ᠥᠨᠳᠥᠷ ᠨᠠᠰᠤᠲᠠᠶ ᠨᠠᠰᠤᠲᠠᠶᠢᠴᠤᠳ ᠤᠨ ᠬᠢᠷᠢ ᠬᠡᠮ ᠤᠨ ᠭᠡᠷᠡᠴᠢᠯᠡᠯ ᠤᠨ ᠠᠵᠢᠯ ᠢ ᠬᠢᠨᠠᠮᠠᠭᠠᠶ ᠰᠠᠶᠢᠲᠤᠷ ᠬᠢᠵᠦ᠂  ᠨᠠᠷᠢᠯᠢᠭ ᠣᠨᠣᠪᠴᠢᠳᠠᠢ ᠲᠠᠷᠬᠠᠭᠠᠬᠤ ᠶᠢ ᠪᠠᠳᠣᠯᠠᠪᠠ
ᠨᠡᠶᠢᠲᠡᠯᠡᠭᠰᠡᠨ ᠴᠠᠭ᠄
2024/9/4
      ᠥᠨᠳᠥᠷ ᠨᠠᠰᠤᠲᠠᠶ  ᠨᠠᠰᠣᠳᠠᠶᠢᠴᠣᠳ ᠢ ᠬᠠᠯᠠᠮᠵᠢᠯᠠᠬᠤ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠳᠡᠳᠡᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠶᠢᠨ ᠲᠥᠯᠥᠭᠡ᠂  ᠰᠢᠪᠡᠷᠬᠦ᠋ᠷᠢᠶ᠎ᠡ ᠪᠠᠯᠭᠠᠰᠤ ᠬᠠᠷᠢᠶ᠎ᠠ ᠣᠷᠣᠨ ᠤ ᠥᠨᠳᠥᠷ ᠨᠠᠰᠤᠲᠠᠶ‌ᠨᠠᠰᠤᠲᠠᠶᠢᠴᠤᠳ ᠤᠨ ᠬᠢᠷᠢ ᠬᠡᠮ ᠤᠨ ᠭᠡᠷᠡᠴᠢᠯᠡᠯ ᠤᠨ  ᠠᠵᠢᠯ ᠢ ᠢᠳᠡᠪᠬᠢᠲᠡᠶ ᠥᠷᠨᠢᠭᠦᠯᠪᠡ᠃ ᠲᠣᠰ ᠤᠳᠠᠭᠠᠨ ᠤ ᠭᠡᠷᠡᠴᠢᠯᠡᠯ ᠨᠢ ᠬᠠᠷᠢᠶᠠᠲᠤ ᠣᠷᠣᠨ ᠤ ᠥᠨᠳᠥᠷ ᠨᠠᠰᠤᠲᠠᠶ ᠨᠠᠰᠤᠲᠠᠶᠢᠴᠤᠳ ᠤᠨ ᠵᠠᠰᠠᠭ ᠤᠨ ᠣᠷᠳᠣᠨ ᠤ ᠬᠠᠩᠭᠠᠭᠰᠠᠨ ᠡᠯ᠎ᠡ ᠵᠦᠢᠯ ᠤᠨ ᠠᠰᠠᠷᠠᠮᠵᠢ ᠶᠢᠨ ᠲᠥᠷᠥ ᠶᠢᠨ ᠪᠣᠳᠣᠯᠭ᠎ᠠ ᠪᠠ ᠬᠠᠯᠠᠮᠵᠢᠯᠠᠯ ᠤᠨ ᠦᠢᠯᠡᠴᠢᠯᠡᠭᠡ ᠶᠢ ᠤᠷᠤᠭᠰᠢᠲᠠᠶ ᠭᠥᠷᠳᠡᠬᠦ ᠶᠢ ᠦᠨᠡᠨ ᠬᠦ ᠪᠠᠲᠤᠯᠠᠬᠤ ᠶᠢᠨ ᠲᠥᠯᠥᠭᠡ ᠶᠤᠮ᠂ ᠡᠯ᠎ᠡ ᠲᠣᠰᠬᠤᠨ ᠤ ᠠᠯᠪᠠᠨ ᠠᠵᠢᠯᠲᠠᠳ ᠲᠠᠷᠢᠶᠠᠴᠢᠨ ᠡᠷᠦᠬᠡ ᠳᠤ ᠭᠦᠨᠵᠡᠭᠡᠶᠢᠷᠡᠨ᠂ ᠨᠥᠬᠦᠴᠡᠯ ᠳᠤ ᠨᠡᠶᠢᠴᠡᠬᠦ ᠨᠠᠰᠤᠲᠠᠶᠢᠴᠤᠳ ᠲᠤ ᠬᠢᠷᠢ ᠬᠡᠮ ᠤᠨ ᠭᠡᠷᠡᠴᠢᠯᠡᠯ  ᠬᠢᠪᠠ᠃      ᠰᠢᠪᠡᠷᠬᠦ᠋ᠷᠢᠶ᠎ᠡ ᠪᠠᠯᠭᠠᠰᠤ ᠥᠨᠳᠥᠷ ᠨᠠᠰᠤᠲᠠᠶ ᠨᠠᠰᠤᠲᠠᠶᠢᠴᠤᠳ ᠤᠨ ᠬᠢᠷᠢ ᠬᠡᠮ ᠤᠨ ᠭᠡᠷᠡᠴᠢᠯᠡᠯ ᠤᠨ ᠠᠵᠢᠯ ᠢ ᠨᠠᠷᠢᠨ ᠬᠢᠨᠠᠮᠠᠭᠠᠶ ᠥᠷᠨᠢᠭᠦᠯᠵᠦ᠂ ᠠᠵᠢᠯᠲᠠᠳ ᠨᠥᠬᠦᠴᠡᠯ ᠳᠤ ᠨᠡᠶᠢᠴᠡᠬᠦ ᠨᠠᠰᠤᠲᠠᠶᠢᠴᠤᠳ ᠤᠨ ᠪᠣᠳᠠᠲᠠᠶ ᠪᠠᠶᠢᠳᠠᠯ ᠢ ᠦᠨᠳᠦᠰᠦᠯᠡᠨ᠂ ᠭᠡᠷ ᠲᠤ ᠨᠢ ᠭᠥᠷᠴᠥ᠂ ᠬᠢᠷᠢ ᠬᠡᠮ ᠤᠨ ᠭᠡᠷᠡᠴᠢᠯᠡᠯ ᠤᠨ ᠶᠠᠪᠤᠴᠡ ᠪᠥᠷᠢ ᠶᠢ ᠰᠠᠶᠢᠲᠤᠷ ᠭᠥᠢᠴᠡᠳᠬᠡᠵᠥ᠂ ᠨᠠᠰᠤᠲᠠᠶᠢᠴᠤᠳ ᠵᠢᠴᠢ ᠲᠡᠳᠡᠨ ᠤ ᠬᠡᠷ ᠤᠨ ᠬᠥᠮᠦᠰ ᠲᠤ ᠣᠳᠣᠬᠠᠨ ᠤ ᠥᠨᠳᠥᠷ ᠨᠠᠰᠤᠲᠠᠶ ᠨᠠᠰᠤᠲᠠᠶᠢᠴᠤᠳ ᠤᠨ ᠭᠥᠷᠳᠡᠵᠦ ᠪᠣᠯᠬᠤ ᠡᠯ᠎ᠡ ᠵᠦᠢᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠪᠠ ᠦᠢᠯᠡᠴᠢᠯᠡᠭᠡ ᠶᠢ ᠴᠠᠭ  ᠲᠤᠬᠠᠢ ᠳᠤᠨᠢ ᠨᠠᠷᠢᠨ  ᠲᠠᠨᠢᠯᠴᠠᠭᠤᠯᠤᠨ᠂ ᠥᠨᠳᠥᠷ ᠨᠠᠰᠤᠲᠠᠶ ᠨᠠᠰᠤᠲᠠᠶᠢᠴᠤᠳ ᠤᠨ ᠬᠢᠷᠢ ᠬᠡᠮ ᠤᠨ ᠭᠡᠷᠡᠴᠢᠯᠡᠯ ᠢ ᠨᠠᠷᠢᠨ ᠬᠢᠨᠠᠮᠠᠭᠠᠶ ᠬᠢᠵᠦ᠂ ᠨᠠᠷᠢᠯᠢᠭ ᠣᠨᠣᠪᠴᠢᠳᠠᠢ ᠲᠠᠷᠬᠠᠭᠠᠬᠤ ᠶᠢ ᠪᠠᠳᠣᠯᠠᠪᠠ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号