ᠰᠢᠪᠠᠷᠬᠦ᠋ᠷᠢᠶ᠎ᠡ ᠲᠡᠮᠦᠷ ᠤᠨ ᠠᠭᠤᠷᠬᠠᠶ ᠶᠢᠨ ᠪᠦᠯᠦᠭᠯᠡᠯ ᠰᠢᠷᠠᠮᠥ᠋ᠷᠡᠨ ᠪᠠᠯᠭᠠᠰᠤᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠢ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2024/9/7
      9 ᠰᠠᠷ᠎ᠠ ᠶᠢᠨ 6 ᠤ ᠡᠳᠦᠷ᠂ ᠰᠢᠪᠠᠷᠬᠦ᠋ᠷᠢᠶ᠎ᠡ ᠲᠡᠮᠦᠷ ᠤᠨ ᠠᠭᠤᠷᠬᠠᠢ ᠶᠢᠨ ᠪᠦᠯᠦᠭᠯᠡᠯ ᠤᠨ ᠡᠭᠦᠳᠦᠭᠴᠢ ᠯᠢ ᡁᠢ ᠴᠢᠶᠠᠩ ᠪᠦᠯᠬᠦᠮ ᠳᠠᠭᠠᠭᠤᠯᠤᠨ ᠰᠢᠷᠠᠮᠥ᠋ᠷᠡᠨ ᠪᠠᠯᠭᠠᠰᠤᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠲᠤᠬᠠᠢ ᠪᠠᠶᠢᠴᠠᠭᠠᠨ ᠰᠤᠳᠤᠯᠤᠯᠲᠠ ᠬᠢᠪᠡ᠃ ᠰᠢᠷᠠᠮᠥ᠋ᠷᠡᠨ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂  ᠪᠠᠯᠭᠠᠰᠤᠨ ᠳᠠᠷᠤᠭ᠎ᠠ ᠵᠣᠣ ᡁᠢ ᠸᠧᠨ᠂ ᠰᠢᠷᠠᠮᠥ᠋ᠷᠡᠨ ᠪᠠᠯᠭᠠᠰᠤᠨ ᠤ ᠳᠡᠳ᠋ ᠳᠠᠷᠤᠭ᠎ᠠ  ᠬᠠᠢ ᠶᠠᠩ᠂ ᠬᠦᠭᠡᠳᠡᠷᠡᠰᠦ ᠭᠠᠴᠠᠭᠠᠨ ᠤ ᠨᠠᠮ ᠤᠨ ᠡᠭᠦᠷ ᠤᠨ ᠱᠦᠵᠢ ᠶᠠᠩ ᠢᠦᠶ ᠬᠠᠶ ᠨᠠᠷ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃     ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠬᠤᠩᠭᠤᠷᠠᠤᠪᠤᠭ᠎ᠠ ᠦᠵᠡᠮᠵᠢ ᠶᠢᠨ ᠣᠷᠣᠨ ᠂   ᠬᠦᠭᠡᠳᠡᠷᠡᠰᠦ ᠭᠠᠴᠠᠭ᠎ᠠ ᠶᠢᠨ ᠠᠳᠤᠭᠤᠨ ᠤ ᠠᠵᠤ ᠦᠢᠯᠡᠰ ᠤᠨ ᠬᠦᠷᠢᠶᠡᠯᠡᠩ᠂  ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ  ᠤ ᠳᠡᠯᠭᠡᠨ ᠪᠣᠷᠣᠯᠠᠭᠤᠯᠬᠤ ᠲᠥᠪ᠂ ᠰᠢᠷᠠᠮᠥ᠋ᠷᠡᠨ ᠶᠡᠭᠡ ᠪᠠᠭᠤᠳᠠᠯ ᠳᠤ ᠬᠦᠷᠴᠦ ᠲᠤᠬᠠᠢ ᠶᠢᠨ ᠭᠠᠵᠠᠷ  ᠲᠤ ᠨᠢ ᠰᠢᠨᠵᠢᠯᠡᠨ ᠪᠠᠶᠢᠴᠠᠭᠠᠵᠤ᠂ ᠰᠢᠷᠠᠮᠥ᠋ᠷᠡᠨ ᠪᠠᠯᠭᠠᠰᠤᠨ ᠤ ᠠᠵᠤ ᠦᠢᠯᠡᠰ ᠤᠨ ᠲᠥᠯᠥᠪᠵᠢᠭᠦᠯᠭᠡ ᠪᠣᠯᠤᠨ ᠰᠣᠶᠣᠯ  ᠵᠢᠭᠤᠯᠴᠢᠯᠠᠯ ᠤᠨ ᠲᠦᠷᠦᠯ ᠵᠦᠢᠯ ᠤᠨ ᠡᠵᠡᠩᠨᠡᠯᠲᠡ ᠶᠢᠨ ᠪᠠᠶᠢᠳᠠᠯ ᠢ ᠭᠦᠨᠵᠡᠭᠡᠢ ᠣᠶᠢᠯᠠᠭᠠᠪᠠ᠃     ᠯᠢ ᡁᠢ ᠴᠢᠶᠠᠩ ᠰᠢᠷᠠᠮᠥ᠋ᠷᠡᠨ ᠪᠠᠯᠭᠠᠰᠤᠨ ᠤ ᠲᠠᠷᠢᠶᠠᠯᠠᠩ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠲᠠᠯ᠎ᠠ ᠪᠠᠷ ᠬᠢ ᠬᠠᠶᠢᠨ ᠰᠦᠪᠡᠭᠴᠢᠯᠡᠯᠲᠡ ᠶᠢ ᠭᠦᠢᠴᠡᠳ ᠨᠤᠲᠠᠯᠠᠭᠰᠠᠨ ᠤ ᠬᠠᠮᠲᠤ᠂ ᠢᠷᠡᠭᠡᠳᠦᠶ ᠳᠤ ᠰᠢᠷᠠᠮᠥ᠋ᠷᠡᠨ ᠪᠠᠯᠭᠠᠰᠤ ᠲᠠᠢ ᠬᠠᠷᠢᠯᠴᠠᠭ᠎ᠠ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ ᠲᠥᠷᠥᠯ ᠵᠦᠢᠯ ᠢ ᠬᠠᠮᠲᠤ ᠪᠠᠷ ᠡᠳ᠋ᠯᠡᠬᠦ ᠶᠢ ᠬᠦᠴᠦᠯᠡᠨ ᠠᠬᠢᠭᠤᠯᠤᠨ᠎ᠠ ᠭᠡᠵᠦ ᠢᠯᠡᠳᠬᠡᠪᠡ᠃ ᠨᠢᠭᠡ ᠳᠤ᠂ ᠠᠳᠤᠭᠤᠨ ᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠵᠤ᠂ ᠬᠦᠭᠡᠳᠡᠷᠡᠰᠦ ᠭᠠᠴᠠᠭᠠᠨ ᠤ ᠠᠳᠤᠭᠤᠨ ᠤ ᠠᠵᠤ ᠦᠢᠯᠡᠰ ᠤᠨ ᠬᠦᠷᠢᠶᠡᠯᠡᠩ ᠢᠶᠠᠷ ᠬᠤᠯᠪᠣᠭᠠᠰᠤ ᠪᠣᠯᠭᠠᠵᠤ᠂ ᠵᠢᠭᠤᠯᠴᠢᠯᠠᠯ ᠳᠤ ᠬᠡᠷᠡᠭᠯᠡᠬᠦ ᠮᠣᠷᠢ ᠶᠢ ᠡᠮᠬᠢᠯᠡᠨ ᠨᠡᠶᠢᠯᠡᠭᠦᠯᠵᠦ᠂ ᠮᠠᠯᠴᠢᠳ ᠤᠨ ᠢᠳᠡᠪᠬᠢᠵᠢᠯ ᠢ ᠳᠠᠶᠢᠴᠢᠯᠠᠵᠤ᠂ ᠰᠢᠷᠠᠮᠥ᠋ᠷᠡᠨ ᠮᠣᠷᠢᠨ ᠤ ᠠᠩᠭᠢ ᠶᠢ ᠪᠠᠶᠢᠭᠤᠯᠵᠤ᠂ ᠮᠣᠷᠢ ᠤᠨᠤᠬᠤ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠵᠢᠷᠤᠮᠵᠢᠭᠤᠯᠤᠯᠲᠠ ᠶᠢ ᠠᠬᠢᠭᠤᠯᠤᠨ᠎ᠠ᠃ ᠬᠤᠶᠠᠷ ᠲᠤ᠂ ᠵᠤᠭᠠᠴᠠᠭᠰᠠᠳ ᠲᠤ ᠦᠢᠯᠡᠴᠢᠯᠡᠬᠦ ᠲᠥᠪ ᠢ ᠡᠬᠢᠯᠡᠭᠦᠯᠵᠦ᠂ ᠰᠠᠭᠤᠷᠢ ᠲᠥᠬᠦᠭᠡᠷᠦᠮᠵᠢ ᠶᠢ ᠢᠵᠢ ᠪᠦᠷᠢᠳᠦᠭᠦᠯᠦᠨ ᠲᠡᠭᠦᠯᠳᠡᠷᠵᠢᠭᠦᠯᠵᠦ᠂ ᠡᠯ᠎ᠡ ᠦᠵᠡᠮᠵᠢ ᠶᠢᠨ ᠣᠷᠣᠨ ᠢ ᠬᠢᠨᠠᠨ ᠬᠠᠮᠢᠶᠠᠷᠴᠤ ᠵᠣᠬᠢᠴᠠᠭᠤᠯᠬᠤ ᠶᠢ ᠴᠢᠩᠭᠠᠳᠬᠠᠵᠤ᠂ ᠬᠠᠯᠠᠭᠤᠨ ᠳᠤᠯᠠᠭᠠᠨ ᠲᠠᠭᠠᠯᠠᠮᠵᠢᠲᠠᠶ ᠵᠢᠭᠤᠯᠴᠢᠯᠠᠯ ᠤᠨ ᠪᠡᠶᠡᠴᠢᠯᠡᠨ ᠤᠶᠢᠯᠠᠭᠠᠬᠤ ᠶᠢ ᠪᠤᠢ ᠪᠣᠯᠭᠠᠨ᠎ᠠ᠃ ᠭᠤᠷᠪᠠ ᠳᠤ᠂ ︽ᠰᠣᠶᠣᠯ ᠵᠢᠭᠤᠯᠴᠢᠯᠠᠯ  +ᠡᠷᠡᠭᠦᠯᠵᠢᠯ ᠰᠤᠪᠢᠯᠠᠯᠲᠠ︾ ᠶᠢᠨ ᠬᠥᠭᠵᠢᠯᠲᠡ ᠶᠢᠨ ᠵᠠᠭᠪᠤᠷ ᠢ ᠬᠠᠶᠢᠨ ᠰᠦᠪᠡᠭᠴᠢᠯᠡᠵᠦ᠂ ᠰᠤᠯᠠ ᠲᠠᠯᠪᠢᠭᠳᠠᠵᠤ ᠪᠠᠶᠢᠭ᠎ᠠ ᠡᠳ᠋ ᠬᠥᠷᠥᠩᠭᠡ ᠶᠢ ᠠᠮᠢᠳᠤᠯᠢᠭ ᠪᠣᠯᠭᠠᠵᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠢ ᠥᠷᠭᠡᠳᠬᠡᠨ᠎ᠡ᠃    ᠵᠤᠤ ᡁᠢ ᠸᠧᠨ ᠯᠢ ᡁᠢ ᠴᠢᠶᠠᠩ ᠨᠠᠷ ᠤᠨ  ᠠᠶᠢᠯᠴᠢᠯᠠᠬᠤ ᠪᠠᠷ ᠢᠷᠡᠭᠰᠡᠨ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠬᠦ ᠶᠢᠨ ᠬᠠᠮᠲᠤ ᠰᠢᠪᠡᠷᠬᠦ᠋ᠷᠢᠶ᠎ᠡ ᠲᠡᠮᠦᠷ ᠤᠨ ᠠᠭᠤᠷᠬᠠᠢ ᠪᠣᠯᠤᠨ ᠰᠢᠷᠡᠮᠦ᠋ᠷᠡᠨ ᠪᠠᠯᠭᠠᠰᠤ  ᠶᠢᠨ ᠤᠯᠠᠨ ᠵᠢᠯ ᠤᠨ ᠲᠤᠷᠰᠢᠬᠢ ᠭᠦᠨ ᠵᠤᠵᠠᠭᠠᠨ ᠨᠥᠬᠦᠷᠯᠡᠯ ᠪᠣᠯᠤᠨ ᠰᠠᠶᠢᠨ ᠰᠠᠶᠢᠬᠠᠨ ᠬᠠᠷᠢᠴᠠᠭ᠎ᠠ ᠪᠠᠨ ᠢᠮᠠᠭᠲᠠ ᠪᠠᠷᠢᠮᠲᠠᠯᠠᠵᠤ᠂ ᠰᠢᠷᠠᠮᠦ᠋ᠷᠡᠨ ᠪᠠᠯᠭᠠᠰᠤ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠠᠳᠤᠭᠤᠨ ᠤ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠵᠤᠭᠠᠴᠠᠯ ᠤᠨ ᠡᠬᠢ ᠪᠠᠶᠠᠯᠢᠭ ᠢ ᠨᠢᠭᠡᠳᠭᠡᠬᠦ ᠶᠢ ᠠᠬᠢᠭᠤᠯᠵᠤ᠂ ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ ᠤᠨ ᠰᠢᠨ᠎ᠡ ᠵᠠᠭᠪᠤᠷ ᠢ ᠰᠦᠪᠡᠭᠴᠢᠯᠡᠵᠦ᠂ ᠰᠢᠪᠠᠷᠬᠦ᠋ᠷᠢᠶ᠎ᠡ ᠲᠡᠮᠦᠷ ᠤᠨ ᠠᠭᠤᠷᠬᠠᠢ ᠶᠢᠨ ᠪᠦᠯᠦᠭᠯᠡᠯ ᠲᠠᠢ ᠬᠠᠮᠲᠤᠷᠠᠯᠴᠠᠭ᠎ᠠ ᠪᠠᠨ ᠴᠢᠨᠠᠭᠰᠢᠳᠠ ᠭᠦᠨᠵᠡᠭᠡᠶᠢᠷᠡᠭᠦᠯᠵᠦ᠂ ᠬᠠᠮᠲᠤᠷᠠᠯᠴᠠᠭ᠎ᠠ ᠬᠢᠵᠦ ᠬᠠᠮᠲᠤᠪᠠᠷ ᠠᠰᠢᠭ ᠬᠦᠷᠳᠡᠬᠦ ᠰᠢᠨ᠎ᠡ ᠪᠠᠶᠢᠳᠠᠯ ᠢ ᠡᠭᠦᠳᠬᠦ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃    ᠳᠠᠷᠠᠭᠠᠴᠢ ᠶᠢᠨ ᠠᠯᠬᠤᠮ ᠳᠤ᠂ ᠰᠢᠷᠠᠮᠥ᠋ᠷᠡᠨ ᠪᠠᠯᠭᠠᠰᠤ ᠵᠤᠭᠠᠴᠠᠭᠰᠠᠳ ᠤᠨ ᠦᠢᠯᠡᠴᠢᠯᠡᠭᠡ ᠶᠢ ᠳᠡᠭᠡᠭᠰᠢᠯᠡᠭᠦᠯᠬᠦ᠂ ᠦᠵᠡᠮᠵᠢ ᠶᠢᠨ ᠣᠷᠣᠨ ᠤ ᠨᠢᠭᠡᠳᠦᠯᠲᠡᠢ ᠡᠵᠡᠩᠨᠡᠯᠲᠡ ᠶᠢ ᠠᠬᠢᠭᠤᠯᠬᠤ᠂ ᠰᠤᠯᠠ  ᠲᠠᠯᠪᠢᠭᠳᠠᠵᠤ ᠪᠠᠶᠢᠭ᠎ᠠ ᠡᠬᠢ ᠪᠠᠶᠠᠯᠢᠭ ᠢ ᠠᠮᠢᠳᠤᠯᠢᠭ ᠪᠣᠯᠭᠠᠬᠤ ᠵᠡᠷᠭᠡ ᠲᠠᠯ᠎ᠠ ᠪᠠᠷ ᠭᠦᠨᠵᠡᠭᠡᠢ ᠪᠥᠭᠡᠳ ᠨᠠᠷᠢᠨ ᠨᠢᠮᠪᠠᠢ ᠬᠢᠬᠦ ᠶᠢ ᠠᠬᠢᠭᠤᠯᠵᠤ᠂ ᠰᠢᠪᠠᠷᠬᠦ᠋ᠷᠢᠶ᠎ᠡ ᠲᠡᠮᠦᠷ ᠤᠨ ᠠᠭᠤᠷᠬᠠᠢ ᠶᠢᠨ ᠪᠦᠯᠦᠭᠯᠡᠯ ᠲᠠᠢ ᠬᠠᠮᠲᠤᠷᠠᠯᠴᠠᠭ᠎ᠠ ᠰᠣᠯᠢᠯᠴᠠᠭ᠎ᠠ ᠪᠠᠨ ᠴᠢᠩᠭᠠᠳᠬᠠᠵᠤ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠦᠨ᠎ᠡ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号