ᠪᠤᠰᠤᠳ ᠤᠨ ᠮᠦᠷᠦᠨ ᠳᠡᠭᠡᠷ᠎ᠡ ᠵᠣᠭᠰᠤᠨ ᠬᠥᠭᠵᠢᠯᠲᠡ ᠶᠢ ᠠᠬᠢᠭᠤᠯᠵᠤ ᠪᠣᠬᠢᠷᠲᠤᠯ ᠦᠭᠡᠢ ᠪᠠᠶᠠᠵᠢᠯ ᠤᠨ ᠰᠢᠨ᠎ᠡ ᠵᠠᠮ ᠢ ᠰᠦᠪᠡᠭᠴᠢᠯᠡᠪᠡ
ᠨᠡᠶᠢᠲᠡᠯᠡᠭᠰᠡᠨ ᠴᠠᠭ᠄
2024/9/4
      ᠦᠬᠡᠷᠬᠤᠳᠳᠤᠭ ᠪᠠᠯᠭᠠᠰᠤᠨ ᠤ ᠬᠢᠲᠠᠳ ᠡᠪᠡᠰᠦᠨ ᠡᠮ ᠤᠨ ᠠᠵᠤ ᠦᠢᠯᠡᠰ ᠢᠶᠠᠷ ᠲᠠᠷᠢᠶᠠᠯᠠᠩ ᠢ ᠲᠤᠰᠠᠯᠠᠬᠤ ᠪᠠ ᠠᠵᠤ ᠦᠢᠯᠡᠰ ᠢᠶᠠᠷ ᠲᠠᠷᠢᠶᠠᠯᠠᠩ ᠢ ᠬᠥᠭᠵᠢᠭᠦᠯᠬᠦ ᠶᠢ ᠤᠯᠠᠮ ᠨᠢᠭᠡ ᠠᠯᠬᠤᠮ ᠠᠬᠢᠭᠤᠯᠵᠤ᠂ ᠦᠬᠡᠷᠬᠤᠳᠳᠤᠭ ᠤᠨ ᠣᠨᠴᠠᠯᠢᠭᠲᠤ ᠠᠵᠤ ᠦᠢᠯᠡᠰ ᠤᠨ ᠨᠡᠷᠡᠲᠦ ᠲᠡᠮᠲᠡᠭᠲᠦ ᠶᠢ ᠠᠯᠳᠠᠷᠰᠢᠭᠤᠯᠬᠤ ᠶᠢᠨ ᠲᠤᠰᠠᠳᠠ᠂ ᠦᠬᠡᠷᠬᠤᠳᠳᠤᠭ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠾᠧᠪᠸᠢ ᠮᠤᠵᠢ ᠶᠢᠨ ᠰᠢᠬᠢᠷ ᠡᠪᠡᠰᠦᠨ ᠤ ᠨᠡᠶᠢᠭᠡᠮᠯᠢᠭ ᠤᠨ ᠳᠠᠷᠤᠭ᠎ᠠ᠂ ᠾᠧᠪᠸᠢ ᠮᠤᠵᠢ ᠶᠢᠨ ᠠᠨ ᠭᠦᠸᠧ ᠬᠤᠲᠠ ᠶᠢᠨ ᠴᠢ ᠼᠦᠨ ᠲᠣᠰᠬᠤᠨ ᠤ ᠨᠠᠮ ᠤᠨ ᠡᠭᠦᠷ ᠤᠨ ᠱᠦᠵᠢ ᠴᠧᠨ ᠽᠢ ᠸᠧᠨ ᠨᠠᠷ ᠢ ᠤᠷᠢᠵᠤ ᠳᠠᠷᠬᠠᠨ ᠮᠣᠣᠮᠢᠩᠭᠠᠨ ᠬᠤᠰᠢᠭᠤᠨ ᠤ ᠦᠬᠡᠷᠬᠤᠳᠳᠤᠭ ᠪᠠᠯᠭᠠᠰᠤᠨ ᠳᠤ ︽ᠦᠬᠡᠷᠬᠤᠳᠳᠤᠭ ᠪᠠᠯᠭᠠᠰᠤ — ᠠᠨ ᠭᠦᠸᠧ ᠬᠤᠲᠠ ᠶᠢᠨ ᠴᠢ ᠼᠦᠨ ᠲᠣᠰᠬᠤᠨ︾ ᠬᠢᠲᠠᠳ ᠡᠪᠡᠰᠦᠨ ᠡᠮ ᠤᠨ ᠠᠵᠤ ᠦᠢᠯᠡᠰ ᠤᠨ ᠬᠥᠭᠵᠢᠯᠲᠡ ᠶᠢᠨ ᠲᠤᠬᠠᠶ ᠰᠠᠨᠠᠯ ᠢᠶᠠᠨ ᠭᠦᠨᠵᠡᠭᠡᠶ ᠰᠣᠯᠢᠯᠴᠠᠪᠠ᠃ ᠦᠬᠡᠷᠬᠤᠳᠳᠤᠭ ᠪᠠᠯᠭᠠᠰᠤᠨ ᠤ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ᠂ ᠬᠢᠲᠠᠳ ᠡᠪᠡᠰᠦᠨ ᠡᠮ ᠤᠨ ᠲᠠᠷᠢᠮᠠᠯ ᠤᠨ ᠲᠤᠮᠤ ᠡᠷᠦᠬᠡ᠂ ᠲᠠᠷᠢᠶᠠᠯᠠᠩ ᠮᠠᠯ ᠠᠵᠤ ᠠᠬᠤᠢ ᠶᠢᠨ ᠬᠤᠷᠰᠢᠶᠠᠵᠢᠯ ᠤᠨ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠪᠠ᠃      ᠦᠬᠡᠷᠬᠤᠳᠳᠤᠭ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠵᠠᠩ ᠵᠧᠨ ᠢᠯᠡᠷᠬᠡᠶᠢᠯᠡᠬᠦ ᠳᠤ ᠪᠠᠨ᠂ ᠦᠬᠡᠷᠬᠤᠳᠳᠤᠭ ᠪᠠᠯᠭᠠᠰᠤ ᠶᠠᠭ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ ᠪᠠᠶᠢᠨ᠎ᠠ᠂ ᠲᠣᠰ ᠪᠡᠶ᠎ᠡ ᠶᠢᠨ ᠤᠨᠴᠠᠯᠢᠭᠳᠤ ᠳᠠᠪᠠᠭᠤᠯᠢᠭ ᠠᠵᠤ ᠦᠢᠯᠡᠰ ᠢᠶᠠᠨ ᠡᠵᠡᠮᠳᠡᠵᠦ᠂ ᠴᠢᠨᠠᠷ ᠰᠠᠶᠢᠲᠠᠶ ᠬᠤᠨᠴᠢᠷ ᠢᠶᠠᠷ ᠭᠤᠤᠯ ᠪᠣᠯᠭᠠᠭᠰᠠᠨ ᠬᠢᠲᠠᠳ ᠡᠪᠡᠰᠦᠨ ᠡᠮ ᠳᠠᠷᠢᠬᠤ᠂ ᠡᠳ᠋ᠰᠢᠭᠦᠯᠬᠦ ᠪᠣᠯ ᠲᠡᠭᠦᠨ ᠤ ᠳᠣᠲᠣᠷᠠᠬᠢ ᠨᠢᠭᠡᠨ ᠴᠢᠬᠤᠯᠠ ᠲᠠᠯ᠎ᠠ ᠮᠥᠨ᠂ ᠠᠨ ᠭᠦᠸᠧ ᠬᠤᠲᠠ ᠶᠢᠨ ᠴᠢ ᠼᠦᠨ ᠲᠣᠰᠬᠤᠨ ᠤ ᠠᠷᠠᠳ ᠤᠨ ᠵᠥᠪᠯᠡᠯ ᠤᠨ ᠦᠬᠡᠷᠬᠤᠳᠳᠤᠭ ᠪᠠᠯᠭᠠᠰᠤᠨ ᠳᠤ ᠢᠯᠡᠭᠦᠬᠡᠨ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠴᠤ᠂ ᠬᠢᠲᠠᠳ ᠡᠪᠡᠰᠦᠨ ᠡᠮ ᠪᠦᠳᠦᠭᠦᠯᠢᠭ ᠡᠳ᠋ᠰᠢᠭᠦᠯᠬᠦ ᠰᠠᠭᠤᠷᠢᠨ ᠭᠠᠵᠠᠷ ᠤᠨ ᠲᠥᠷᠥᠯ ᠵᠦᠢᠯ ᠢ ᠤᠯᠠᠮ ᠨᠢᠭᠡ ᠠᠯᠬᠤᠮ ᠰᠤᠳᠤᠯᠤᠨ ᠶᠠᠷᠢᠯᠴᠠᠵᠤ ᠂ ᠮᠠᠨ ᠤ ᠪᠠᠯᠭᠠᠰᠤᠨ ᠤ ᠤᠨᠴᠠᠯᠢᠬᠳᠤ ᠬᠢᠲᠠᠳ ᠡᠪᠡᠰᠦᠨ ᠡᠮ ᠤᠨ ᠠᠵᠤ ᠦᠢᠯᠡᠰ ᠢ ᠪᠠᠶᠢᠭᠤᠯᠬᠤ ᠳᠤ ᠮᠡᠷᠭᠡᠵᠢᠯ ᠤᠨ ᠵᠢᠯᠣᠭᠤᠳᠣᠯᠭ᠎ᠠ ᠪᠠ ᠪᠣᠷᠣᠯᠠᠭᠤᠯᠭ᠎ᠠ ᠶᠢᠨ ᠠᠷᠭ᠎ᠠ ᠵᠠᠮ ᠬᠠᠩᠭᠠᠬᠤ ᠶᠢ ᠬᠦᠰᠡᠵᠦ ᠪᠠᠶᠢᠨ᠎ᠠ ᠭᠡᠵᠡᠶ᠃ ᠦᠬᠡᠷᠬᠤᠳᠳᠤᠭ ᠪᠠᠯᠭᠠᠰᠤ ᠬᠢᠲᠠᠳ ᠡᠪᠡᠰᠦᠨ ᠡᠮ ᠲᠠᠷᠢᠬᠤ ᠲᠠᠯ᠎ᠠ ᠪᠠᠷ ᠣᠨᠴᠠᠭᠠᠢ ᠠᠭᠤᠷ ᠠᠮᠢᠰᠬᠤᠯ ᠪᠠ ᠭᠠᠵᠠᠷ ᠰᠢᠷᠣᠢ ᠶᠢᠨ ᠨᠥᠬᠦᠴᠡᠯ ᠲᠠᠢ ᠪᠠᠶᠢᠬᠤ ᠶᠢᠨ ᠳᠡᠭᠡᠷ᠎ᠡ ᠬᠦᠨᠳᠦ ᠲᠡᠮᠦᠷᠯᠢᠭ ᠤᠨ ᠪᠣᠬᠢᠷᠲᠤᠯ ᠪᠠᠭ᠎ᠠ᠂ ᠡᠯᠡᠰᠦᠷᠬᠡᠭ ᠬᠦᠷᠦᠰᠦᠨ ᠳᠤ ᠠᠰᠢᠭᠲᠤ ᠡᠷᠦᠳᠡᠰᠦ ᠶᠢᠨ ᠠᠭᠤᠯᠤᠭᠳᠠᠴᠠ ᠥᠨᠳᠥᠷ ᠪᠠᠶᠢᠵᠤ᠂ ᠬᠤᠨᠴᠢᠷ᠂ ᠰᠢᠬᠢᠷ ᠡᠪᠡᠰᠦ ᠵᠡᠷᠭᠡ ᠬᠢᠲᠠᠳ ᠡᠪᠡᠰᠦᠨ ᠡᠮ ᠳᠠᠷᠢᠬᠤ ᠳᠤ ᠮᠠᠰᠢ ᠲᠣᠬᠢᠷᠠᠮᠵᠢᠲᠠᠢ ᠶᠤᠮ᠃ ᠣᠳᠣᠬᠠᠨ ᠳᠤ᠂ ᠪᠥᠬᠦ ᠪᠠᠯᠭᠠᠰᠤᠨ ᠤ ᠬᠡᠪᠴᠢᠶᠡᠨ ᠳᠤ ᠬᠤᠨᠴᠢᠷ᠂ ᠪᠣᠷᠴᠠ ᠡᠪᠡᠰᠦ ᠵᠡᠷᠭᠡ ᠬᠢᠲᠠᠳ ᠡᠪᠡᠰᠦᠨ ᠡᠮ ᠤᠨ ᠮᠠᠲ᠋ᠧᠷᠢᠶᠠᠯ ᠢ ᠨᠢᠭᠡᠨᠲᠡ 2 ᠲᠦᠮᠡ ᠭᠠᠷᠤᠶ ᠮᠥ ᠳᠠᠷᠢᠵᠤ ᠪᠠᠶᠢᠨ᠎ᠠ᠃      ᠬᠤᠷᠠᠯ ᠤᠨ ᠳᠠᠷᠠᠭ᠎ᠠ᠂ ᠴᠧᠨ ᠽᠢ ᠸᠧᠨ ᠨᠠᠷ ᠦᠬᠡᠷᠬᠤᠳᠳᠤᠭ ᠪᠠᠯᠭᠠᠰᠤᠨ ᠤ ᠬᠤᠨᠴᠢᠷ᠂ ᠪᠣᠷᠴᠠ ᠡᠪᠡᠰᠦᠨ ᠤ ᠲᠠᠷᠢᠮᠠᠯ ᠤᠨ ᠪᠠᠶᠢᠳᠠᠯ ᠢ ᠲᠤᠬᠠᠢ ᠶᠢᠨ ᠭᠠᠵᠠᠷ ᠲᠤ ᠨᠢ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠬᠤ ᠶᠢᠨ ᠬᠠᠮᠲᠤ ᠲᠤᠬᠠᠢ ᠶᠢᠨ ᠭᠠᠵᠠᠷ ᠤᠨ ᠲᠣᠰᠬᠤᠨ ᠤ ᠬᠤᠶᠠᠷ ᠵᠥᠪᠯᠡᠯ ᠤᠨ ᠭᠡᠰᠢᠭᠦᠨ᠂ ᠲᠠᠷᠢᠵᠤ ᠪᠦᠬᠦᠢ ᠠᠷᠠᠳ ᠲᠤ ᠲᠠᠷᠢᠬᠤ ᠮᠡᠷᠭᠡᠵᠢᠯ ᠪᠣᠯᠤᠨ ᠠᠩᠬᠠᠷᠬᠤ ᠵᠦᠢᠯ ᠢ ᠲᠠᠶᠢᠯᠪᠤᠷᠢᠯᠠᠪᠠ᠃      ᠪᠠᠶᠢᠴᠠᠭᠠᠨ ᠰᠤᠳᠤᠯᠬᠤ ᠶᠠᠪᠤᠴᠠ ᠳᠤ᠂ ᠴᠧᠨ ᠽᠢ ᠸᠧᠨ᠂ ᠵᠠᠩ ᠵᠧᠨ ᠪᠠ ᠬᠡᠰᠡᠭ ᠲᠣᠰᠬᠤᠨ ᠤ ᠨᠠᠮ ᠤᠨ ᠡᠭᠦᠷ ᠤᠨ ᠱᠦᠵᠢ ᠲᠠᠷᠢᠶᠠᠨ ᠭᠠᠵᠠᠷ ᠲᠤ ᠭᠦᠨᠵᠡᠭᠡᠶᠢᠷᠡᠵᠦ᠂ ᠬᠤᠨᠴᠢᠷ᠂ ᠪᠣᠷᠴᠠ ᠡᠪᠡᠰᠦᠨ ᠤ ᠤᠷᠭᠤᠯᠳᠠ ᠶᠢᠨ ᠪᠠᠶᠢᠳᠠᠯ ᠢ ᠨᠠᠷᠢᠨ ᠬᠢᠨᠠᠮᠠᠭᠠᠢ ᠠᠵᠢᠭᠯᠠᠵᠤ᠂ ᠲᠡᠳᠡᠨ ᠤ ᠲᠠᠷᠢᠬᠤ ᠣᠷᠴᠢᠨ ᠲᠣᠭᠤᠷᠢᠨ᠂ ᠬᠥᠷᠥᠰᠥ ᠰᠢᠷᠣᠢ ᠶᠢᠨ ᠨᠥᠬᠦᠴᠡᠯ᠂ ᠪᠤᠷᠳᠤᠭᠤᠷ ᠣᠷᠣᠭᠤᠯᠵᠤ ᠤᠰᠤᠯᠠᠬᠤ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠨᠠᠷᠢᠨ ᠣᠶᠢᠯᠠᠭᠠᠪᠠ᠃ ᠲᠣᠰᠬᠤᠨ ᠤ ᠨᠠᠮ ᠤᠨ ᠡᠭᠦᠷ ᠤᠨ ᠱᠦᠵᠢ ᠨᠠᠷ ᠬᠢᠲᠠᠳ ᠡᠪᠡᠰᠦᠨ ᠡᠮ ᠲᠠᠷᠢᠭᠰᠠᠨ ᠠᠴᠠ ᠨᠠᠭᠠᠰᠢᠬᠢ ᠬᠤᠷᠠᠮᠳᠤᠭᠤᠯᠤᠭᠰᠠᠨ ᠲᠤᠷᠰᠢᠯᠭ᠎ᠠ ᠪᠠ ᠠᠷᠭ᠎ᠠ ᠬᠢᠳᠡᠯ ᠢᠶᠠᠨ ᠬᠠᠯᠠᠭᠤᠮᠰᠤᠭ ᠢᠶᠠᠷ ᠬᠤᠪᠢᠶᠠᠯᠴᠠᠵᠤ᠂ ᠬᠡᠷᠬᠢᠨ ᠦᠷ᠎ᠡ ᠰᠣᠩᠭᠤᠵᠣ ᠴᠢᠬᠢ ᠪᠤᠶᠢᠵᠢᠭᠤᠯᠬᠤ᠂ ᠬᠡᠷᠬᠢᠨ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠵᠢᠴᠢ ᠤᠨᠠᠯᠲᠠ ᠶᠢ ᠳᠡᠭᠡᠭᠰᠢᠯᠡᠭᠦᠯᠬᠦ ᠵᠡᠷᠭᠡ ᠲᠠᠯ᠎ᠠ ᠶᠢᠨ ᠬᠡᠷᠡᠭᠯᠡᠭᠡᠨ ᠤ ᠤᠷ᠎ᠠ ᠮᠡᠷᠭᠡᠵᠢᠯ ᠢ ᠪᠠᠭᠲᠠᠭᠠᠭᠰᠠᠨ ᠪᠠᠶᠢᠪᠠ᠃ ᠴᠧᠨ ᠽᠢ ᠸᠧᠨ ᠲᠣᠰᠬᠤᠨ ᠤ ᠨᠠᠮ ᠤᠨ ᠡᠭᠦᠷ ᠤᠨ ᠱᠦᠵᠢ ᠶᠢᠨ ᠳᠤᠷᠠᠳᠤᠭᠰᠠᠨ ᠠᠰᠠᠭᠤᠳᠠᠯ ᠳᠤ ᠴᠢᠭᠯᠡᠭᠦᠯᠦᠨ ᠲᠤᠬᠠᠢ ᠶᠢᠨ ᠲᠠᠯᠠᠪᠠᠢ ᠳᠤ ᠬᠠᠷᠢᠭᠤᠯᠲᠠ ᠥᠭᠴᠦ ᠵᠢᠯᠤᠭᠤᠳᠤᠯᠭ᠎ᠠ ᠬᠢᠭᠰᠡᠨ ᠪᠥᠭᠡᠳ ᠰᠢᠨᠵᠢᠯᠡᠬᠦ ᠤᠬᠠᠭᠠᠨᠴᠢ ᠪᠠᠷ ᠲᠠᠷᠢᠬᠤ᠂ ᠵᠢᠷᠤᠮᠵᠢᠭᠤᠯᠤᠨ ᠬᠠᠮᠢᠶᠠᠷᠬᠤ ᠶᠢᠨ ᠴᠢᠬᠤᠯᠠ ᠴᠢᠨᠠᠷ ᠢ ᠴᠢᠩᠭᠠᠳᠬᠠᠪᠠ᠃ ᠡᠭᠦᠨ ᠤ ᠬᠠᠮᠲᠤ ᠪᠠᠰᠠ ᠬᠠᠮᠤᠭ ᠤᠨ ᠰᠢᠨ᠎ᠡ ᠲᠠᠷᠢᠮᠠᠯ ᠤᠨ ᠮᠡᠷᠭᠡᠵᠢᠯ ᠪᠣᠯᠤᠨ ᠬᠠᠮᠢᠶᠠᠷᠤᠯᠲᠠ ᠶᠢᠨ ᠬᠡᠪ ᠵᠠᠭᠪᠤᠷ ᠢ ᠲᠠᠨᠢᠯᠴᠠᠭᠤᠯᠵᠤ᠂ ᠦᠬᠡᠷᠬᠤᠳᠳᠤᠭ ᠪᠠᠯᠭᠠᠰᠤᠨ ᠤ ᠡᠯ᠎ᠡ ᠲᠣᠰᠬᠤᠨ ᠤ ᠬᠤᠶᠠᠷ ᠵᠥᠪᠯᠡᠯ ᠤᠨ ᠭᠡᠰᠢᠭᠦᠨ ᠪᠠ ᠲᠠᠷᠢᠮᠠᠯ ᠤᠨ ᠡᠷᠦᠬᠡ ᠳᠤ ᠰᠢᠨ᠎ᠡ ᠰᠡᠳᠭᠢᠮᠵᠢ ᠶᠢ ᠨᠢ ᠥᠷᠭᠡᠳᠬᠡᠪᠡ᠃      ᠲᠠᠷᠠᠭᠠᠴᠢ ᠶᠢᠨ ᠠᠯᠬᠤᠮ ᠳᠤ᠂ ᠦᠬᠡᠷᠬᠤᠳᠳᠤᠭ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠨ ᠭᠦᠸᠧ ᠬᠤᠲᠠ ᠶᠢᠨ ᠴᠢ ᠼᠦᠨ ᠲᠣᠰᠬᠤᠨ ᠯᠤᠭ᠎ᠠ ᠶᠢᠨ ᠶᠠᠪᠤᠯᠴᠠᠭ᠎ᠠ ᠬᠠᠷᠢᠯᠴᠠᠭ᠎ᠠ ᠪᠠᠨ ᠦᠷᠭᠦᠯᠵᠢᠯᠡᠨ ᠴᠢᠩᠭᠠᠷᠠᠭᠤᠯᠵᠤ᠂ ᠦᠬᠡᠷᠬᠤᠳᠳᠤᠭ ᠪᠠᠯᠭᠠᠰᠤᠨ ᠤ ᠬᠢᠲᠠᠳ ᠡᠪᠡᠰᠦᠨ ᠡᠮ ᠳᠠᠷᠢᠬᠤ᠂ ᠡᠳ᠋ᠰᠢᠭᠦᠯᠬᠦ ᠮᠡᠷᠭᠡᠵᠢᠯ ᠤᠨ ᠵᠢᠯᠣᠭᠤᠳᠣᠯᠭ᠎ᠠ ᠪᠠ ᠲᠥᠷᠥᠯ ᠵᠦᠢᠯ ᠤᠨ ᠵᠣᠯᠭᠠᠯᠴᠠᠭ᠎ᠠ ᠪᠠᠨ ᠴᠢᠩᠭᠠᠳᠬᠠᠵᠤ᠂ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠶᠡᠭᠡ ᠪᠠᠷ ᠵᠣᠬᠢᠶᠠᠨ ᠪᠠᠶᠢᠭᠤᠯᠵᠤ ᠦᠬᠡᠷᠬᠤᠳᠳᠤᠭ ᠪᠠᠯᠭᠠᠰᠤᠨ ᠤ ᠤᠨᠴᠠᠯᠢᠬᠳᠤ ᠬᠢᠲᠠᠳ ᠡᠪᠡᠰᠦᠨ ᠡᠮ ᠤᠨ ᠠᠵᠤ ᠦᠢᠯᠡᠰ ᠤᠨ ᠬᠥᠭᠵᠢᠯᠲᠡ ᠳᠤ ᠠᠷᠭ᠎ᠠ ᠤᠬᠠᠭᠠᠨ ᠭᠠᠷᠭᠠᠵᠤ᠂ ᠦᠬᠡᠷᠬᠤᠳᠳᠤᠭ ᠪᠠᠯᠭᠠᠰᠤᠨ ᠤ ᠬᠢᠲᠠᠳ ᠡᠪᠡᠰᠦᠨ ᠡᠮ ᠤᠨ ᠲᠠᠷᠢᠮᠠᠯ ᠤᠨ ᠪᠦᠲᠦᠴᠡ ᠶᠢᠨ ᠲᠠᠰ ᠳᠡᠪᠰᠢᠬᠦ ᠶᠢ ᠴᠢᠷᠮᠠᠶᠢᠨ ᠠᠬᠢᠭᠤᠯᠬᠤ ᠪᠣᠯᠣᠨ᠎ᠠ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号