ᠲᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠳᠤ ᠪᠤᠭᠤᠲᠤ ᠶᠢᠨ ᠠᠩᠬᠠᠳᠠᠭᠴᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠠᠬᠢᠭᠤᠯᠬᠤ ᠬᠤᠷᠠᠯ ᠪᠠᠶᠢᠭᠤᠯᠤᠭᠳᠠᠪᠠ︕
ᠨᠡᠶᠢᠲᠡᠯᠡᠭᠰᠡᠨ ᠴᠠᠭ᠄
2024/9/5
      9 ᠰᠠᠷ᠎ᠠ ᠶᠢᠨ 4 ᠤ ᠡᠳᠦᠷ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ 2024 ᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠶᠢᠨ ᠡᠬᠢᠯᠡᠯᠲᠡ ᠶᠢᠨ ᠶᠣᠰᠣᠯᠠᠯ ᠵᠢᠴᠢ ᠰᠢᠪᠡᠷᠬᠦ᠋ᠷᠢᠶ᠎ᠡ ᠪᠠᠯᠭᠠᠰᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠠᠬᠢᠭᠤᠯᠬᠤ ᠬᠤᠷᠠᠯ ᠪᠠᠶᠢᠭᠤᠯᠤᠭᠳᠠᠭᠰᠠᠨ ᠶᠣᠰᠣᠯᠠᠯ᠂  ᠵᠠᠩ ᠦᠢᠯᠡ ᠶᠢᠨ ᠰᠣᠶᠣᠯ ᠤᠨ ᠦᠵᠡᠭᠦᠯᠦᠯᠭᠡ ᠶᠢᠨ ᠠᠵᠢᠯᠯᠠᠭ᠎ᠠ ᠰᠢᠪᠡᠷᠬᠦ᠋ᠷᠢᠶ᠎ᠡ ᠪᠠᠯᠭᠠᠰᠤᠨ ᠤ ᠰᠠᠶᠢᠬᠤᠰᠤ ᠲᠣᠰᠬᠤᠨ ᠳᠤ ᠠᠮᠵᠢᠯᠲᠠ ᠲᠠᠢ ᠶᠠᠪᠤᠭᠳᠠᠪᠠ᠃  ᠡᠯ᠎ᠡ ᠦᠨᠳᠦᠰᠦᠲᠡᠨ ᠤ ᠵᠠᠭᠤ ᠭᠠᠷᠤᠶ ᠺᠠᠳ᠋ᠷ ᠠᠵᠢᠯᠲᠠᠨ ᠠᠵᠢᠯᠴᠢᠳ᠂ ᠣᠯᠠᠨ ᠲᠦᠮᠡᠨ ᠤ ᠲᠦᠯᠦᠭᠡᠯᠡᠭᠴᠢᠳ ᠠᠵᠢᠯᠯᠠᠭ᠎ᠠ ᠳᠤ ᠣᠷᠣᠯᠴᠠᠪᠠ᠃     ᠠᠵᠢᠯᠯᠠᠭ᠎ᠠ ᠶᠢᠨ ᠳᠤᠮᠳᠠ᠂ ᠪᠤᠭᠤᠲᠤ ᠬᠤᠲᠠ ᠶᠢᠨ ᠠᠩᠬᠠᠳᠠᠭᠴᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠠᠬᠢᠭᠤᠯᠬᠤ ᠬᠤᠷᠠᠯ᠂ ᠲᠤᠬᠠᠶᠢᠯᠠᠪᠠᠯ ᠰᠢᠪᠡᠷᠬᠦ᠋ᠷᠢᠶ᠎ᠡ ᠪᠠᠯᠭᠠᠰᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠠᠬᠢᠭᠤᠯᠬᠤ ᠬᠤᠷᠠᠯ ᠵᠢᠩᠬᠢᠨᠢ ᠪᠠᠷ ᠪᠠᠶᠢᠭᠤᠯᠤᠭᠳᠠᠪᠠ᠃ ᠠᠬᠢᠭᠤᠯᠬᠤ ᠬᠤᠷᠠᠯ ᠪᠠᠶᠢᠭᠤᠯᠤᠭᠳᠠᠭᠰᠠᠨ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠠ ᠰᠢᠪᠡᠷᠬᠦ᠋ᠷᠢᠶ᠎ᠡ ᠪᠠᠯᠭᠠᠰᠤᠨ ᠤ ᠡᠯ᠎ᠡ ᠵᠦᠢᠯ ᠤᠨ ᠠᠵᠢᠯ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠠᠵᠢᠯ ᠢ ᠰᠠᠶᠢᠲᠤᠷ ᠬᠢᠬᠦ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠲᠠᠰᠤᠷᠠᠯᠲᠠ ᠦᠭᠡᠢ ᠨᠢᠭᠲᠠᠷᠠᠭᠤᠯᠵᠤ᠂ ᠦᠨᠳᠦᠰᠦᠲᠡᠨ ᠤ ᠪᠦᠯᠬᠦᠮᠳᠡᠯ ᠤᠨ ᠴᠡᠴᠡᠭ ᠢ ᠥᠷᠭᠡᠨ ᠤᠯᠠᠨ ᠺᠠᠳᠠᠷᠴᠤᠳ ᠤᠯᠠᠨ ᠲᠦᠮᠡᠨ ᠤ ᠰᠡᠳᠬᠢᠯ ᠳᠤ ᠦᠨᠳᠦᠰᠦᠯᠡᠬᠦᠯᠵᠠᠢ᠃ ᠰᠢᠪᠡᠷᠬᠦ᠋ᠷᠢᠶ᠎ᠡ ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠵᠣᠬᠢᠶᠠᠨ ᠪᠠᠶᠢᠭᠤᠯᠬᠤ ᠭᠡᠰᠢᠭᠦᠨ᠂ ᠨᠢᠭᠡᠳᠦᠮᠡᠯ ᠹᠷᠣᠨᠲ ᠤᠨ ᠭᠡᠰᠢᠭᠦᠨ ᠸᠠᠩ ᠲᠢᠩ ᠲᠢᠩ᠄ ︽ᠠᠬᠢᠭᠤᠯᠬᠤ ᠬᠤᠷᠠᠯ ᠨᠢ ᠲᠠᠪᠴᠠᠩ ᠪᠣᠯᠤᠭᠰᠠᠨ ᠤ ᠬᠤᠪᠢ ᠳᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠢ ᠴᠤᠭᠯᠠᠷᠠᠭᠤᠯᠵᠤ᠂ ᠬᠠᠮᠲᠤᠪᠠᠷ ᠰᠣᠶᠣᠯ ᠢ ᠡᠳ᠋ᠯᠡᠵᠦ᠂ ᠣᠶᠢᠯᠠᠭᠠᠯᠲᠠ ᠪᠠᠨ ᠨᠡᠮᠡᠭᠳᠡᠭᠦᠯᠵᠡᠢ᠃ ᠰᠢᠪᠡᠷᠬᠦ᠋ᠷᠢᠶ᠎ᠡ ᠪᠠᠯᠭᠠᠰᠤ ᠬᠡᠯᠪᠡᠷᠢ ᠪᠠ ᠠᠷᠭ᠎ᠠ ᠪᠠᠨ ᠲᠠᠰᠤᠷᠠᠯᠲᠠ ᠦᠭᠡᠢ ᠰᠢᠨᠡᠴᠢᠯᠡᠵᠦ᠂ ᠠᠵᠢᠯᠯᠠᠭ᠎ᠠ ᠶᠢᠨ ᠠᠭᠤᠯᠤᠭᠳᠠᠬᠤᠨ ᠢᠶᠠᠨ ᠪᠠᠶᠠᠯᠢᠭᠵᠢᠭᠤᠯᠵᠤ᠂ ᠡᠯ᠎ᠡ ᠲᠠᠯ᠎ᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠬᠦᠯᠵᠦ᠂ ᠥᠪᠡᠷ ᠥᠪᠡᠷ ᠤᠨ ᠣᠨᠴᠠᠯᠢᠭ ᠲᠠᠢ᠂ ᠦᠷ᠎ᠡ ᠪᠦᠲᠦᠮᠵᠢ ᠦᠨᠳᠦᠷ ᠦᠨᠳᠦᠰᠦᠲᠡᠨ ᠤ ᠪᠦᠯᠬᠦᠮᠳᠡᠯ ᠤᠨ ᠨᠥᠬᠦᠷᠯᠡᠯ ᠤᠨ ᠠᠵᠢᠯᠯᠠᠭ᠎ᠠ ᠶᠢ ᠴᠢᠷᠮᠠᠶᠢᠨ ᠪᠤᠢ ᠪᠣᠯᠭᠠᠵᠤ᠂  ᠤᠯᠠᠨ ᠲᠡᠰ ᠳᠠᠪᠬᠤᠷᠭ᠎ᠠ ᠠᠴᠠ᠂ ᠤᠯᠠᠨ ᠲᠠᠯ᠎ᠠ  ᠪᠠᠷ᠂ ᠤᠯᠠᠨ ᠬᠡᠯᠪᠡᠷᠢ ᠪᠠᠷ ᠦᠨᠳᠦᠰᠦᠲᠡᠨ ᠨᠦᠭᠦᠳ ᠤᠨ ᠤᠯᠠᠨ ᠲᠦᠮᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠬᠦᠳᠦᠯᠦᠨ ᠵᠢᠯᠣᠭᠤᠳᠴᠤ᠂ ᠠᠨᠠᠷ ᠤᠨ ᠦᠷ᠎ᠡ ᠰᠢᠭ ᠨᠢᠭᠲᠠ ᠲᠡᠪᠡᠷᠢᠨ᠎ᠡ︾ ᠭᠡᠵᠦ ᠬᠡᠯᠡᠪᠡ᠃     ᠠᠵᠢᠯᠯᠠᠭ᠎ᠠ ᠳᠤ᠂ ᠬᠤᠰᠢᠭᠤᠨ ᠤ ᠤᠯᠠᠭᠠᠨᠮᠥ᠋ᠴᠢᠷ ᠪᠣᠯᠤᠨ ᠰᠢᠪᠡᠷᠬᠦ᠋ᠷᠢᠶ᠎ᠡ ᠪᠠᠯᠭᠠᠰᠤᠨ ᠤ ᠤᠯᠠᠭᠠᠨ ᠠᠨᠠᠷ ᠤᠨ ᠤᠷᠠᠨ ᠰᠠᠶᠢᠬᠠᠨ ᠤ ᠠᠩᠭᠢ ᠶᠢᠨ ᠠᠪᠴᠢᠷᠠᠭᠰᠠᠨ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ᠂ ᠰᠢᠨ᠎ᠡ ᠵᠠᠯᠠᠭᠤᠴᠤᠳ ᠤᠨ ᠦᠵᠡᠯ  ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠳ ᠤᠨ ᠭᠤᠶᠢᠳᠠ ᠰᠠᠶᠢᠬᠠᠨ ᠶᠠᠷᠢᠶ᠎ᠠ ᠢᠯᠡᠳᠬᠡᠯ ᠨᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠯᠪᠡᠭ ᠪᠠᠶᠠᠯᠢᠭ ᠰᠣᠶᠣᠯ ᠤᠨ ᠠᠭᠤᠯᠬᠤᠨ ᠢ ᠦᠵᠡᠭᠴᠢᠳ ᠲᠤ ᠮᠡᠳᠡᠷᠡᠭᠦᠯᠵᠦ᠂ ᠤᠯᠠᠨ ᠲᠦᠮᠡᠨ ᠤ ᠦᠨᠳᠦᠰᠦᠲᠡᠨ ᠤ ᠪᠦᠯᠬᠦᠮᠳᠡᠯ ᠢ ᠮᠡᠳᠡᠷᠡᠬᠦ ᠰᠡᠳᠬᠢᠯᠭᠡ ᠪᠣᠯᠤᠨ ᠣᠮᠤᠭ ᠪᠠᠭ᠋ᠠᠳᠤᠯᠲᠤ ᠰᠡᠳᠬᠢᠯᠭᠡ ᠶᠢ ᠤᠯᠠᠮ ᠴᠢᠨᠠᠭᠰᠢᠳᠠ ᠴᠢᠩᠭᠠᠳᠬᠠᠵᠠᠢ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠪᠠᠰᠠ ᠲᠣᠰ ᠤᠳᠠᠭᠠᠨ ᠤ ᠡᠬᠢᠯᠡᠯᠲᠡ ᠶᠢᠨ ᠶᠣᠰᠣᠯᠠᠯ ᠢᠶᠠᠷ ᠠᠵᠠ ᠲᠣᠬᠢᠶᠠᠯ ᠪᠣᠯᠭᠠᠨ ᠦᠨᠳᠦᠰᠦᠲᠡᠨ ᠤ ᠲᠥᠷᠥ ᠶᠢᠨ ᠪᠣᠳᠣᠯᠭ᠎ᠠ ᠣᠨᠣᠯ ᠤᠨ ᠮᠡᠳᠡᠯᠭᠡ ᠶᠢᠨ ᠠᠰᠠᠭᠤᠯᠲᠠ ᠬᠠᠷᠢᠭᠤᠯᠲᠠ ᠶᠢ ᠦᠷᠨᠢᠬᠦᠯᠦᠨ᠂ ᠰᠣᠨᠢᠷᠬᠠᠯᠲᠤ ᠴᠢᠨᠠᠷᠲᠠᠶ ᠮᠡᠳᠡᠯᠭᠡ ᠶᠢᠨ ᠥᠷᠢᠰᠥᠯᠳᠦᠭᠡᠨ ᠤ ᠠᠵᠢᠯᠯᠠᠭ᠎ᠠ ᠪᠠᠷ ᠲᠠᠮᠵᠢᠭᠤᠯᠵᠤ᠂ ᠣᠯᠠᠨ ᠲᠦᠮᠡᠨ ᠤ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠲᠤᠬᠠᠶ ᠣᠶᠢᠯᠠᠭᠠᠯᠲᠠ ᠶᠢ ᠳᠡᠭᠡᠭᠰᠢᠯᠡᠭᠦᠯᠬᠦ ᠶᠢᠨ ᠬᠠᠮᠲᠤ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠲᠦᠭᠡᠮᠡᠯᠵᠢᠯᠲᠡ ᠶᠢᠨ ᠨᠣᠷᠮ᠎ᠠ ᠪᠠ ᠬᠠᠮᠤᠷᠬᠤ ᠬᠡᠪᠴᠢᠶ᠎ᠡ ᠶᠢ ᠥᠷᠭᠡᠳᠬᠡᠪᠡ᠃     ᠡᠬᠢᠯᠡᠯᠲᠡ ᠶᠢᠨ ᠶᠣᠰᠣᠯᠠᠯ ᠳᠡᠭᠡᠷ᠎ᠡ ᠪᠠᠰᠠ ᠵᠠᠭᠤᠨ ᠠᠶᠢᠯ ᠤᠨ ᠳᠠᠶᠢᠯᠠᠯᠭ᠎ᠠ ᠶᠢᠨ ᠠᠵᠢᠯᠯᠠᠭ᠎ᠠ ᠥᠷᠨᠢᠭᠦᠯᠵᠦ᠂ ᠦᠨᠳᠦᠰᠦᠲᠡᠨ ᠨᠦᠭᠦᠳ ᠤᠨ ᠠᠷᠠᠳ ᠲᠦᠮᠡᠨ ᠥᠪᠡᠷ ᠦᠪᠡᠷ ᠤᠨ  ᠭᠡᠷ ᠤᠨ ᠢᠶᠠᠨ  ᠠᠮᠳᠠᠳᠤ ᠵᠠᠭᠤᠰᠢ ᠪᠠᠨ  ᠭᠠᠷᠭᠠᠵᠤ ᠂  ᠰᠠᠶᠢᠬᠠᠨ ᠦᠨᠦᠷ  ᠬᠠᠩᠬᠤᠯᠤᠨ᠂ ᠨᠡᠩ ᠴᠤ ᠨᠤᠲᠤᠭ ᠤᠨ ᠬᠠᠯᠠᠭᠤᠨ ᠳᠣᠲᠣᠨᠣ ᠬᠠᠶᠢᠷ᠎ᠠ ᠰᠡᠳᠬᠢᠯᠭᠡ ᠶᠢ  ᠲᠠᠮᠵᠢᠭᠤᠯᠤᠭᠰᠠᠨ ᠪᠠᠶᠢᠨ᠎ᠠ᠃ ᠦᠨᠳᠦᠰᠦᠲᠡᠨ ᠨᠦᠭᠦᠳ ᠤᠨ ᠣᠯᠠᠨ ᠲᠦᠮᠡᠨ ᠬᠠᠮᠤᠭ ᠤᠨ ᠶᠡᠭᠡ ︽ᠤᠲᠤᠭ᠎ᠠ ᠤᠨᠢᠶᠠᠷ︾  ᠶᠢᠨ ᠬᠡᠯᠪᠡᠷᠢ ᠪᠠᠷ ︽ᠵᠠᠭᠤᠨ ᠡᠷᠦᠬᠡ︾ ᠶᠢ ︽ᠨᠢᠭᠡ ᠭᠡᠷ︾ ᠪᠣᠯᠭᠠᠪᠠ᠃ ᠰᠢᠪᠡᠷᠬᠦ᠋ᠷᠢᠶ᠎ᠡ ᠪᠠᠯᠭᠠᠰᠤᠨ ᠤ ᠰᠠᠭᠤᠭᠠᠯᠢ ᠠᠷᠠᠳ ᠵᠧᠦ ᠯᠢ ᠄ ︽ᠡᠨᠡ ᠤᠳᠠᠭᠠᠨ ᠤ ᠵᠠᠭᠤᠨ ᠠᠶᠢᠯ ᠤᠨ ᠳᠠᠶᠢᠯᠠᠯᠭ᠎ᠠ ᠶᠢᠨ ᠠᠵᠢᠯᠯᠠᠭ᠎ᠠ ᠨᠢ ᠨᠢᠭᠡ ᠤᠳᠠᠭᠠᠨ ᠤ ᠠᠮᠲᠠᠲᠤ ᠢᠳᠡᠭᠡᠨ ᠤ ᠦᠪᠡᠳᠡᠭᠰᠢ ᠨᠠᠶᠢᠷ ᠪᠣᠯᠬᠤ ᠪᠠᠷ ᠪᠠᠷᠠᠬᠤ ᠦᠭᠡᠢ᠂ ᠨᠡᠩ ᠴᠤ ᠦᠨᠳᠦᠰᠦᠲᠡᠨ ᠨᠦᠭᠦᠳ ᠤᠨ ᠬᠤᠭᠤᠷᠣᠨᠳᠣᠬᠢ ᠰᠣᠶᠣᠯ ᠤᠨ ᠰᠣᠯᠢᠯᠴᠠᠭᠠᠨ ᠤ ᠦᠪᠡᠳᠡᠭᠰᠢ ᠴᠤᠭᠯᠠᠭᠠᠨ ᠪᠣᠯᠤᠨ᠎ᠠ ᠃ ᠪᠢ ᠠᠳᠠᠯᠢ ᠪᠤᠰᠤ ᠦᠨᠳᠦᠰᠦᠲᠡᠨ ᠤ ᠦᠪᠡᠷᠮᠢᠴᠡ ᠣᠨᠴᠠᠯᠢᠭᠲᠤ ᠨᠣᠭᠤᠭ᠎ᠠ ᠵᠠᠭᠤᠰᠢ ᠶᠢ ᠠᠮᠳᠠᠯᠠᠵᠤ᠂ ᠵᠠᠭᠤᠰᠢ ᠪᠤᠯᠭᠠᠨ  ᠳᠤ ᠪᠦᠷ ᠤᠨᠴᠠᠭᠠᠢ ᠰᠣᠶᠣᠯ ᠤᠨ ᠦᠯᠢᠭᠡᠷ ᠲᠠᠢ ᠶᠢ ᠮᠡᠳᠡᠪᠡ᠃ ᠡᠨᠡ ᠤᠳᠠᠭᠠᠨ ᠤ ᠥᠩᠭᠡᠷᠡᠯᠲᠡ ᠨᠢ ᠮᠢᠨᠦ ᠠᠮᠢᠳᠤᠷᠠᠯ  ᠶᠢ ᠪᠠᠶᠠᠯᠢᠭᠵᠢᠭᠤᠯᠤᠭᠰᠠᠨ ᠢᠶᠠᠷ ᠪᠠᠷᠠᠬᠤ ᠥᠬᠡᠶ᠂ ᠰᠣᠶᠣᠯ ᠤᠨ ᠣᠯᠠᠨ ᠶᠠᠩᠵᠤᠲᠤ ᠴᠢᠨᠠᠷ ᠤᠨ ᠲᠤᠬᠠᠶ ᠲᠠᠨᠢᠯᠲᠠ ᠶᠢ ᠨᠠᠩ ᠭᠦᠨᠵᠡᠭᠡᠶᠢᠷᠡᠭᠦᠯᠪᠡ︾  ᠭᠡᠵᠦ ᠰᠤᠷᠪᠤᠯᠵᠢᠯᠠᠭᠴᠢ ᠳᠤ  ᠬᠡᠯᠡᠪᠡ᠃     ᠤᠢᠢᠷ᠎ᠠ ᠶᠢᠨ ᠵᠢᠯ ᠠᠴᠠ᠂ ᠦᠨᠳᠦᠰᠦᠲᠡᠨ ᠨᠦᠭᠦᠳ ᠤᠨ ᠤᠯᠠᠨ ᠲᠦᠮᠡᠨ ᠲᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠭᠠᠵᠠᠷ ᠬᠦᠷᠦᠰᠦᠨ ᠳᠤ ᠶᠠᠪᠤᠯᠴᠠᠭ᠎ᠠ ᠰᠣᠯᠢᠯᠴᠠᠭ᠎ᠠ  ᠠᠭᠤᠰᠤᠯᠴᠠᠭ᠎ᠠ ᠶᠢ ᠠᠬᠢᠭᠤᠯᠵᠤ᠂ ᠦᠨᠳᠦᠰᠦᠲᠡᠨ ᠨᠦᠭᠦᠳ ᠤᠨ ᠬᠥᠪᠡᠭᠦᠳ ᠥᠬᠢᠳ ᠤᠨ ᠪᠦᠯᠬᠦᠮᠳᠡᠨ ᠲᠡᠮᠡᠴᠡᠭᠰᠡᠨ᠂ ᠴᠡᠴᠡᠭᠯᠡᠨ ᠬᠥᠭᠵᠢᠭᠰᠡᠨ ᠢᠷᠠᠭᠤ ᠬᠠᠭᠤᠳᠠᠰᠤ ᠶᠢ ᠠᠮᠢᠳᠤᠯᠢᠭ ᠢᠶᠠᠷ ᠪᠢᠴᠢᠭᠯᠡᠪᠡ᠃ ᠲᠣᠰ ᠤᠳᠠᠭᠠᠨ ᠤ ᠡᠬᠢᠯᠡᠯᠲᠡ ᠶᠢᠨ ᠶᠣᠰᠣᠯᠠᠯ ᠢ ᠠᠮᠵᠢᠯᠲᠠ ᠲᠠᠢ ᠡᠷᠬᠢᠯᠡᠭᠰᠡᠨ ᠨᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠲᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠭᠰᠡᠨ ᠢᠶᠠᠷ ᠪᠠᠷᠠᠬᠤ ᠦᠭᠡᠢ᠂ ᠪᠠᠰᠠ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠪᠦᠯᠬᠦᠮᠳᠡᠨ ᠨᠢᠭᠡᠳᠴᠦ ᠪᠠᠶᠢᠭᠠᠳ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠬᠦᠴᠦᠲᠡᠶ ᠣᠶᠤᠨ ᠰᠠᠨᠠᠭᠠᠨ ᠤ ᠳᠡᠮᠵᠢᠯᠭᠡ ᠬᠠᠩᠭᠠᠭᠰᠠᠨ ᠪᠠᠶᠢᠨ᠎ᠠ
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号