ᠰᠢᠪᠠᠷᠬᠦᠷᠢᠶ᠎ᠡ ᠪᠠᠯᠭᠠᠰᠤ᠄ ᠣᠯᠠᠨ ᠠᠷᠭ᠎ᠠ ᠬᠡᠮᠵᠢᠶ᠎ᠡ ᠠᠪᠴᠤ ᠬᠥᠳᠡᠭᠡ ᠲᠣᠰᠬᠤᠨ ᠤ ᠬᠠᠮᠲᠤ ᠶᠢᠨ ︽ᠭᠤᠷᠪᠠᠨ ᠪᠡᠯᠡ︾ ᠶᠢᠨ ᠬᠠᠮᠢᠶᠠᠷᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠬᠠᠮᠲᠤ ᠪᠠᠷ ᠬᠦᠴᠦᠯᠡᠨ ᠠᠬᠢᠭᠤᠯᠪᠠ
ᠨᠡᠶᠢᠲᠡᠯᠡᠭᠰᠡᠨ ᠴᠠᠭ᠄
2024/9/4
      ᠬᠥᠳᠡᠭᠡ ᠲᠣᠰᠬᠤᠨ ᠤ ᠬᠠᠮᠲᠤ ᠶᠢᠨ ︽ᠭᠤᠷᠪᠠᠨ ᠪᠡᠯᠡ︾ ᠶᠢᠨ ᠬᠠᠮᠢᠶᠠᠷᠤᠯᠲᠠ ᠶᠢᠨ ᠠᠵᠢᠯ ᠢ ᠥᠪᠡᠰᠦᠪᠡᠨ ᠪᠠᠶᠢᠴᠠᠭᠠᠵᠤ ᠲᠤᠰᠬᠠᠶ ᠴᠡᠭᠴᠡᠯᠡᠨ ᠵᠠᠰᠠᠬᠤ ᠠᠵᠢᠯ ᠢ ᠥᠷᠨᠢᠭᠦᠯᠦᠭᠰᠡᠨ ᠠᠴᠠ ᠨᠠᠭᠠᠰᠢ᠂ ᠰᠢᠪᠠᠷᠬᠦᠷᠢᠶ᠎ᠡ ᠪᠠᠯᠭᠠᠰᠤ ᠪᠠᠯᠭᠠᠰᠦ ᠲᠣᠰᠬᠤᠨ ᠬᠤᠯᠪᠣᠭᠠᠯᠠᠨ ᠬᠥᠳᠡᠯᠦᠯᠴᠡᠵᠦ᠂ ᠺᠠᠳ᠋ᠷ ᠣᠯᠠᠨ ᠲᠦᠮᠡᠨ ᠰᠡᠳᠬᠢᠯ ᠨᠢᠭᠡᠳᠦᠨ ᠬᠦᠴᠦᠯᠡᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠪᠣᠳᠠᠲᠤ ᠦᠷ᠎ᠡ ᠪᠦᠲᠦᠮᠵᠢ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ᠠᠰᠢᠭ ᠣᠷᠣᠯᠭ᠎ᠠ ᠶᠢ ᠣᠯᠵᠤ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ᠂ ᠣᠳᠣᠬᠠᠨ ᠳᠤ ᠵᠠᠰᠠᠵᠤ ᠣᠷᠳᠣ ᠬᠤᠭᠤᠴᠠᠭ᠎ᠠ ᠪᠠᠷ ᠬᠠᠮᠢᠶᠠᠷᠬᠤ︾ ᠠᠵᠢᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠵᠦ ᠬᠠᠷᠢᠭᠤᠴᠠᠯᠭ᠎ᠠ ᠪᠠᠨ ᠲᠣᠳᠣᠷᠬᠠᠶᠢᠯᠠᠨ᠂ ᠦᠨᠡᠨ ᠢ ᠪᠠᠷᠢᠮᠲᠠᠯᠠᠨ ᠬᠠᠲᠠᠭᠤ ᠲᠠᠢ ᠬᠠᠯᠳᠠᠵᠤ᠂ ᠲᠤᠰᠬᠠᠶ ᠴᠡᠭᠴᠡᠯᠡᠨ ᠵᠠᠰᠠᠬᠤ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠪᠠ᠃      ᠨᠢᠭᠡ᠂ ᠵᠠᠳᠠᠯᠤᠨ ᠰᠤᠳᠤᠯᠵᠤ ᠮᠠᠭᠠᠳᠯᠠᠬᠤ ᠴᠢᠭᠯᠡᠯ      ᠬᠥᠳᠡᠭᠡ ᠲᠣᠰᠬᠤᠨ ᠤ ᠬᠠᠮᠲᠤ ᠶᠢᠨ ︽ᠭᠤᠷᠪᠠᠨ ᠪᠡᠯᠡ︾ ᠶᠢᠨ ᠬᠠᠮᠢᠶᠠᠷᠤᠯᠲᠠ ᠶᠢᠨ ᠠᠵᠢᠯᠲᠠᠨ ᠪᠠ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠡᠳ᠋ ᠤᠨ ᠶᠠᠪᠤᠳᠠᠯ ᠤᠨ ᠲᠣᠭᠠᠴᠠᠭ᠎ᠠ ᠬᠢᠬᠦ ᠠᠵᠢᠯᠲᠠᠨ ᠤ ᠲᠤᠬᠠᠶᠢᠯᠠᠭᠰᠠᠨ ᠠᠵᠢᠯ ᠤᠨ ᠬᠡᠪ ᠴᠢᠨᠠᠷ ᠢ ᠴᠢᠩᠭᠠᠳᠬᠠᠵᠤ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠲᠤᠰᠬᠠᠢ ᠮᠡᠷᠭᠡᠵᠢᠯ ᠤᠨ ᠮᠡᠳᠡᠯᠭᠡ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠬᠠᠮᠲᠤ ᠶᠢᠨ ᠪᠡᠯᠡ ᠮᠥᠩᠭᠦ᠂ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠦᠷᠭᠦᠯᠵᠢᠯᠡᠬᠦ ᠬᠥᠭᠵᠢᠯᠲᠡ ᠶᠢ ᠠᠬᠢᠭᠤᠯᠵᠤ᠂ ᠰᠢᠪᠠᠷᠬᠦᠷᠢᠶ᠎ᠡ ᠪᠠᠯᠭᠠᠰᠤ ᠶᠢᠨ ᠬᠢᠨ ᠪᠦᠬᠦ ᠪᠠᠯᠭᠠᠰᠤᠨ ᠤ ︽ᠭᠤᠷᠪᠠᠨ ᠪᠡᠯᠡ︾ ᠶᠢᠨ ᠬᠠᠮᠢᠶᠠᠷᠤᠯᠲᠠ ᠶᠢᠨ ᠠᠵᠢᠯ ᠢ ᠡᠷᠬᠢᠯᠡᠵᠦ ᠪᠠᠶᠢᠭ᠎ᠠ ᠠᠵᠢᠯᠲᠠᠨ ᠢ ᠵᠤᠬᠢᠶᠠᠨ ᠪᠠᠶᠢᠭᠤᠯᠵᠤ ᠪᠦᠬᠦ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ︽ᠭᠤᠷᠪᠠᠨ ᠪᠡᠯᠡ︾ ᠶᠢᠨ ᠬᠠᠮᠢᠶᠠᠷᠤᠯᠲᠠ ᠶᠢᠨ ᠸᠢᠳᠢᠣ᠋ ᠪᠣᠯᠪᠠᠰᠤᠷᠠᠯ ᠤᠨ ᠬᠤᠷᠠᠯ ᠳᠤ ᠤᠷᠤᠯᠴᠠᠵᠣ᠂   ᠪᠠᠯᠭᠠᠰᠤ ᠲᠣᠰᠬᠤᠨ ᠬᠤᠶᠠᠷ ᠱᠠᠲᠤᠨ ᠤ ︽ᠭᠤᠷᠪᠠᠨ ᠪᠡᠯᠡ︾ ᠶᠢ ᠲᠤᠰᠬᠠᠶ ᠴᠡᠭᠴᠡᠯᠡᠬᠦ ᠠᠵᠢᠯ ᠤᠨ ᠳᠤᠭᠤᠶᠢᠯᠠᠩ ᠪᠠᠶᠢᠭᠤᠯᠵᠤ᠂ ᠠᠵᠢᠯ ᠤᠨ ᠦᠷ᠎ᠡ ᠪᠦᠲᠦᠮᠵᠢ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠲᠠᠷᠠᠭᠠᠴᠢ ᠶᠢᠨ ᠠᠯᠬᠤᠮ ᠤᠨ ᠲᠥᠯᠥᠪᠯᠡᠭᠡ ᠶᠢ ᠪᠠᠶᠢᠭᠤᠯᠵᠤ᠂ ᠤᠯᠠᠨ ᠤ ᠤᠬᠠᠭᠠᠨ ᠬᠠᠮᠲᠤ ᠶᠢᠨ ᠬᠦᠴᠦᠨ ᠢᠶᠠᠷ ᠬᠦᠴᠢᠷ ᠲᠦᠪᠡᠭᠲᠡᠢ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠲᠣᠰᠬᠤᠨ ᠬᠤᠪᠢᠶᠠᠨ ᠬᠡᠷᠡᠭᠵᠢᠭᠦᠯᠬᠦ ᠲᠥᠰᠦᠯ ᠲᠣᠭᠲᠠᠭᠠᠵᠤ᠂ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠪᠠ ᠬᠠᠷᠠᠯᠲᠠ ᠶᠢ ᠲᠣᠳᠣᠷᠬᠠᠶᠢᠯᠠᠵᠤ᠂ ᠠᠵᠢᠯ ᠤᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠭᠠᠳᠬᠠᠨ ᠪᠣᠳᠠᠲᠠᠶᠢᠵᠢᠭᠤᠯᠪᠠ᠃      ᠬᠤᠶᠠᠷ᠂ ᠰᠢᠷᠭᠠᠭᠤ ᠬᠠᠲᠠᠭᠤᠵᠢᠯᠲᠠᠶ ᠠᠵᠢᠯᠯᠠᠵᠤ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ      ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠢᠢᠳᠪᠦᠷᠢᠯᠡᠬᠦ ᠰᠡᠳᠬᠢᠬᠦᠶ ᠶᠢ ᠪᠣᠶ ᠪᠣᠯᠭᠠᠵᠤ᠂ ᠮᠠᠨ ᠤ ᠪᠠᠯᠭᠠᠰᠤᠨ ᠤ ︽ᠭᠤᠷᠪᠠᠨ ᠪᠡᠯᠡ︾ ᠶᠢᠨ ᠠᠵᠢᠯᠲᠠᠳ ᠪᠣᠯᠤᠨ ᠲᠣᠰᠬᠤᠨ ᠤ ︽ᠬᠤᠶᠠᠷ ᠵᠥᠪᠯᠡᠯ︾ ᠨᠢᠭᠲᠠ ᠬᠠᠮᠵᠢᠯᠴᠠᠵᠤ᠂ ᠬᠠᠮᠵᠢᠯᠴᠠᠨ ᠬᠦᠴᠦᠯᠡᠵᠦ᠂ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠪᠠᠶᠢᠴᠠᠭᠠᠨ ᠰᠤᠳᠤᠯᠬᠤ ᠳᠤᠭᠤᠶᠢᠯᠠᠩ ᠤᠨ ᠮᠠᠨ ᠤ ᠪᠠᠯᠭᠠᠰᠤᠨ ᠤ ︽ᠭᠤᠷᠪᠠᠨ ᠪᠡᠯᠡ︾ ᠶᠢᠨ ᠠᠵᠢᠯ ᠳᠤ ᠳᠤᠷᠠᠳᠤᠭᠰᠠᠨ ᠲᠣᠰᠬᠤᠨ ᠤ ᠱᠠᠲᠤᠨ ᠤ ᠲᠦᠷᠢᠮ ᠤᠨ ᠪᠠᠶᠢᠭᠤᠯᠤᠯᠲᠠ᠂ ᠪᠠᠯᠠ ᠮᠥᠩᠭᠦ ᠶᠢᠨ ᠬᠠᠮᠢᠶᠠᠷᠤᠯᠲᠠ᠂ ᠡᠬᠢ ᠪᠠᠶᠠᠯᠢᠭ ᠤᠨ ᠬᠠᠮᠢᠶᠠᠷᠤᠯᠲᠠ᠂ ᠡᠳ᠋ ᠬᠥᠷᠥᠩᠭᠡ ᠶᠢᠨ ᠬᠠᠮᠢᠶᠠᠷᠤᠯᠲᠠ ᠶᠢᠨ ︽ᠭᠤᠷᠪᠠᠨ ᠪᠡᠯᠡ︾ ᠶᠢᠨ ᠠᠰᠠᠭᠤᠳᠠᠯ ᠢ ᠮᠥᠷᠳᠡᠨ ᠴᠡᠭᠴᠡᠯᠡᠨ ᠰᠠᠶᠢᠵᠢᠷᠠᠭᠤᠯᠬᠤ᠂ ᠬᠥᠳᠡᠭᠡ ᠲᠣᠰᠬᠤᠨ ᠤ ᠬᠠᠮᠲᠤ ᠶᠢᠨ ︽ᠭᠤᠷᠪᠠᠨ ᠪᠡᠯᠡ︾ ᠶᠢᠨ ᠲᠠᠪᠴᠠᠩ ᠤᠨ ᠬᠠᠮᠢᠶᠠᠷᠤᠯᠲᠠ ᠶᠢᠨ ᠪᠠᠶᠢᠳᠠᠯ᠂ ᠲᠣᠭᠲᠠᠮᠠᠯ ᠡᠳ᠋ ᠬᠥᠷᠥᠩᠭᠡ ᠶᠢᠨ ᠡᠬᠡ ᠲᠠᠩᠰᠠ ᠵᠡᠷᠭᠡ ᠲᠠᠯ᠎ᠠ ᠪᠠᠷ ᠲᠤᠰᠬᠠᠶ ᠴᠡᠭᠴᠡᠯᠡᠨ ᠵᠠᠰᠠᠬᠤ ᠶᠢ ᠠᠬᠢᠭᠤᠯᠬᠤ ᠶᠠᠪᠤᠴᠠ ᠳᠤ ᠲᠤᠯᠭᠠᠷᠠᠭᠰᠠᠨ ︽ᠬᠦᠴᠢᠷ ᠠᠰᠠᠭᠤᠳᠠᠯ︾ ᠢ ᠮᠥᠷᠳᠡᠨ ᠴᠡᠭᠴᠡᠯᠡᠨ ᠰᠠᠶᠢᠵᠢᠷᠠᠭᠤᠯᠬᠤ᠂ ᠪᠥᠬᠦ ᠬᠦᠴᠦᠨ ᠢᠶᠠᠷ ᠢᠶᠠᠨ ᠴᠢᠷᠮᠠᠶᠢᠵᠤ᠂ ᠲᠦᠭᠵᠢᠷᠡᠯ ᠤᠨ ᠠᠰᠠᠭᠤᠳᠠᠯ ᠢ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠬᠥᠳᠡᠭᠡ ᠲᠣᠰᠬᠤᠨ ᠤ ︽ᠭᠤᠷᠪᠠᠨ ᠪᠡᠯᠡ︾ ᠶᠢ ᠴᠡᠭᠴᠡᠯᠡᠨ ᠰᠠᠶᠢᠵᠢᠷᠠᠭᠤᠯᠬᠤ ᠶᠢ ᠳᠠᠬᠢᠨ ᠲᠦᠷᠭᠡᠳᠬᠡᠵᠦ᠂ ᠦᠷ᠎ᠡ ᠪᠦᠲᠦᠮᠵᠢ ᠶᠢ ᠳᠠᠬᠢᠨ ᠳᠡᠭᠡᠭᠰᠢᠯᠡᠭᠦᠯᠵᠦ᠂ ᠬᠢᠨᠠᠯᠲᠠ ᠬᠠᠮᠢᠶᠠᠷᠤᠯᠲᠠ ᠶᠢᠨ ᠪᠠᠲᠤᠯᠠᠭ᠎ᠠ ᠶᠢ ᠳᠠᠬᠢᠨ ᠴᠢᠩᠭᠠᠳᠬᠠᠵᠤ᠂ ᠬᠥᠳᠡᠭᠡ ᠲᠣᠰᠬᠤᠨ ᠤ ︽ᠭᠤᠷᠪᠠᠨ ᠪᠡᠯᠡ︾ ᠶᠢ ᠲᠤᠰᠬᠠᠶ ᠴᠡᠭᠴᠡᠯᠡᠨ ᠵᠠᠰᠠᠬᠤ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠦᠨᠡᠨ ᠬᠦ ᠪᠠᠲᠤᠯᠠᠪᠠ᠃      ᠭᠤᠷᠪᠠ᠂ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠴᠤ ᠪᠣᠳᠠᠲᠤ ᠦᠷ᠎ᠡ ᠪᠦᠲᠦᠮᠵᠢ ᠤᠯᠪᠠ      ᠮᠠᠨ ᠤ ᠪᠠᠯᠭᠠᠰᠤᠨ ᠤ ︽ᠭᠤᠷᠪᠠᠨ ᠪᠡᠯᠡ︾ ᠶᠢᠨ ᠠᠵᠢᠯᠲᠠᠳ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ︽ᠬᠢᠨᠠᠨ ᠭᠠᠷ ᠤᠨ ᠥᠰᠥᠭ ᠵᠢᠷᠤᠬᠤ︾᠂ ︽ᠳᠥᠷᠪᠡ ᠶᠢ ᠵᠥᠪᠯᠡᠵᠦ ᠬᠤᠶᠠᠷ ᠢ ᠢᠯᠡ ᠪᠣᠯᠭᠠᠬᠤ︾᠂ ᠵᠢᠭᠠᠪᠤᠷᠢ ᠠᠪᠴᠤ ᠮᠡᠳᠡᠭᠦᠯᠬᠦ ᠵᠡᠷᠭᠡ ᠡᠯ᠎ᠡ ᠵᠦᠢᠯ ᠤᠨ ᠲᠦᠷᠢᠮ ᠢ ᠴᠢᠩᠭ᠎ᠠ ᠬᠡᠷᠡᠭᠵᠢᠭᠦᠯᠵᠦ᠂ ᠬᠠᠮᠲᠤ ᠶᠢᠨ ᠪᠠᠯᠠ ᠮᠥᠩᠭᠦ᠂ ᠬᠠᠮᠲᠤ ᠶᠢᠨ ᠡᠬᠢ ᠪᠠᠶᠠᠯᠢᠭ᠂ ᠬᠠᠮᠲᠤ ᠶᠢᠨ ᠡᠳ᠋ ᠬᠥᠷᠥᠩᠭᠡ ᠶᠢᠨ ᠲᠣᠭᠤᠷᠢᠨ ᠳᠤ ᠲᠣᠭᠲᠠᠮᠠᠯ ᠬᠤᠭᠤᠴᠠᠭ᠎ᠠ ᠲᠠᠢ ᠪᠠᠷ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ ᠶᠢ ᠦᠷᠨᠢᠭᠦᠯᠪᠡ᠃ ᠪᠡᠯᠡ ᠮᠥᠩᠭᠦ ᠶᠢᠨ ᠬᠠᠮᠢᠶᠠᠷᠤᠯᠲᠠ ᠨᠢ ᠲᠣᠭᠲᠠᠭᠠᠯ ᠳᠤ ᠨᠡᠶᠢᠴᠡᠬᠦ ᠡᠰᠡᠬᠦ᠂ ᠡᠳ᠋ ᠬᠥᠷᠥᠩᠭᠡ ᠡᠬᠢ ᠪᠠᠶᠠᠯᠢᠭ ᠢ ᠰᠢᠢᠳᠪᠦᠷᠢᠯᠡᠬᠦ ᠨᠢ ᠵᠢᠷᠤᠮᠵᠢᠯ ᠲᠠᠢ ᠪᠠᠶᠢᠬᠤ ᠡᠰᠡᠬᠦ᠂ ︽ᠭᠤᠷᠪᠠᠨ ᠪᠡᠯᠡ︾ ᠶᠢᠨ ᠴᠢᠬᠤᠯᠠ ᠶᠡᠭᠡ ᠵᠦᠢᠯᠡᠰ ᠢ ᠢᠯᠡ ᠨᠡᠶᠢᠲᠡᠯᠡᠬᠦ᠂ ᠠᠷᠠᠳᠴᠢᠯᠠᠯ ᠢᠶᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠡᠰ ᠳᠠᠷᠠᠭᠠᠯᠠᠯ ᠨᠢ ᠵᠢᠷᠤᠮᠵᠢᠯ ᠲᠠᠢ ᠪᠠᠶᠢᠬᠤ ᠡᠰᠡᠬᠦ ᠵᠡᠷᠭᠡ ᠠᠭᠤᠯᠭ᠎ᠠ ᠶᠢᠨ ᠨᠠᠷᠢᠨ ᠲᠠᠩᠰᠠ ᠲᠠᠢ ᠬᠠᠷᠢᠴᠠᠭᠤᠯᠵᠤ᠂ ᠡᠯ᠎ᠡ ᠲᠣᠰᠬᠤᠨ ᠢ ᠬᠦᠳᠦᠯᠦᠨ ᠵᠢᠯᠣᠭᠤᠳᠴᠤ ᠪᠠᠶᠢᠭᠠᠳ ᠬᠠᠷᠠᠯᠲᠠ ᠶᠢᠨ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠤᠨᠢᠨ ᠳᠡᠭᠡᠷ᠎ᠡ ᠨᠢ ᠬᠦᠴᠦᠯᠡᠵᠦ᠂ ᠡᠯ᠎ᠡ ᠲᠣᠰᠬᠤᠨ ᠤ ᠠᠵᠢᠯ ᠤᠨ ᠠᠬᠢᠴᠠ᠂ ᠠᠰᠠᠭᠤᠳᠠᠯ ᠢ ᠰᠢᠢᠳᠪᠦᠷᠢᠯᠡᠭᠰᠡᠨ ᠪᠠᠶᠢᠳᠠᠯ ᠳᠤ ᠡᠳᠦᠷ ᠤᠨ ᠳᠤᠬᠢᠷᠠᠭᠤᠯᠤᠯᠳᠠ ᠬᠢᠵᠦ᠂ ᠭᠠᠷᠠᠭ ᠢᠶᠠᠷ ᠮᠡᠳᠡᠭᠡᠯᠡᠵᠦ᠂ ᠵᠥᠷᠢᠶ᠎ᠡ ᠶᠢ ᠡᠷᠢᠵᠦ᠂ ᠰᠡᠳᠬᠢᠴᠡ ᠪᠠᠨ ᠥᠷᠭᠡᠳᠬᠡᠵᠦ᠂ ︽ᠲᠡᠷᠢᠭᠦᠨ ᠤ ᠬᠢᠨ ᠬᠤᠴᠤᠷᠤᠭᠰᠠᠳ ᠢ ᠳᠠᠭᠠᠭᠤᠯᠬᠤ︾ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠲᠡᠦᠬᠡ ᠶᠢᠨ ᠦᠯᠡᠳᠡᠭᠳᠡᠯ ᠠᠰᠠᠭᠤᠳᠠᠯ ᠢ ᠠᠯᠬᠤᠮ ᠠᠯᠬᠤᠮ ᠢᠶᠠᠷ ᠵᠦᠢᠯ ᠳᠠᠷᠠᠭᠠᠯᠠᠨ ᠰᠢᠢᠳᠪᠦᠷᠢᠯᠡᠪᠡ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号