ᠬᠠᠶᠠᠭᠳᠠᠮᠠᠯ ᠠᠭᠤᠷᠬᠠᠢ ᠶᠢᠨ ᠠᠮᠢ ᠠᠬᠤᠢ ᠶᠢ ᠵᠠᠰᠠᠨ ᠰᠡᠷᠬᠦᠬᠡᠵᠦ 5000 ᠭᠠᠷᠤᠢ ᠮᠦ ᠡᠬᠡ ᠭᠠᠵᠠᠷ ᠤᠨ︽ᠰᠢᠷᠬ᠎ᠠ ᠰᠤᠷᠪᠢ︾  ᠶᠢ  ᠵᠠᠰᠠᠪᠠ
ᠨᠡᠶᠢᠲᠡᠯᠡᠭᠰᠡᠨ ᠴᠠᠭ᠄
2024/9/6
      ᠤᠤᠯ  ᠤᠨ ᠨᠢᠴᠦᠭᠦᠨ ᠠᠭᠤᠷᠬᠠᠢ ᠶᠢᠨ ᠨᠠᠯᠠᠤ ᠳᠡᠭᠡᠷ᠎ᠡ ᠣᠳᠣ ᠨᠢᠭᠡᠨᠲᠡ ᠨᠢᠭᠡ ᠳᠠᠪᠬᠤᠷᠭ᠎ᠠ ᠨᠣᠭᠤᠭᠠᠷᠠᠵᠤ᠂ ᠡᠷᠪᠡᠬᠡᠢ  ᠲᠡᠷᠪᠡᠯᠵᠡᠨ ᠨᠢᠰᠴᠦ᠂  ᠬᠠᠷᠠᠭ᠎ᠠ ᠳᠦᠭᠦᠷᠡᠩ ᠨᠣᠭᠤᠭᠠᠨ ᠥᠩᠭᠡ ᠬᠠᠷᠠᠭᠳᠠᠨ᠎ᠠ᠃ ᠤᠢᠢᠷ᠎ᠠ ᠶᠢᠨ ᠵᠢᠯ ᠠᠴᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠠᠮᠢ ᠠᠬᠤᠢ ᠶᠢᠨ ᠠᠰᠠᠭᠤᠳᠠᠯ ᠢᠶᠠᠷ ᠲᠤᠪᠤᠶᠢᠮ᠎ᠠ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠬᠦᠨᠳᠦ ᠨᠣᠴᠢᠲᠠᠢ  ᠨᠦᠯᠦᠭᠡᠯᠡᠭᠰᠡᠨ ᠲᠡᠦᠬᠡᠨ ᠠᠴᠠ ᠦᠯᠡᠳᠡᠭᠳᠡᠵᠦ ᠢᠷᠡᠭᠰᠡᠨ ᠠᠭᠤᠷᠬᠠᠢ ᠳᠤ ᠠᠩᠬᠠᠷᠤᠯ ᠢᠶᠠᠨ ᠲᠥᠪᠯᠡᠷᠡᠭᠦᠯᠵᠦ᠂ ᠲᠡᠦᠬᠡᠨ ᠠᠴᠠ ᠦᠯᠡᠳᠡᠭᠳᠡᠵᠦ ᠢᠷᠡᠭᠰᠡᠨ ᠠᠭᠤᠷᠬᠠᠢ ᠶᠢᠨ ᠠᠮᠢ ᠠᠬᠤᠢ ᠶᠢ ᠰᠡᠷᠭᠦᠭᠡᠬᠦ ᠶᠢ ᠠᠬᠢᠭᠤᠯᠵᠤ᠂ ᠤᠳᠤ ᠪᠣᠯᠲᠠᠯ᠎ᠠ᠂ ᠲᠡᠦᠬᠡᠨ ᠠᠴᠠ ᠦᠯᠡᠳᠡᠭᠳᠡᠵᠦ ᠢᠷᠡᠭᠰᠡᠨ ᠠᠭᠤᠷᠬᠠᠢ ᠶᠢᠨ ᠠᠮᠢ ᠠᠬᠤᠢ ᠶᠢ ᠰᠡᠷᠭᠦᠭᠡᠬᠦ ᠲᠠᠯᠠᠪᠠᠢ ᠶᠢ ᠨᠡᠶᠢᠳᠡ 3.5 ᠲᠡᠭᠰᠢ ᠳᠥᠷᠪᠡᠯᠵᠢᠨ ᠺᠢᠯᠣᠮᠧᠳ᠋ᠷ ᠪᠡᠶᠡᠯᠡᠭᠦᠯᠪᠡ᠃     ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠡᠯᠪᠡᠭ ᠳᠡᠯᠪᠡᠭ᠂  ᠥᠨᠢ ᠤᠳᠠᠭᠠᠨ‌ᠨᠡᠭᠡᠭᠡᠨ ᠮᠠᠯᠲᠠᠭᠰᠠᠨ  ᠲᠡᠦᠬᠡ ᠲᠠᠢ᠃ 21 ᠳ᠋ᠦ᠋ᠭᠡᠷ ᠵᠠᠭᠤᠨ ᠤ ᠡᠬᠢᠨ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠲᠤᠬᠠᠭᠠᠯᠭ᠎ᠠ ᠪᠠᠯᠭᠠᠰᠤᠨ ᠤ ᠡᠷᠬᠢᠨ ᠲᠣᠭᠤᠷᠢᠨ ᠤ ᠣᠷᠣᠨ ᠪᠦᠰᠡ ᠳᠤ  ᠠᠭᠤᠷᠬᠠᠢ ᠶᠢᠨ ᠦᠢᠯᠡᠰ ᠢ ᠡᠮᠬᠢ ᠵᠠᠮᠪᠠᠷᠠᠭ᠎ᠠ ᠦᠭᠡᠢ ᠨᠡᠭᠡᠭᠡᠨ ᠬᠥᠭᠵᠢᠭᠦᠯᠵᠦ᠂ ᠠᠭᠤᠷᠬᠠᠢ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠬᠤ ᠠᠵᠢᠯ ᠢ ᠵᠡᠷᠭᠡᠪᠡᠷ ᠥᠷᠨᠢᠭᠦᠯᠵᠦ ᠴᠢᠳᠠᠭᠰᠠᠨ ᠦᠭᠡᠢ ᠠᠴᠠ ᠪᠤᠯᠵᠤ ᠡᠳᠦᠭᠡ ᠪᠣᠯᠲᠠᠯ᠎ᠠ ᠶᠡᠭᠡ ᠬᠡᠮᠵᠢᠶᠡᠨ ᠤ ᠲᠡᠦᠬᠡᠨ ᠠᠴᠠ ᠦᠯᠡᠳᠡᠭᠳᠡᠵᠦ ᠢᠷᠡᠭᠰᠡᠨ ᠠᠭᠤᠷᠬᠠᠢ ᠶᠢᠨ ᠵᠢᠷᠤᠭ ᠲᠣᠯᠪᠤ ᠲᠠᠢ᠂ ᠡᠳᠡᠭᠡᠷ ᠨᠢ ᠪᠠᠲᠤᠬᠠᠭᠠᠯᠭ᠎ᠠ ᠪᠠᠯᠭᠠᠰᠤ᠂  ᠪᠠᠶ᠋ᠬᠠᠤᠪᠤᠭ᠎ᠠ ᠰᠤᠮᠤ᠂ ᠪᠠᠶᠠᠨᠬᠤᠸᠠ ᠪᠠᠯᠭᠠᠰᠤ ᠪᠣᠯᠤᠨ ᠦᠬᠡᠷᠬᠤᠳᠳᠤᠭ ᠪᠠᠯᠭᠠᠰᠤᠨ ᠳᠤ ᠲᠠᠷᠬᠠᠵᠤ ᠪᠤᠢ᠃ ᠣᠶᠢᠷ᠎ᠠ ᠶᠢᠨ ᠵᠢᠯ ᠤᠳ ᠳᠤ᠂ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠢᠳᠡᠪᠬᠢᠲᠡᠶ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠲᠡᠤᠬᠡᠨ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠶ ᠶᠢᠨ ᠠᠮᠢ ᠠᠬᠤᠶ ᠶᠢ ᠰᠡᠷᠭᠦᠭᠡᠬᠦ ᠶᠢ ᠨᠠᠩ ᠲᠣᠪᠤᠶᠢᠮ᠎ᠠ ᠪᠠᠶᠢᠷᠢᠨ ᠳᠤ ᠲᠠᠯᠪᠢᠵᠤ᠂ ᠪᠥᠬᠦ ᠬᠤᠰᠢᠭᠤᠨ ᠤ ᠲᠡᠤᠬᠡᠨ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠶ ᠶᠢᠨ ᠠᠮᠢ ᠠᠬᠤᠶ ᠶᠢ ᠰᠡᠷᠭᠦᠭᠡᠬᠦ ᠠᠵᠢᠯ ᠢ ᠯᠠᠪᠳᠠᠭᠤᠨ ᠪᠠᠲᠤᠲᠠᠶ ᠠᠬᠢᠭᠤᠯᠪᠠ᠃     8 ᠰᠠᠷ᠎ᠠ ᠶᠢᠨ 22 ᠤᠨ ᠡᠳᠦᠷ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠮᠦᠨ᠎ᠡ ᠬᠡᠰᠡᠭ ᠤᠨ ᠲᠡᠦᠬᠡᠨ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠢ ᠶᠢᠨ ᠠᠮᠢ ᠠᠬᠤᠢ ᠶᠢ ᠰᠡᠷᠭᠦᠭᠡᠬᠦ ᠪᠠ ᠢᠨᠵᠧᠨᠧᠷᠢᠩ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ᠂ ᠮᠠᠯᠲᠠᠭᠤᠷ ᠮᠠᠰᠢᠨ ᠶᠠᠭ ᠬᠦᠳᠡᠷ ᠤᠨ ᠰᠢᠭᠠᠷᠤ ᠶᠢ ᠴᠡᠪᠡᠷᠯᠡᠵᠦ᠂ ᠤᠷᠭᠤᠮᠠᠯ ᠤᠨ ᠪᠦᠷᠬᠦᠴᠡ ᠶᠢ ᠲᠠᠬᠢᠨ ᠪᠠᠶᠢᠭᠤᠯᠵᠤ᠂ ᠦᠵᠡᠮᠵᠢ ᠨᠢ ᠲᠠᠬᠢᠨ ᠢᠯᠡᠷᠡᠭᠰᠡᠨ ᠠᠭᠤᠷᠬᠠᠢ ᠶᠢᠨ ᠠᠮᠢ ᠠᠬᠤᠢ ᠶᠢ ᠰᠡᠷᠭᠦᠭᠡᠬᠦ ᠠᠵᠢᠯ ᠨᠢᠭᠡᠨᠲᠡ ᠠᠩᠬ᠎ᠠ ᠠᠯᠬᠤᠮ ᠤᠨ ᠦᠷ᠎ᠡ ᠪᠦᠲᠦᠮᠵᠢ ᠤᠯᠪᠠ᠃    ᠲᠥᠷᠥᠯ ᠵᠦᠢᠯ ᠤᠨ ᠬᠢᠨᠠᠨ ᠬᠠᠮᠢᠶᠠᠷᠬᠤ ᠱᠤ᠋ ᠬᠤᠩ ᠯᠸᠢ ᠶᠢᠨ ᠲᠠᠨᠢᠯᠴᠠᠭᠤᠯᠤᠭᠰᠠᠨ ᠢᠶᠠᠷ᠂ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠪᠠᠲᠤᠬᠠᠭᠠᠯᠭ᠎ᠠ ᠪᠠᠯᠭᠠᠰᠤᠨ ᠤ ᠡᠷᠬᠢᠨ ᠲᠣᠭᠤᠷᠢᠨ ᠤ ᠲᠡᠦᠬᠡᠨ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠶ ᠶᠢᠨ ᠠᠮᠢ ᠠᠬᠤᠶ ᠶᠢ ᠰᠡᠷᠭᠦᠭᠡᠬᠦ ᠲᠥᠷᠥᠯ ᠵᠦᠢᠯ ᠢ ᠳᠥᠷᠪᠡᠨ ᠪᠠᠷᠢᠮᠵᠢᠶᠠᠲᠤ ᠬᠡᠰᠡᠭ ᠤᠨ 26 ᠵᠠᠰᠠᠯᠲᠠ ᠶᠢᠨ ᠣᠷᠣᠨ ᠬᠤᠪᠢᠶᠠᠵᠤ᠂ ᠲᠥᠷᠥᠯ ᠵᠦᠢᠯ ᠨᠢ 2023 ᠣᠨ ᠤ 11 ᠰᠠᠷ᠎ᠠ ᠶᠢᠨ 15 ᠤ ᠡᠳᠦᠷ ᠠᠵᠢᠯ ᠢᠶᠠᠨ ᠡᠬᠢᠯᠡᠭᠦᠯᠵᠦ᠂ ᠵᠠᠰᠠᠬᠤ ᠢᠨᠵᠧᠨᠧᠷᠢᠩ ᠨᠢ ᠭᠤᠤᠯᠳᠠᠭᠤ ᠬᠥᠲᠥᠯ ᠢ ᠬᠤᠰᠤᠬᠤ᠂ ᠨᠤᠷᠠᠬᠤ ᠠᠶᠤᠯᠲᠠᠶ ᠴᠢᠯᠠᠭᠤᠯᠢᠭ ᠢ ᠴᠡᠪᠡᠷᠯᠡᠬᠦ᠂ ᠰᠢᠷᠣᠶ ᠴᠢᠯᠠᠭᠤ ᠶᠢ ᠴᠡᠪᠡᠷᠯᠡᠨ ᠲᠡᠭᠡᠭᠡᠪᠦᠷᠢᠯᠡᠬᠦ᠂ ᠲᠠᠯᠠᠪᠤᠷ ᠭᠠᠵᠠᠷ ᠢ ᠲᠡᠭᠰᠢᠯᠡᠬᠦ᠂ ᠰᠢᠷᠣᠶ ᠬᠥᠷᠪᠡᠭᠦᠯᠬᠦ ᠪᠠ ᠡᠪᠡᠰᠦ ᠳᠠᠷᠢᠵᠤ ᠤᠷᠭᠤᠮᠠᠯ ᠤᠨ ᠪᠦᠷᠬᠦᠴᠡ ᠶᠢ ᠰᠡᠷᠭᠦᠭᠡᠬᠦ ᠵᠡᠷᠭᠡ ᠢᠨᠵᠧᠨᠧᠷᠢᠩ  ᠬᠤᠪᠢᠶᠠᠵᠤ ᠂ 2024 ᠣᠨ ᠤ 7 ᠰᠠᠷ᠎ᠠ ᠪᠣᠯᠲᠠᠯ᠎ᠠ ᠳᠥᠷᠪᠡᠨ ᠪᠠᠷᠢᠮᠵᠢᠶᠠᠲᠤ ᠬᠡᠰᠡᠭ ᠢ ᠴᠥᠮ ᠪᠠᠷᠢᠯᠭ᠎ᠠ ᠳᠠᠭᠤᠰᠬᠠᠵᠤ᠂ ᠵᠠᠰᠠᠭᠰᠠᠨ ᠦᠷ᠎ᠡ ᠪᠦᠲᠦᠮᠵᠢ ᠶᠢᠨ ᠲᠠᠯᠠᠪᠠᠶ ᠨᠢ 235.73 ᠾᠧᠺᠲ᠋ᠠᠷ ᠪᠠᠶᠢᠵᠤ᠂ ᠵᠠᠰᠠᠭᠰᠠᠨ ᠵᠢᠷᠤᠭ ᠲᠣᠯᠪᠤ ᠨᠢ 51 ᠪᠣᠯᠤᠨ᠎ᠠ᠃    ᠣᠳᠣᠬᠠᠨ ᠳᠤ ᠶᠠᠭ ᠶᠠᠪᠤᠭᠳᠠᠵᠤ ᠪᠠᠶᠢᠭ᠎ᠠ ᠵᠠᠰᠠᠯᠲᠠ ᠶᠢᠨ ᠢᠨᠵᠧᠨᠧᠷᠢᠩ ᠨᠢ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠡᠮᠦᠨᠡᠲᠦ ᠬᠡᠰᠡᠭ ᠤᠨ ᠲᠡᠤᠬᠡᠨ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠶ ᠶᠢᠨ ᠠᠮᠢ ᠠᠬᠤᠶ ᠶᠢ ᠬᠠᠮᠠᠭᠠᠯᠠᠨ ᠰᠡᠷᠭᠦᠭᠡᠬᠦ ᠲᠥᠷᠥᠯ ᠵᠦᠢᠯ ᠪᠣᠯᠤᠨ᠎ᠠ᠂ ᠵᠠᠰᠠᠯᠲᠠ ᠶᠢᠨ ᠶᠡᠷᠦᠩᠬᠡᠶ ᠬᠠᠷᠠᠯᠲᠠ ᠶᠢᠨ ᠲᠠᠯᠠᠪᠠᠶ ᠨᠢ ᠪᠠᠷᠤᠭ 130 ᠾᠧᠺᠲ᠋ᠠᠷ ᠪᠠᠶᠢᠵᠤ᠂ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ 686.49 ᠲᠦᠮᠡᠨ ᠲᠥᠭᠦᠷᠢᠭ ᠪᠠᠶᠢᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠮᠦᠨᠡᠲᠦ ᠬᠡᠰᠡᠭ ᠤᠨ 69 ᠰᠠᠭᠤᠷᠢ ᠲᠡᠤᠬᠡᠨ ᠠᠴᠠ ᠦᠯᠡᠳᠡᠭᠳᠡᠵᠦ ᠢᠷᠡᠭᠰᠡᠨ ᠠᠭᠤᠷᠬᠠᠶ ᠶᠢᠨ ᠵᠢᠷᠤᠭ ᠤᠨ ᠲᠣᠯᠪᠤ ᠶᠢ ᠪᠠᠭᠲᠠᠭᠠᠨ᠎ᠠ᠃ ᠲᠣᠰ ᠲᠥᠷᠥᠯ ᠵᠦᠢᠯ ᠢ ᠬᠡᠷᠡᠭᠵᠢᠭᠦᠯᠦᠭᠰᠡᠨ ᠤ ᠳᠠᠷᠠᠭ᠎ᠠ᠂ ᠠᠭᠤᠷᠬᠠᠶ ᠶᠢᠨ ᠭᠠᠵᠠᠷ ᠤᠨ ᠭᠠᠮᠰᠢᠭ ᠤᠨ ᠳᠠᠯᠳᠠ ᠬᠡᠮ ᠢ ᠠᠷᠢᠯᠭᠠᠵᠤ᠂ ᠲᠥᠷᠥᠯ  ᠵᠦᠢᠯ ᠤᠨ ᠣᠷᠣᠨ ᠤ ᠠᠮᠢ ᠠᠬᠤᠶ ᠶᠢᠨ ᠴᠢᠳᠠᠮᠵᠢ ᠶᠢ ᠰᠡᠷᠭᠦᠭᠡᠬᠦ ᠪᠣᠯᠤᠨ᠎ᠠ᠂ ᠵᠢᠱᠢᠯᠲᠡ ᠪᠠᠷ ᠲᠠᠷᠢᠮᠠᠯ ᠪᠡᠯᠴᠢᠭᠡᠷ ᠤᠨ ᠲᠠᠯᠠᠪᠠᠶ ᠶᠢ 134.96 ᠾᠧᠺᠲ᠋ᠠᠷ᠂ ᠲᠠᠷᠢᠶᠠᠨ ᠭᠠᠵᠠᠷ ᠢ ᠰᠡᠷᠭᠦᠭᠡᠭᠰᠡᠨ ᠲᠠᠯᠠᠪᠠᠶ  ᠨᠢ 1.42 ᠾᠧᠺᠲ᠋ᠠᠷ ᠂ ᠣᠶᠢᠲᠤ ᠭᠠᠵᠠᠷ ᠢ ᠰᠡᠷᠭᠦᠭᠡᠭᠰᠡᠨ ᠲᠠᠯᠠᠪᠠᠶ  ᠨᠢ1.68 ᠾᠧᠺᠲ᠋ᠠᠷ ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠮᠦᠨ᠎ᠡ ᠬᠡᠰᠡᠭ ᠤᠨ ᠲᠡᠤᠬᠡᠨ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠶ ᠶᠢᠨ ᠠᠮᠢ ᠠᠬᠤᠶ ᠶᠢᠨ ᠠᠰᠠᠭᠤᠳᠠᠯ ᠢ ᠪᠦᠲᠦᠮᠵᠢᠲᠡᠶ  ᠰᠢᠢᠳᠪᠦᠷᠢᠯᠡᠭᠰᠡᠨ ᠪᠠᠶᠢᠨ᠎ᠠ᠃      ᠣᠶᠢᠷ᠎ᠠ ᠶᠢᠨ ᠵᠢᠯ  ᠤᠳ ᠲᠤ᠂ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠤᠷᠢᠳ ᠬᠤᠵᠢᠳ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠤᠰᠬᠠᠶ ᠪᠠᠯᠠ ᠮᠥᠩᠭᠦ ᠶᠢ 4200 ᠭᠠᠷᠤᠶ ᠲᠦᠮᠡᠨ ᠲᠥᠭᠦᠷᠢᠭ ᠣᠯᠵᠤ᠂ ᠲᠡᠤᠬᠡᠨ ᠠᠴᠠ ᠦᠯᠡᠳᠡᠭᠳᠡᠵᠦ ᠢᠷᠡᠭᠰᠡᠨ ᠠᠭᠤᠷᠬᠠᠶ ᠶᠢᠨ ᠠᠮᠢ ᠠᠬᠤᠶ ᠶᠢ ᠰᠡᠷᠭᠦᠭᠡᠬᠦ ᠲᠠᠯᠠᠪᠠᠶ ᠶᠢ ᠨᠡᠶᠢᠲᠡ 3.5 ᠲᠡᠭᠰᠢ ᠳᠥᠷᠪᠡᠯᠵᠢᠨ  ᠺᠢᠯᠤᠮᠧᠲᠷ  ᠪᠡᠶᠡᠯᠡᠭᠦᠯᠪᠡ᠃ ︽ᠲᠡᠦᠬᠡᠨ ᠠᠴᠠ ᠦᠯᠡᠳᠡᠭᠳᠡᠵᠦ ᠢᠷᠡᠭᠰᠡᠨ ᠠᠭᠤᠷᠬᠠᠶ ᠶᠢᠨ ᠠᠮᠢ ᠠᠬᠤᠶ ᠶᠢ ᠰᠡᠷᠭᠦᠭᠡᠬᠦ ᠲᠥᠷᠥᠯ ᠵᠦᠢᠯ ᠢ ᠬᠡᠷᠡᠭᠵᠢᠭᠦᠯᠬᠦ ᠪᠠᠷ ᠳᠡᠮᠵᠢᠨ᠂ ᠨᠢᠭᠡ ᠲᠠᠯ᠎ᠠ ᠪᠠᠷ ᠲᠥᠷᠥᠯ ᠵᠦᠢᠯ ᠤᠨ ᠣᠷᠣᠨ ᠤ ᠳᠣᠲᠣᠷᠠᠬᠢ ᠭᠠᠵᠠᠷ ᠤᠨ ᠭᠠᠮᠰᠢᠭ ᠤᠨ ᠳᠠᠯᠳᠠ ᠬᠡᠮ ᠢ ᠪᠦᠲᠦᠮᠵᠢᠲᠡᠶ ᠠᠷᠢᠯᠭᠠᠵᠤ᠂ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠪᠠᠷ ᠳᠠᠮᠵᠢᠭᠤᠯᠤᠨ ᠴᠢᠨᠠᠷ ᠰᠠᠶᠢᠲᠠᠶ ᠲᠡᠵᠢᠭᠡᠯ ᠡᠪᠡᠰᠦ ᠪᠣᠷᠳᠤᠭ᠎ᠠ ᠭᠠᠷᠭᠠᠵᠤ ᠪᠣᠯᠬᠤ ᠮᠥᠷᠲᠡᠭᠡᠨ ᠪᠠᠰᠠ ᠣᠷᠣᠨ ᠪᠦᠰᠡ ᠶᠢᠨ ᠰᠠᠯᠬᠢ ᠶᠢ ᠰᠡᠷᠭᠡᠶᠢᠯᠡᠵᠦ ᠡᠯᠡᠰᠦ ᠶᠢ ᠲᠣᠭᠲᠠᠪᠤᠷᠢᠵᠢᠭᠤᠯᠬᠤ ᠴᠢᠳᠠᠪᠤᠷᠢ ᠶᠢ ᠨᠡᠮᠡᠭᠳᠡᠬᠦᠯᠪᠡ᠃ ᠲᠥᠷᠥᠯ ᠵᠦᠢᠯ ᠢ ᠬᠡᠷᠡᠭᠵᠢᠭᠦᠯᠦᠭᠰᠡᠨ ᠤ ᠳᠠᠷᠠᠭ᠎ᠠ᠂ ᠵᠠᠰᠠᠯᠲᠠ ᠶᠢᠨ ᠣᠷᠣᠨ ᠤ ᠳᠣᠲᠣᠷᠠᠬᠢ ᠰᠠᠭᠤᠭᠠᠯᠢ ᠠᠷᠠᠳ ᠤᠨ ᠠᠮᠢᠳᠤᠷᠠᠯ ᠤᠨ ᠣᠷᠴᠢᠨ ᠲᠣᠭᠤᠷᠢᠨ ᠪᠠ ᠪᠦᠬᠦ᠋ᠢᠯᠡ ᠣᠷᠣᠨ ᠪᠦᠰᠡ ᠶᠢᠨ ᠠᠮᠢ ᠠᠬᠤᠶ ᠶᠢᠨ ᠣᠷᠴᠢᠨ ᠲᠣᠭᠤᠷᠢᠨ ᠢ ᠢᠯᠡᠳᠲᠡ ᠰᠠᠶᠢᠵᠢᠷᠠᠭᠤᠯᠵᠤ᠂ ᠰᠢᠰᠲ᠋ᠧᠮᠵᠢᠭᠦᠯᠦᠨ ᠰᠡᠷᠭᠦᠭᠡᠬᠦ ᠪᠠ ᠶᠡᠷᠦᠩᠬᠡᠶᠢᠯᠡᠨ ᠵᠠᠰᠠᠬᠤ ᠪᠠᠷ ᠳᠠᠮᠵᠢᠭᠤᠯᠤᠨ᠂  ᠦᠩᠭᠡᠷᠡᠭᠰᠡᠨ ᠤ ᠰᠢᠷᠬ᠎ᠠ ᠰᠣᠷᠪᠢ ᠪᠠᠷ ᠲᠦᠭᠦᠷᠡᠩ᠂ ᠠᠮᠢ ᠠᠬᠤᠶ ᠬᠡᠪᠡᠷᠡᠭ ᠬᠠᠶᠠᠭᠳᠠᠮᠠᠯ ᠠᠭᠤᠷᠬᠠᠶ ᠶᠢ ᠳᠠᠬᠢᠨ ᠬᠦᠭᠡᠮᠳᠦᠭ ᠨᠤᠭᠤᠭᠠᠨ ᠠᠭᠤᠯᠠ ᠤᠰᠤ ᠪᠤᠯᠭᠠᠨ ᠢᠯᠡᠷᠡᠬᠦᠯᠪᠡ᠃ ᠭᠠᠵᠠᠷ ᠰᠢᠷᠣᠶ ᠶᠢᠨ ᠡᠬᠢ ᠪᠠᠶᠠᠯᠢᠭ ᠤᠨ ᠠᠰᠢᠭᠯᠠᠯᠲᠠ ᠪᠠ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢ ᠵᠣᠬᠢᠴᠠᠩᠭᠤᠶ ᠪᠠᠷ ᠬᠥᠭᠵᠢᠭᠦᠯᠵᠦ᠂ ᠠᠭᠤᠷᠬᠠᠶ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠪᠠᠶᠢᠳᠠᠯ ᠢ ᠢᠯᠡᠳᠲᠡ ᠰᠠᠶᠢᠵᠢᠷᠠᠭᠤᠯᠵᠤ ᠲᠡᠭᠡᠭᠰᠢᠯᠡᠬᠦᠯᠪᠡ ︾  ᠬᠡᠵᠦ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠤᠯᠤᠰ ᠤᠨ ᠭᠠᠵᠠᠷ  ᠰᠢᠷᠤᠢ ᠶᠢᠨ ᠣᠷᠣᠨ ᠵᠠᠢ ᠶᠢᠨ ᠠᠮᠢ ᠠᠬᠤᠢ ᠶᠢ ᠰᠡᠷᠭᠦᠭᠡᠬᠦ ᠲᠥᠪ ᠤᠨ ᠡᠷᠬᠢᠯᠡᠭᠴᠢ ᠰᠢ ᠬᠤᠢ ᠬᠡᠯᠡᠪᠡ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号