠢᠭ ᠪᠠ ᠵᠡᠪᠰᠡᠭᠲᠦ ᠴᠠᠭᠳᠠᠭ᠎ᠠ ᠶᠢᠨ ᠳᠠᠷᠤᠭ᠎ᠠ ᠪᠠᠶᠢᠯᠳᠤᠭᠴᠢᠳ ᠤᠨ ᠲᠥᠯᠥᠭᠡᠯᠡᠭᠴᠢ᠂ ᠤᠯᠤᠰ ᠲᠥᠷᠥ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠶᠢᠨ ᠲᠥᠯᠥᠭᠡᠯᠡᠭᠴᠢ᠂ ᠬᠤᠰᠢᠭᠤᠨ ᠤ ᠡᠯ᠎ᠡ ᠦᠨᠳᠦᠰᠦᠲᠡᠨ ᠡᠯ᠎ᠡ ᠡᠲᠡᠭᠡᠳ ᠤᠨ ᠺᠠᠳ᠋ᠷ ᠣᠯᠠᠨ ᠲᠦᠮᠡᠨ ᠣᠷᠣᠯᠴᠠᠵᠠᠶ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号