ᠵᠤᠨ ᠤ ᠬᠠᠯᠠᠭᠤᠨ ᠠᠴᠠ ᠪᠤᠯᠵᠤ ᠬᠦᠮᠦᠨ ᠤ ᠪᠡᠶ᠎ᠠ ᠶᠢᠨ ᠬᠡᠪ ᠤᠨ ᠠᠵᠢᠯᠯᠠᠭ᠎ᠠ ᠠᠳᠠᠯᠢ ᠪᠤᠰᠤ ᠬᠡᠮᠵᠢᠶᠡᠨ ᠤ | ᠬᠤᠪᠢᠷᠠᠯᠳᠠ ᠲᠠᠢ ᠪᠤᠯᠵᠤ᠂ ᠨᠠᠮᠤᠷ ᠤᠨ ᠤᠯᠠᠷᠢᠯ ᠪᠤᠯᠤᠬᠰᠠᠭᠠᠷ ᠰᠢᠯᠦᠰᠦᠨ ᠤ ᠱᠦᠬᠦᠷᠡᠯᠳᠡ ᠪᠠᠭᠠᠰᠴᠤ᠂ ᠪᠡᠶ᠎ᠡ ᠶᠢᠨ | ᠠᠷᠠᠰᠤ ᠬᠠᠭᠤᠷᠠᠶᠢᠰᠢᠬᠤ᠂ ᠬᠠᠮᠠᠷ ᠠᠮᠠ ᠬᠠᠳᠠᠬᠤ᠂ ᠨᠢᠳᠤ ᠤᠯᠠᠶᠢᠵᠤ ᠡᠪᠡᠳᠬᠦ᠂ ᠬᠤᠷᠭᠤᠰᠤ ᠬᠠᠳᠠᠬᠤ ᠵᠡᠷᠭᠡ | ᠡᠪᠡᠳᠴᠢᠨ ᠬᠡᠮ ᠠᠮᠠᠷᠬᠠᠨ ᠡᠬᠦᠰᠳᠡᠭ᠂ ᠳᠡᠷᠡᠴᠢᠯᠡᠨ ᠡᠪᠡᠳᠴᠢᠨ ᠢ ᠳᠠᠭᠠᠭᠠᠬᠤ ᠴᠢᠳᠠᠪᠦᠷᠢ ᠨᠢ ᠮᠡᠳᠡᠭᠳᠡᠮ᠎ᠡ ᠪᠠᠭᠤᠷᠠᠢ | ᠪᠤᠯᠳᠠᠬ ᠳᠤᠯᠠ ᠪᠤᠰᠤᠳ ᠵᠦᠢᠯ ᠤᠨ ᠶᠡᠷᠦ ᠶᠢᠨ ᠡᠪᠡᠳᠴᠢᠨ ᠠᠷᠬᠠᠬ ᠪᠤᠶᠤ ᠬᠠᠯᠳᠠᠪᠦᠷᠢᠳᠤ ᠡᠪᠡᠳᠴᠢᠨ ᠬᠢᠵᠢᠭ ᠲᠤ | ᠠᠮᠠᠷᠬᠠᠨ ᠨᠡᠷᠪᠡᠭᠳᠡᠳᠡᠭ᠃ | ᠡᠶᠢᠮᠦ ᠠᠴᠠ ᠨᠠᠮᠤᠷ ᠤᠨ ᠰᠤᠪᠢᠯᠠᠯᠳᠠ ᠳᠤ᠄ ︵1︶ ᠬᠡᠳᠤ ᠶᠠᠳᠠᠷᠠᠬᠤ᠂ ᠤᠨᠴᠠᠭᠠᠶᠢᠯᠠᠨ ᠳᠤᠳᠤᠷ | ᠳᠠᠮᠢᠷ ᠢᠶᠠᠨ ᠶᠡᠭᠡ ᠪᠠᠷᠠᠬᠤ ᠶᠢ ᠰᠡᠷᠭᠡᠶᠢᠯᠡᠵᠤ ᠬᠡᠳᠤ ᠬᠦᠯᠦᠷᠡᠬᠦ ᠦᠬᠡᠢ ᠪᠠᠶᠢᠬᠤ ᠬᠡᠷᠡᠭᠲᠡᠢ᠃ ︵2︶ | ᠠᠮᠢᠳᠤᠷᠠᠯ ᠢᠶᠠᠨ ᠵᠢᠮ᠎ᠠ ᠵᠦᠢ ᠲᠠᠢ ᠪᠠᠶᠢᠯᠭᠠᠵᠤ᠂ ᠰᠠᠭᠤᠬᠤ ᠦᠷᠤᠬᠡᠨ ᠳᠡᠭᠡᠨ ᠬᠤᠸᠠᠷ ᠴᠡᠴᠡᠭ ᠳᠡᠵᠢᠬᠡᠵᠤ | ᠦᠷᠬᠦᠯᠵᠢ ᠪᠠᠭ᠎ᠠ ᠰᠠᠭ᠎ᠠ ᠤᠰᠤ ᠰᠦᠷᠴᠢᠨ ᠠᠭᠤᠷ ᠠᠮᠢᠰᠬᠤᠯ ᠢᠶᠠᠨ ᠴᠢᠬᠢᠭᠯᠢᠭ ᠪᠠᠶᠢᠯᠭᠠᠬᠤ ᠬᠡᠷᠡᠭᠲᠡᠢ᠃ ︵3︶ | ᠢᠳᠡᠬᠡᠨ ᠤᠮᠳᠠᠭᠠᠨ ᠢᠶᠠᠨ ᠳᠤᠬᠢᠳᠡᠢ ᠳᠤᠬᠢᠷᠠᠭᠤᠯᠵᠤ ᠠᠭᠤᠰᠭᠢ᠂ ᠴᠤᠯᠤ ᠶᠢᠨ ᠳᠠᠮᠢᠷ ᠢ ᠰᠠᠶᠢᠵᠢᠷᠠᠭᠤᠯᠬᠤ ᠰᠢᠮ᠎ᠡ | ᠳᠡᠵᠢᠬᠡᠯ ᠰᠠᠶᠢᠲᠠᠢ ᠢᠳᠡᠭᠡᠨ ᠲᠤᠬᠠᠶᠢᠯᠠᠪᠠᠯ ᠮᠠᠭᠠᠵᠢ᠂ ᠵᠢᠵᠢᠭ ᠴᠠᠭᠠᠨ ᠨᠤᠭᠤᠭ᠎ᠠ᠂ ᠯᠤᠤᠪᠠᠩ᠂ ᠠᠯᠢᠮ᠎ᠠ᠂ | ᠱᠠᠪᠳᠠᠯ᠎ᠠ᠂ ᠴᠠᠭᠠᠨ ᠳᠡᠯᠳᠡᠤ ᠵᠡᠷᠭᠡ ᠶᠢ ᠢᠯᠡᠬᠦᠬᠡᠨ ᠢᠳᠡᠵᠤ ᠪᠠᠶᠢᠪᠠᠯ ᠰᠠᠶᠢᠨ᠃ ︵4︶ ᠨᠠᠮᠤᠷ ᠪᠤᠷᠤᠭᠠᠨ ᠰᠢᠪᠡᠷᠡᠬᠦ | ᠪᠦᠷᠢ ᠲᠡᠭᠷᠢ ᠬᠦᠢᠳᠡᠷᠡᠨ᠎ᠠ ᠭᠡᠳᠡᠭ᠂ ᠪᠡᠶ᠎ᠠ ᠡᠷᠡᠬᠦᠯ ᠴᠢᠬᠢᠷᠠᠬ ᠬᠦᠮᠦᠰ ᠲᠤ ᠠᠪᠴᠤ ᠬᠡᠯᠡᠪᠡᠯ ᠬᠡᠳᠤ ᠡᠷᠳᠡ ᠡᠮᠤᠰᠴᠤ | ᠵᠡᠭᠦᠬᠦ ᠪᠠᠨ ᠵᠤᠵᠠᠭᠠᠯᠠᠬᠤ ᠦᠬᠡᠢ ᠪᠤᠯ ᠵᠤᠬᠢᠨ᠎ᠠ᠃ ᠬᠠᠷᠢᠨ ᠳᠠᠮᠢᠷ ᠤᠨ ᠪᠤᠯᠪᠠᠰᠤᠷᠠᠯ ᠳᠤ ᠢᠯᠡᠬᠦᠬᠡᠨ ᠤᠷᠤᠯᠴᠠᠵᠤ᠂ | ᠡᠪᠡᠳᠴᠢᠨ ᠢ ᠳᠠᠭᠠᠭᠠᠬᠤ ᠴᠢᠳᠠᠪᠦᠷᠢ ᠪᠠᠨ ᠲᠡᠭᠡᠭᠰᠢᠯᠡᠭᠦᠯᠬᠦ ᠬᠡᠷᠡᠭᠲᠡᠢ᠃ ᠭᠡᠪᠡᠴᠤ ᠬᠡᠳᠤᠷᠬᠡᠢ ᠨᠢᠮᠬᠡᠨ ᠡᠮᠤᠰᠴᠤ ᠵᠡᠬᠦᠬᠦ | ᠦᠬᠡᠢ᠃ ᠦᠬᠡᠢ ᠪᠤᠯ ᠦᠶ᠎ᠠ ᠭᠡᠰᠢᠭᠦᠦ ᠶᠢᠨ ᠡᠪᠡᠳᠴᠢᠨ᠂ ᠮᠦᠬᠡᠷᠰᠤᠨ ᠬᠤᠭᠤᠯᠠᠢ ᠶᠢᠨ ᠦᠷᠪᠢᠰᠤᠯ᠂ | ᠰᠢᠩᠭᠡᠭᠡᠯᠳᠡ ᠶᠢᠨ ᠵᠠᠮ ᠤᠨ ᠡᠪᠡᠳᠴᠢᠨ ᠵᠡᠷᠭᠡ ᠳᠤ ᠨᠡᠷᠪᠡᠭᠳᠡᠳᠡᠭ᠃ ︵5︶ ᠨᠠᠮᠤᠷ ᠤᠨ ᠴᠠᠬ ᠲᠤ ᠬᠠᠯᠠᠭᠤᠨ | ᠬᠦᠢᠳᠡᠨ ᠨᠢ ᠳᠤᠬᠳᠠᠭᠤᠨ ᠦᠬᠡᠢ ᠳᠤᠯᠠ ᠬᠡᠤᠬᠡᠳ ᠠᠮᠠᠷᠬᠠᠨ ᠡᠪᠡᠳᠴᠢᠯᠡᠳᠡᠭ᠂ ᠨᠠᠰᠤᠳᠠᠶᠢᠴᠤᠳ ᠠᠮᠠᠷᠬᠠᠨ | ᠬᠢᠮᠦᠷᠠᠬᠤ ᠪᠤᠶᠤ ᠬᠠᠭᠤᠴᠢᠨ ᠡᠪᠡᠳᠴᠢᠨ ᠬᠡᠮ ᠨᠢ ᠬᠦᠳᠡᠯᠳᠡᠭ᠃ ᠴᠢᠰᠤᠨ ᠳᠠᠷᠤᠯᠳᠠ ᠦᠨᠳᠤᠷ ᠡᠪᠡᠳᠴᠢᠳᠡᠨ | ᠨᠠᠮᠤᠷ ᠤᠨ ᠬᠦᠢᠳᠡᠨ ᠳᠤ ᠴᠢᠰᠤᠨ ᠰᠤᠳᠠᠯ ᠨᠢ ᠠᠪᠴᠢᠵᠤ ᠴᠢᠰᠤᠨ ᠳᠠᠷᠤᠯᠳᠠ ᠨᠢ ᠦᠨᠳᠤᠷᠵᠢᠳᠡᠭ ᠳᠤᠯᠠ | ᠦᠷᠬᠦᠯᠵᠢ ᠴᠢᠰᠤᠨ ᠳᠠᠷᠤᠯᠳᠠ ᠪᠠᠨ ᠬᠡᠮᠵᠢᠨ ᠡᠮ ᠲᠠᠩ ᠢᠶᠠᠨ ᠳᠠᠰᠤᠯᠳᠠᠭᠤᠯᠤᠯ ᠦᠬᠡᠢ ᠤᠤᠭᠤᠵᠤ᠂ ᠡᠮᠴᠢ ᠪᠠᠷ | ᠤᠨᠤᠰᠢᠯᠠᠭᠤᠯᠬᠤ ᠶᠢ ᠠᠩᠬᠠᠷᠬᠤ ᠬᠡᠷᠡᠭᠲᠡᠢ᠃ |