ᠣᠶᠢᠷ᠎ᠠ ᠳᠤ᠂ ᠪᠠᠶ᠋ᠬᠠᠤᠪᠤᠭ᠎ᠠ ᠰᠤᠮᠤ ︽ᠨᠡᠷ᠎ᠡ ᠬᠦᠨᠳᠦᠲᠦ ᠲᠣᠰᠬᠤᠨ ᠤ ᠳᠠᠷᠤᠭ᠎ᠠ ᠶᠢ ᠰᠣᠩᠭᠤᠨ ᠤᠷᠢᠬᠤ | ᠠᠵᠢᠯ ᠢ ᠥᠷᠨᠢᠭᠦᠯᠬᠦ ᠲᠤᠬᠠᠶ ᠮᠡᠳᠡᠭᠳᠡᠯ︾ ᠶᠣᠰᠣᠭᠠᠷ᠂ ︽ᠨᠡᠷ᠎ᠡ ᠬᠦᠨᠳᠦᠲᠦ ᠲᠣᠰᠬᠤᠨ ᠤ ᠳᠠᠷᠤᠭ᠎ᠠ︾ ᠶᠢ | ᠰᠤᠩᠭᠤᠨ ᠤᠷᠢᠬᠤ ᠲᠤᠭᠳᠠᠴᠠ ᠶᠢ ᠰᠦᠪᠡᠭᠴᠢᠯᠡᠨ ᠭᠡᠷᠡᠭᠵᠢᠬᠦᠯᠵᠦ᠂ ︽ᠨᠡᠷ᠎ᠡ ᠬᠦᠨᠳᠦᠲᠦ ᠲᠣᠰᠬᠤᠨ ᠤ ᠳᠠᠷᠤᠭ᠎ᠠ︾ | ᠪᠠᠷ ᠲᠠᠮᠵᠢᠭᠤᠯᠤᠨ ᠠᠮᠵᠢᠯᠲᠠ ᠤᠯᠤᠭᠰᠠᠨ ᠬᠥᠮᠦᠰ ᠢ ᠲᠡᠳᠡᠨ ᠠᠪᠴᠢᠷᠠᠵᠤ᠂ ᠡᠬᠢ ᠪᠠᠶᠠᠯᠢᠭ ᠢ ᠲᠥᠪᠯᠡᠷᠡᠭᠦᠯᠦᠨ᠂ | ᠮᠠᠯᠵᠢᠬᠤ ᠣᠷᠣᠨ ᠢ ᠬᠥᠭᠵᠢᠭᠦᠯᠵᠦ᠂ ᠮᠠᠯᠴᠢᠳ ᠢ ᠳᠠᠶᠢᠴᠢᠯᠠᠨ᠂ ᠴᠢᠳᠠᠪᠤᠷᠢᠲᠠᠨ᠂ ᠮᠡᠷᠭᠡᠵᠢᠯ᠂ ᠠᠵᠤ ᠦᠢᠯᠡᠰ ᠵᠡᠷᠭᠡ | ᠬᠦᠴᠦᠨ ᠵᠦᠢᠯ ᠢ ᠮᠠᠯᠵᠢᠬᠤ ᠣᠷᠣᠨ ᠳᠤ ᠲᠥᠪᠯᠡᠷᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠰᠢᠨ᠎ᠡ ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠢ ᠨᠡᠮᠡᠷᠢᠯᠡᠭᠰᠡᠨ ᠪᠠᠶᠢᠨ᠎ᠠ᠃ | ᠠᠷᠭ᠎ᠠ ᠵᠠᠮ ᠢᠶᠠᠨ ᠥᠷᠭᠡᠳᠬᠡᠵᠦ᠂ ᠰᠢᠯᠢᠳᠡᠭ ᠢ ᠨᠢ ᠰᠣᠩᠭᠤᠨ ᠡᠩᠨᠡᠭᠡ ᠪᠠᠨ ᠬᠦᠴᠦᠷᠭᠡᠭᠵᠢᠬᠦᠯᠪᠡ᠃ | ᠬᠤᠰᠢᠭᠤᠨ ᠤ ᠨᠠᠮ ᠤᠨ ᠬᠤᠷᠢᠶ᠎ᠠ ᠶᠢᠨ ᠨᠢᠭᠡᠳᠦᠯᠲᠡᠶ ᠲᠥᠯᠥᠪᠯᠡᠨ ᠬᠡᠷᠡᠭᠵᠢᠭᠦᠯᠬᠦ᠂ ᠰᠤᠮᠤᠨ ᠤ ᠨᠠᠮ ᠤᠨ | ᠬᠤᠷᠢᠶ᠎ᠠ ᠠᠴᠠ ᠤᠷᠢᠨ ᠲᠣᠮᠢᠯᠠᠬᠤ᠂ ᠭᠠᠴᠠᠭᠠᠨ ᠤ ᠨᠠᠮ ᠤᠨ ᠡᠭᠦᠷ ᠤᠨ ᠬᠥᠮᠦᠨ ᠬᠡᠷᠡᠭᠯᠡᠬᠦ ᠴᠢᠳᠠᠪᠤᠷᠢᠲᠠᠨ ᠢ ᠬᠡᠷᠡᠭᠯᠡᠬᠦ | ᠵᠠᠷᠴᠢᠮ ᠶᠣᠰᠣᠭᠠᠷ᠂ ᠰᠣᠩᠭᠤᠨ ᠤᠷᠢᠬᠤ ᠡᠲᠡᠭᠡᠳ᠂ ᠰᠣᠩᠭᠤᠨ ᠤᠷᠢᠬᠤ ᠠᠯᠬᠤᠮ ᠳᠠᠷᠠᠭᠠᠯᠠᠯ᠂ ᠲᠠᠷᠠᠭᠠᠴᠢ ᠶᠢᠨ | ᠬᠢᠨᠠᠯᠲᠠ ᠶᠢ ᠴᠢᠩᠭ᠎ᠠ ᠠᠳᠬᠤᠵᠤ᠂ ︽ᠨᠡᠷ᠎ᠡ ᠬᠦᠨᠳᠦᠲᠦ ᠲᠣᠰᠬᠤᠨ ᠤ ᠳᠠᠷᠤᠭ᠎ᠠ︾ ᠶᠢᠨ ᠰᠣᠩᠭᠤᠨ ᠤᠷᠢᠬᠤ | ᠠᠵᠢᠯ ᠢ ᠠᠷᠠᠳᠴᠢᠯᠠᠬᠤ᠂ ᠲᠤᠭᠳᠠᠴᠠᠵᠢᠭᠤᠯᠬᠤ᠂ ᠵᠢᠷᠤᠮᠵᠢᠭᠤᠯᠬᠤ ᠶᠢ ᠪᠡᠶᠡᠯᠡᠬᠦᠯᠵᠦ᠂᠃ ᠨᠢᠭᠡ ᠶᠢ | ᠪᠣᠯᠪᠠᠰᠤᠷᠠᠩᠭᠤᠶ ᠪᠤᠯᠭᠠᠪᠠᠯ ᠨᠢᠭᠡ ᠶᠢ ᠤᠷᠢᠨ ᠲᠣᠮᠢᠯᠠᠬᠤ ᠵᠠᠷᠴᠢᠮ ᠶᠣᠰᠣᠭᠠᠷ᠂ ᠬᠤᠪᠢ ᠬᠥᠮᠦᠨ ᠥᠪᠡᠷ ᠢ ᠪᠠᠨ | ᠲᠠᠨᠢᠯᠴᠠᠭᠤᠯᠬᠤ᠂ ᠲᠣᠰᠬᠤᠨ ᠤ ᠱᠠᠲᠤᠨ ᠠᠴᠠ ᠲᠠᠨᠢᠯᠴᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ︽ᠨᠡᠷ᠎ᠡ | ᠬᠦᠨᠳᠦᠲᠦ ᠲᠣᠰᠬᠤᠨ ᠤ ᠳᠠᠷᠤᠭ᠎ᠠ︾ ᠶᠢᠨ ᠰᠣᠩᠭᠤᠨ ᠤᠷᠢᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ 2 | ᠨᠡᠷᠡᠰ ᠰᠢᠯᠢᠳᠡᠭ ᠴᠢᠳᠠᠪᠤᠷᠢᠲᠠᠨ ᠢ ᠤᠷᠢᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ︽ᠰᠢᠨ᠎ᠡ | ᠴᠢᠰᠤ︾ ᠨᠡᠮᠡᠷᠢᠯᠡᠵᠦ᠂ ᠬᠥᠭᠵᠢᠯᠲᠡ ᠶᠢᠨ ᠬᠥᠳᠡᠯᠭᠡᠬᠦ ᠬᠦᠴᠦᠨ ᠢ ᠬᠥᠭᠵᠢᠭᠡᠪᠡ᠃ | ᠳᠠᠪᠠᠭᠤᠯᠢᠭ ᠢᠶᠠᠨ ᠢᠯᠡᠷᠡᠬᠦᠯᠵᠦ᠂ ᠦᠢᠯᠡᠳᠦᠯ ᠢᠶᠠᠨ ᠪᠠᠳᠠᠷᠠᠭᠤᠯᠬᠤ ᠶᠢ ᠴᠢᠩᠭᠠᠳᠬᠠᠪᠠ ᠃ | ᠪᠠᠶ᠋ᠬᠠᠤᠪᠤᠭ᠎ᠠ ᠰᠤᠮᠤ ᠶᠢᠨ ᠬᠢᠨ ᠲᠣᠰᠬᠤᠨ ᠤ ᠪᠠᠶᠢᠳᠠᠯ ᠠᠷᠠᠳ ᠤᠨ ᠰᠠᠨᠠᠭ᠎ᠠ ᠲᠠᠢ ᠭᠦᠢᠴᠡᠳ ᠤᠶᠠᠯᠳᠤᠭᠤᠯᠤᠨ | ᠤᠨᠢᠨ ᠳᠡᠭᠡᠷ᠎ᠡ ᠨᠢ ᠵᠣᠬᠢᠴᠠᠭᠤᠯᠵᠤ᠂ ︽ᠨᠡᠷ᠎ᠡ ᠬᠦᠨᠳᠦᠲᠦ ᠲᠣᠰᠬᠤᠨ ᠤ ᠳᠠᠷᠤᠭ᠎ᠠ︾ ᠶᠢᠨ ᠲᠤᠰ ᠪᠡᠶ᠎ᠡ ᠶᠢᠨ | ᠤᠨᠴᠠ ᠴᠢᠳᠠᠪᠦᠷᠢ ᠶᠢᠨ ᠳᠠᠪᠠᠭᠤᠯᠢᠭ ᠢᠶᠠᠨ ᠬᠦᠢᠴᠡᠳ ᠪᠠᠳᠠᠷᠠᠭᠤᠯᠵᠤ᠂ ᠲᠡᠳᠡᠨ ᠢ ᠭᠠᠴᠠᠭᠠᠨ ᠤ ᠬᠥᠭᠵᠢᠯᠲᠡ ᠶᠢᠨ | ᠲᠥᠯᠥᠪᠵᠢᠭᠦᠯᠭᠡ ᠪᠣᠯᠤᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ ᠣᠷᠣᠯᠴᠠᠬᠤ ᠶᠢ | ᠵᠤᠷᠢᠭᠵᠢᠭᠤᠯᠵᠤ᠂ ᠪᠤᠳᠤᠯ ᠰᠡᠳᠬᠢᠴᠡ ᠲᠤᠷᠠᠳᠤᠨ᠂ ᠰᠠᠶᠢᠨ ᠠᠷᠭ᠎ᠠ ᠤᠬᠠᠭᠠᠨ ᠡᠷᠬᠦᠳᠡᠭ ︽ ᠵᠦᠪᠯᠡᠭᠴᠢ︾ | ᠪᠤᠯᠵᠤ᠂ ︽ᠨᠡᠷ᠎ᠡ ᠬᠦᠨᠳᠦᠲᠦ ᠲᠣᠰᠬᠤᠨ ᠤ ᠳᠠᠷᠤᠭ᠎ᠠ︾ ᠨᠢ ᠠᠵᠤ ᠠᠬᠤᠶᠢᠯᠠᠯᠲᠠᠨ᠂ ᠰᠦᠯᠵᠢᠶᠡᠨ ᠤᠳᠤ | ᠪᠣᠯᠤᠭᠰᠠᠨ ᠤ ᠬᠤᠪᠢ ᠳᠤ᠂ ᠬᠤᠩ ᠶᠠᠨ ᠺᠧᠦ ᠨᠠᠮ ᠤᠨ ᠤᠳᠤᠷᠢᠳᠤᠭᠴᠢ ᠮᠠᠯ ᠠᠵᠤ ᠠᠬᠤᠢ ᠲᠠᠷᠢᠶᠠᠯᠠᠩ ᠤᠨ | ᠲᠤᠰᠬᠠᠢ ᠬᠤᠷᠰᠢᠶ᠎ᠠ ᠶᠢᠨ ᠬᠤᠨᠢᠨ ᠮᠢᠬ᠎ᠠ ᠶᠢ ᠥᠷᠭᠡᠨ ᠢᠶᠠᠷ ᠤᠬᠠᠭᠤᠯᠤᠨ ᠳᠡᠯᠭᠡᠷᠡᠭᠦᠯᠵᠦ᠂ ᠪᠣᠷᠣᠯᠠᠭᠤᠯᠭ᠎ᠠ ᠶᠢᠨ | ᠠᠷᠭ᠎ᠠ ᠵᠠᠮ ᠢ ᠥᠷᠭᠡᠳᠬᠡᠵᠦ᠂ ᠲᠦᠷᠦᠯ ᠲᠡᠮᠳᠡᠭ ᠤᠨ ︽ᠤᠬᠠᠭᠤᠯᠤᠭᠴᠢ︾ ᠪᠤᠯᠪᠠ︔ ︽ᠨᠡᠷ᠎ᠡ ᠬᠦᠨᠳᠦᠲᠦ | ᠲᠣᠰᠬᠤᠨ ᠤ ᠳᠠᠷᠤᠭ᠎ᠠ︾ ᠨᠢ ᠤᠯᠠᠨ ᠲᠦᠮᠡᠨ ᠤ ᠪᠠᠴᠢᠮ ᠬᠦᠴᠢᠷ ᠠᠰᠠᠭᠤᠳᠠᠯ ᠢ ᠰᠢᠢᠳᠪᠦᠷᠢᠯᠡᠵᠦ᠂ ᠪᠣᠳᠠᠲᠠᠢ | ᠶᠠᠪᠤᠳᠠᠯ ᠬᠢᠵᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ︽ᠦᠢᠯᠡᠴᠢᠯᠡᠭᠴᠢ︾ ᠪᠣᠯᠤᠭᠰᠠᠨ ᠪᠠᠶᠢᠨ᠎ᠠ᠃ | ᠦᠨᠳᠦᠰᠦᠨ ᠵᠦᠢᠯ ᠢ ᠪᠠᠲᠤᠯᠠᠵᠤ᠂ ᠤᠷᠲᠤ ᠬᠤᠭᠤᠴᠠᠭᠠᠨ ᠤ ᠪᠦᠲᠦᠮᠵᠢᠲᠡᠶ ᠬᠥᠭᠵᠢᠯᠲᠡ ᠶᠢ ᠬᠠᠶᠢᠨ | ᠰᠦᠪᠡᠭᠴᠢᠯᠡᠪᠡ᠃ ᠪᠠᠶ᠋ᠬᠠᠤᠪᠤᠭ᠎ᠠ ᠰᠤᠮᠤ ᠤᠷᠳᠤ ᠬᠤᠭᠤᠴᠠᠭᠠᠨ ᠤ ᠪᠦᠲᠦᠮᠵᠢᠲᠡᠢ ᠬᠠᠷᠢᠯᠴᠠᠬᠤ ᠲᠣᠭᠲᠠᠴᠠ ᠶᠢ | ᠪᠠᠶᠢᠭᠤᠯᠵᠤ᠂ ᠰᠤᠮᠤᠨ ᠤ ᠨᠠᠮ ᠤᠨ ᠬᠤᠷᠢᠶᠠᠨ ᠤ ᠳᠡᠳ᠋ ᠱᠦᠵᠢ ᠪᠣᠯᠤᠨ ᠰᠠᠶ᠋ᠢᠬᠠᠨ ᠤᠷᠢᠵᠤ ᠠᠪᠴᠢᠷᠠᠭᠰᠠᠨ ︽ | ᠨᠡᠷ᠎ᠡ ᠬᠦᠨᠳᠦᠲᠦ ᠲᠣᠰᠬᠤᠨ ᠤ ᠳᠠᠷᠤᠭ᠎ᠠ︾ ᠲᠠᠢ ︽ᠨᠡᠷ᠎ᠡ ᠬᠦᠨᠳᠦᠲᠦ ᠲᠣᠰᠬᠤᠨ ᠤ ᠳᠠᠷᠤᠭ᠎ᠠ︾ ᠶᠢᠨ ᠡᠭᠦᠷᠭᠡ | ᠬᠠᠷᠢᠭᠤᠴᠠᠯᠭ᠎ᠠ ᠶᠢ ᠰᠠᠶᠢᠲᠤᠷ ᠭᠦᠢᠴᠡᠳᠬᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠨᠡᠶᠢᠭᠡᠮ ᠤᠨ | ᠵᠠᠰᠠᠯᠲᠠ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ᠂ ᠠᠵᠤ ᠦᠢᠯᠡᠰ ᠤᠨ ᠬᠥᠭᠵᠢᠯᠲᠡ ᠶᠢᠨ ᠳᠤᠮᠳᠠ | ᠦᠢᠯᠡᠳᠦᠯ ᠢᠶᠠᠨ ᠪᠠᠳᠠᠷᠠᠭᠤᠯᠬᠤ ᠵᠢᠴᠢ ᠭᠠᠴᠠᠭᠠᠨ ᠤ ︽ᠬᠤᠶᠠᠷ ᠵᠥᠪᠯᠡᠯ︾ ᠤᠨ ᠺᠠᠳ᠋ᠷ ᠢ ᠬᠡᠷᠬᠢᠨ ᠬᠠᠪᠰᠤᠷᠤᠨ | ᠬᠦᠴᠢᠷ ᠠᠰᠠᠭᠤᠳᠠᠯ ᠢ ᠰᠢᠢᠳᠪᠦᠷᠢᠯᠡᠨ᠂ ᠬᠢᠵᠠᠭᠠᠷᠳᠠᠮᠠᠯ ᠠᠰᠠᠭᠤᠳᠠᠯ ᠢ ᠢᠯᠠᠨ ᠲᠠᠪᠠᠭ᠋ᠤ ᠵᠡᠷᠭᠡ ᠲᠠᠯ᠎ᠠ ᠪᠠᠷ | ᠰᠠᠨᠠᠯ ᠢᠶᠠᠨ ᠭᠦᠨᠵᠡᠭᠡᠢ ᠰᠣᠯᠢᠯᠴᠠᠪᠠ᠃ | ᠲᠠᠷᠠᠭᠠᠴᠢ ᠶᠢᠨ ᠠᠯᠬᠤᠮ ᠳᠤ᠂ ᠪᠠᠶ᠋ᠬᠠᠤᠪᠤᠭ᠎ᠠ ᠰᠤᠮᠤ ︽ᠨᠡᠷ᠎ᠡ ᠬᠦᠨᠳᠦᠲᠦ ᠲᠣᠰᠬᠤᠨ ᠤ ᠳᠠᠷᠤᠭ᠎ᠠ︾ ᠶᠢᠨ | ᠲᠣᠭᠲᠠᠴᠠ ᠶᠢ ᠦᠷᠭᠦᠯᠵᠢᠯᠡᠨ ᠰᠠᠶᠢᠲᠤᠷ ᠬᠡᠷᠡᠭᠯᠡᠵᠦ᠂ ᠴᠢᠳᠠᠪᠤᠷᠢᠲᠠᠨ ᠤ ᠨᠡᠶᠢᠯᠡᠮᠡᠯ ᠬᠦᠴᠦᠨ ᠢ ᠪᠠᠳᠠᠷᠠᠭᠤᠯᠤᠨ᠂ ︽ | ᠨᠡᠷ᠎ᠡ ᠬᠦᠨᠳᠦᠲᠦ ᠲᠣᠰᠬᠤᠨ ᠤ ᠳᠠᠷᠤᠭ᠎ᠠ︾ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠰᠢᠨ᠎ᠡ | ᠬᠥᠳᠡᠯᠭᠡᠭᠦᠷ︾ ᠪᠣᠯᠭᠠᠨ᠎ᠠ ᠃ |