ᠠᠩᠬᠠᠷ︕ ᠡᠳᠡᠭᠡᠷ ᠶᠠᠭᠤᠮᠠᠰ ᠢ ᠨᠠᠶᠢᠵᠠ ᠶᠢᠨ ᠲᠣᠭᠤᠷᠢᠭ ᠲᠤ ᠪᠠᠨ ᠨᠡᠶᠢᠳᠡᠯᠡᠵᠤ ᠪᠣᠯᠬᠤ ᠦᠭᠡᠢ
ᠨᠡᠶᠢᠲᠡᠯᠡᠭᠰᠡᠨ ᠴᠠᠭ᠄
2024/9/5
      ᠨᠠᠶᠢᠵᠠ ᠶᠢᠨ ᠲᠣᠭᠤᠷᠢᠭ ᠲᠤ ᠪᠠᠨ ᠰᠡᠭᠦᠳᠡᠷ ᠢᠶᠠᠨ ᠨᠡᠶᠢᠳᠡᠯᠡᠬᠦ ᠳᠤ ᠶᠠᠮᠠᠷ ᠴᠡᠭᠡᠷ ᠪᠠᠶᠢᠬᠤ ᠪᠣᠶ︖ ᠦᠵᠡᠬᠦ ᠳᠤ ᠰᠠᠨᠠᠭᠠᠨ ᠳᠤ ᠦᠭᠡᠢ ᠵᠠᠷᠢᠮ ᠦᠢᠯᠡ ᠠᠵᠢᠯᠯᠠᠭ᠎ᠠ ᠨᠢ ᠬᠤᠪᠢ ᠬᠥᠮᠦᠨ ᠤ ᠬᠠᠮᠢᠶ᠎ᠠ ᠪᠦᠬᠦᠢ ᠮᠡᠳᠡᠭᠡ ᠵᠠᠩᠭᠢ ᠶᠢ ᠵᠠᠳᠠᠷᠠᠭᠤᠯᠬᠤ ᠮᠠᠭᠠᠳ᠃ ᠭᠠᠯᠲᠤ ᠲᠡᠷᠭᠡᠨ ᠤ ᠪᠢᠯᠧᠲ᠂ ᠨᠢᠰᠬᠡᠯ ᠤᠨ ᠪᠢᠯᠧᠲ᠂ ᠨᠢᠰᠬᠡᠯ ᠳᠤ ᠭᠠᠷᠬᠤ ᠫᠠᠶᠢᠰᠠ ᠪᠠᠨ ᠨᠠᠶᠢᠵᠠ ᠶᠢᠨ ᠲᠣᠭᠤᠷᠢᠭ ᠲᠤ ᠪᠠᠨ ᠪᠢᠲᠡᠭᠡᠶ ᠨᠡᠶᠢᠳᠡᠯᠡᠬᠡᠷᠠᠢ ᠨᠢᠰᠬᠡᠯ ᠤᠨ ᠪᠢᠯᠧᠲ ᠪᠣᠯᠤᠨ ᠭᠠᠯᠲᠤ ᠲᠡᠷᠭᠡᠨ ᠤ ᠪᠢᠯᠧᠲ ᠤᠨ ᠵᠢᠷᠤᠭᠠᠰᠤᠨ ᠺᠣᠳ᠋ ᠪᠤᠶᠤ ᠬᠤᠶᠠᠷ ᠬᠡᠮᠵᠢᠯᠳᠦ ᠺᠣᠳ᠋ ᠲᠤ ᠠᠶᠠᠨᠴᠢᠳ ᠤᠨ ᠬᠤᠪᠢ ᠬᠥᠮᠦᠨ ᠤ ᠮᠡᠳᠡᠭᠡ ᠵᠠᠩᠭᠢ ᠪᠠᠶᠢᠳᠠᠭ᠂ ᠡᠭᠦᠨ ᠳᠤ ᠪᠡᠶ᠎ᠡ ᠶᠢᠨ ᠦᠨᠡᠮᠯᠡᠯ ᠤᠨ ᠨᠣᠮᠧᠷ ᠵᠡᠷᠭᠡ ᠪᠠᠭᠲᠠᠨ᠎ᠠ᠂ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠢ ᠠᠰᠢᠭᠯᠠᠨ ᠬᠤᠪᠢ ᠬᠥᠮᠦᠨ ᠤ ᠮᠡᠳᠡᠭᠡ ᠵᠠᠩᠭᠢ ᠶᠢ ᠬᠤᠯᠠᠭᠠᠶᠢᠯᠠᠨ ᠠᠪᠴᠤ ᠮᠡᠳᠡᠬᠦ ᠪᠣᠯᠤᠯᠴᠠᠭ᠎ᠠ ᠲᠠᠢ᠃       ᠫᠠᠰᠫᠣᠷᠲ᠂ ᠭᠡᠷ ᠤᠨ ᠲᠦᠯᠬᠢᠭᠦᠷ᠂ ᠲᠡᠷᠭᠡᠨ ᠫᠠᠶᠢᠰᠠ ᠪᠠᠨ ᠨᠠᠶᠢᠵᠠ ᠶᠢᠨ ᠲᠣᠭᠤᠷᠢᠭ ᠲᠤ ᠪᠠᠨ ᠪᠢᠲᠡᠭᠡᠶ ᠨᠡᠶᠢᠳᠡᠯᠡᠬᠡᠷᠠᠢ ᠡᠳᠡᠭᠡᠷ ᠨᠢ ᠴᠢᠨᠦ ᠲᠤᠲᠤᠷᠬᠠᠢ ᠴᠠᠭ᠂ ᠲᠤᠲᠤᠷᠬᠠᠢ ᠤᠷᠤᠨ ᠪᠠᠶᠢᠷᠢ ᠶᠢ ᠵᠠᠳᠠᠷᠠᠭᠤᠯᠤᠨ᠎ᠠ᠂ ᠪᠠᠰᠠᠴᠤ ᠴᠢᠨᠦ ᠠᠮᠢᠳᠤᠷᠠᠯ ᠤᠨ ᠬᠦᠷᠢᠶ᠎ᠡ ᠬᠡᠪᠴᠢᠶ᠎ᠡ ᠶᠢ ᠵᠠᠳᠠᠷᠠᠭᠤᠯᠤᠨ᠎ᠠ᠃ ᠣᠷᠣᠨ ᠪᠠᠶᠢᠷᠢ ᠪᠠᠨ ᠨᠠᠶᠢᠵᠠ ᠶᠢᠨ ᠲᠣᠭᠤᠷᠢᠭ ᠲᠤ ᠪᠠᠨ ᠪᠢᠲᠡᠭᠡᠶ ᠨᠡᠶᠢᠳᠡᠯᠡᠬᠡᠷᠠᠢ ᠬᠡᠷᠪᠡ ᠨᠠᠶᠢᠵᠠ ᠶᠢᠨ ᠲᠣᠭᠤᠷᠢᠭ ᠲᠤ ᠪᠠᠨ ᠣᠷᠣᠨ ᠪᠠᠶᠢᠷᠢ ᠶᠢᠨ ᠰᠤᠷᠠᠭ ᠵᠠᠩᠭᠢ ᠲᠠᠢ ᠵᠢᠷᠤᠭ ᠨᠡᠢᠲᠡᠯᠡᠪᠡᠯ᠂ ᠮᠠᠰᠢ ᠦᠨᠡᠨ ᠪᠣᠳᠠᠲᠠᠶ ᠬᠤᠪᠢ ᠬᠥᠮᠦᠨ ᠤ ᠰᠤᠷᠠᠭ ᠵᠠᠩᠭᠢ ᠶᠢ ᠢᠯᠡᠷᠡᠭᠦᠯᠵᠦ᠂ ᠮᠠᠭᠤ ᠬᠥᠮᠦᠨ ᠤ ᠬᠡᠷᠡᠭ ᠬᠢᠬᠦ ᠳᠤ ᠲᠦᠭᠦᠮ ᠪᠣᠯᠭᠠᠨ᠎ᠠ᠃ ᠬᠡᠦᠬᠡᠳ ᠤᠨ ᠰᠡᠭᠦᠳᠡᠷ ᠵᠢᠴᠢ ᠨᠡᠷ᠎ᠡ ᠪᠠᠨ ᠪᠢᠲᠡᠭᠡᠶ ᠨᠠᠶᠢᠳᠡᠯᠠ᠃ ᠪᠣᠳᠠᠲᠤ ᠠᠮᠢᠳᠤᠷᠠᠯ ᠳᠤᠮᠳᠠ ᠮᠠᠰᠢ ᠣᠯᠠᠨ ᠮᠡᠬᠡᠯᠡᠭᠴᠢ ᠸᠢᠴᠠᠲ ᠤᠨ ︽ᠬᠠᠵᠠᠭᠤ ᠬᠠᠪᠢ ᠶᠢᠨ ᠬᠥᠮᠦᠨ ︵附近的人︶︾ ᠢ ᠠᠰᠢᠭᠯᠠᠵᠤ᠂ ᠬᠡᠦᠬᠡᠳ ᠪᠣᠯᠤᠨ ᠡᠵᠢ ᠶᠢᠨ ᠬᠢᠨᠢ ᠰᠡᠭᠦᠳᠡᠷ ᠪᠤᠯᠤᠨ ᠨᠡᠷ᠎ᠡ ᠶᠢ ᠬᠤᠯᠠᠭᠠᠶᠢᠯᠠᠨ ᠬᠡᠷᠡᠭᠯᠡᠳᠡᠭ᠃ ᠨᠠᠰᠤᠲᠠᠨ ᠤ ᠪᠠᠨ ᠰᠡᠭᠦᠳᠡᠷ ᠢ ᠪᠢᠲᠡᠭᠡᠶ ᠨᠡᠶᠢᠳᠡᠯᠡᠬᠡᠷᠠᠢ ᠨᠠᠰᠤᠲᠠᠨ ᠤ ᠪᠠᠨ ᠰᠡᠭᠦᠳᠡᠷ ᠢ ᠳᠡᠯᠭᠡᠪᠡᠯ᠂ ᠮᠠᠭᠤ ᠬᠥᠮᠦᠨ ᠳᠤ ᠲᠠᠨᠢᠭᠳᠠᠬᠤ ᠨᠤᠷᠮ᠎ᠠ ᠨᠢ ᠨᠠᠩ ᠥᠨᠳᠥᠷ ᠪᠠᠶᠢᠳᠠᠭ᠃ ᠬᠡᠷᠪᠡ ᠵᠠᠷᠢᠮ ᠬᠥᠮᠦᠨ ᠭᠡᠨᠡᠳᠲᠡ ᠣᠮᠪᠣᠯᠣ ᠶᠢᠨ ᠨᠡᠷ᠎ᠡ ᠶᠢ ᠬᠡᠯᠡᠵᠦ᠂ ᠳᠠᠬᠢᠨ ᠶᠠᠮᠠᠷ ᠨᠢᠭᠡ ᠬᠤᠳᠠᠯ ᠦᠭᠡ ᠨᠡᠮᠡᠪᠡᠯ᠂ ᠨᠠᠰᠤᠲᠠᠨ ᠢᠶᠠᠷ ᠬᠠᠭᠠᠰ ᠨᠠᠰᠤᠨ ᠤ ᠬᠠᠳᠠᠭᠠᠯᠠᠮᠵᠢ ᠶᠢ ᠭᠠᠷᠭᠠᠭᠤᠯᠵᠤ ᠮᠡᠳᠡᠨ᠎ᠡ᠃ 
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号