ᠤᠢᠢᠷ᠎ᠠ ᠶᠢᠨ ᠵᠢᠯ ᠠᠴᠠ ᠨᠠᠭᠠᠰᠢ᠂ ᠲᠡᠭ ᠨᠡᠭᠦᠷᠡᠰᠦᠳᠦ᠋ᠷᠦᠭᠴᠢᠲᠦ ᠬᠦᠷᠢᠶᠡᠯᠡᠩ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ ᠳᠡᠭᠡᠳᠦ ᠱᠠᠲᠤᠨ ᠠᠴᠠ ᠲᠡᠮᠡᠴᠡᠨ ᠤᠯᠬᠤ ᠲᠦᠰᠦᠯ ᠤᠨ ᠪᠡᠯᠡ ᠮᠥᠩᠭᠦ ᠶᠢ ᠰᠠᠭᠤᠷᠢ | ᠲᠠᠯᠪᠢᠬᠤ᠂ ᠠᠯᠤᠰ ᠬᠡᠳᠦ ᠳᠤ ᠠᠰᠢᠭᠲᠠᠢ ᠴᠢᠬᠤᠯᠠ ᠠᠵᠢᠯ ᠪᠣᠯᠭᠠᠨ ᠠᠳᠬᠤᠬᠤ ᠶᠢ ᠪᠠᠷᠢᠮᠲᠠᠯᠠᠵᠤ᠂ ᠲᠥᠪ ᠤᠨ | ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ᠂ ᠲᠤᠰᠬᠠᠢ ᠲᠦᠷᠦᠯ ᠤᠨ ᠥᠷᠢ ᠥᠭᠴᠡᠭᠡ᠂ ᠥᠪᠡᠷᠲᠡᠭᠡᠨ | ᠵᠠᠰᠠᠬᠤ ᠣᠷᠣᠨ ᠤ ᠬᠥᠭᠵᠢᠯᠲᠡ ᠶᠢᠨ ᠲᠤᠰᠬᠠᠢ ᠲᠦᠷᠦᠯ ᠤᠨ ᠪᠡᠯᠡ ᠮᠥᠩᠭᠦ ᠵᠡᠷᠭᠡ ᠲᠦᠷᠦ ᠶᠢᠨ ᠪᠤᠳᠤᠯᠭ᠎ᠠ ᠶᠢᠨ | ᠳᠡᠮᠵᠢᠯᠭᠡ ᠶᠢᠨ ᠴᠢᠭᠯᠡᠯ ᠤᠨ ᠲᠣᠭᠤᠷᠢᠨ ᠳᠤ ᠲᠦᠰᠦᠯ ᠤᠨ ᠪᠡᠯᠡ ᠮᠥᠩᠭᠦ ᠶᠢ ᠲᠡᠮᠡᠴᠡᠨ ᠤᠯᠬᠤ ᠡᠷᠴᠢᠮ ᠢᠶᠠᠨ | ᠦᠷᠭᠦᠯᠵᠢᠯᠡᠨ ᠴᠢᠩᠭᠠᠷᠠᠭᠤᠯᠪᠠ᠃ 2023 ᠣᠨ ᠠᠴᠠ ᠨᠠᠭᠠᠰᠢ᠂ ᠬᠠᠮᠢᠶᠠᠷᠤᠯᠲᠠ ᠶᠢᠨ ᠵᠥᠪᠯᠡᠯ ᠤᠨ ᠨᠡᠶᠢᠲᠡ 4 | ᠲᠦᠰᠦᠯ ᠥᠪᠡᠷᠲᠡᠭᠡᠨ ᠵᠠᠰᠠᠬᠤ ᠣᠷᠣᠨ ᠤ ᠲᠠᠪᠤᠳᠤᠭᠠᠷ ᠪᠦᠯᠦᠭ ᠤᠨ ᠬᠥᠭᠵᠢᠯᠲᠡ ᠶᠢᠨ ᠲᠤᠰᠬᠠᠶ ᠪᠠᠯᠠ | ᠮᠥᠩᠭᠦ 3785 ᠲᠦᠮᠡᠨ ᠲᠥᠭᠦᠷᠢᠭ ᠲᠡᠮᠡᠴᠡᠨ ᠣᠯᠪᠠ︔ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ | ᠪᠠᠶᠠᠵᠢᠭᠤᠯᠬᠤ ᠲᠦᠰᠦᠯ 2 ᠭᠤᠶᠤᠴᠢᠯᠠᠨ ᠮᠡᠳᠡᠭᠦᠯᠵᠦ᠂ ᠪᠠᠷᠤᠭ12073 ᠲᠦᠮᠡᠨ ᠲᠥᠭᠦᠷᠢᠭ ᠣᠯᠤᠨ᠎ᠠ︔ | ᠥᠪᠡᠷᠲᠡᠭᠡᠨ ᠵᠠᠰᠠᠬᠤ ᠣᠷᠣᠨ ᠤ ᠵᠢᠷᠭᠤᠳᠤᠭᠠᠷ ᠪᠦᠯᠦᠭ ᠤᠨ ᠬᠥᠭᠵᠢᠯᠲᠡ ᠶᠢᠨ ᠲᠤᠰᠬᠠᠶ ᠪᠠᠯᠠ ᠮᠥᠩᠭᠦ ᠶᠢᠨ | ᠲᠦᠰᠦᠯ ᠢ 4 ᠭᠤᠶᠤᠴᠢᠯᠠᠨ ᠮᠡᠳᠡᠭᠦᠯᠵᠦ᠂ ᠪᠠᠷᠤᠭ 31127 ᠲᠦᠮᠡᠨ ᠲᠥᠭᠦᠷᠢᠭ ᠤᠨ ᠪᠠᠯᠠ ᠮᠥᠩᠭᠦ ᠣᠯᠤᠨ᠎ᠠ᠃ | ᠨᠢᠭᠡ ᠳᠤ᠂ ︽ᠪᠣᠳᠣᠯᠬᠢᠯᠠᠬᠤ︾ ᠳᠡᠭᠡᠷ᠎ᠡ ᠬᠦᠴᠦ ᠲᠠᠯᠪᠢᠨ᠎ᠠ᠂ ︽ᠬᠤᠶᠠᠷ ᠨᠢᠭᠡ︾᠂ ᠲᠦᠰᠦᠯ ᠤᠨ ᠪᠠᠯᠠ | ᠮᠥᠩᠭᠦ ᠶᠢ ᠲᠡᠮᠡᠴᠡᠨ ᠤᠯᠬᠤ ᠠᠵᠢᠯ ᠢ ᠳᠣᠲᠣᠷ᠎ᠠ ᠪᠠᠨ ᠲᠤᠭ᠎ᠠ ᠲᠠᠢ᠂ ᠭᠠᠷ ᠲᠠᠭᠠᠨ ᠠᠷᠭ᠎ᠠ ᠲᠠᠢ ᠪᠠᠶᠢᠬᠤ ᠶᠢ ᠦᠨᠡᠨ | ᠬᠦ ᠪᠠᠲᠤᠯᠠᠵᠤ᠂ ︽ᠨᠢᠭᠡ ᠲᠠᠩᠰᠠ︾ ᠶᠢ ᠰᠠᠶᠢᠲᠤᠷ ᠪᠤᠳᠤᠬᠤ ᠬᠡᠷᠡᠭᠲᠡᠶ᠃ ᠵᠢᠯ ᠤᠨ ᠡᠬᠢᠨ ᠳᠤ ᠬᠠᠮᠢᠶᠠᠷᠤᠯᠲᠠ ᠶᠢᠨ | ᠵᠥᠪᠯᠡᠯ ᠤᠨ ᠤᠰᠤ᠂ ᠴᠠᠬᠢᠯᠭᠠᠨ᠂ ᠵᠠᠮ᠂ ᠴᠢᠮᠡᠭᠡ ᠬᠤᠯᠪᠣᠭ᠎ᠠ ᠵᠡᠷᠭᠡ ᠰᠠᠭᠤᠷᠢ ᠲᠥᠬᠦᠭᠡᠷᠦᠮᠵᠢ ᠶᠢᠨ ᠪᠥᠲᠥᠭᠡᠨ | ᠪᠠᠶᠢᠭᠤᠯᠤᠯᠲᠠ ᠶᠢ ᠪᠥᠬᠦ ᠲᠠᠯ᠎ᠠ ᠪᠠᠷ ᠡᠮᠬᠢᠯᠡᠵᠦ᠂ ᠡᠬᠡ ᠲᠠᠩᠰᠠ ᠪᠠᠶᠢᠭᠤᠯᠤᠨ ᠪᠥᠬᠦ ᠵᠢᠯ ᠤᠨ ᠲᠦᠰᠦᠯ ᠤᠨ ᠪᠠᠯᠠ | ᠮᠥᠩᠭᠦ ᠶᠢᠨ ᠭᠤᠣᠯᠳᠠᠯᠭ᠎ᠠ ᠶᠢ ᠲᠣᠳᠣᠷᠬᠠᠶ ᠪᠣᠯᠭᠠᠨ᠎ᠠ᠃ ︽ᠨᠢᠭᠡ ᠲᠣᠣᠷ︾ ᠢ ᠰᠠᠶᠢᠲᠤᠷ ᠬᠡᠷᠡᠭᠯᠡᠨ᠎ᠡ᠃ | ᠬᠦᠷᠢᠶᠡᠯᠡᠩ ᠲᠣᠭᠤᠷᠢᠭ ᠤᠨ ᠳᠠᠪᠠᠭᠤᠯᠢᠭ ᠢ ᠭᠦᠢᠴᠡᠳ ᠰᠠᠶᠢᠲᠤᠷ ᠠᠰᠢᠭᠯᠠᠵᠤ᠂ ᠳᠡᠭᠡᠳᠦ ᠱᠠᠲᠤᠨ ᠤ ᠪᠠᠯᠠ | ᠮᠥᠩᠭᠦ ᠶᠢᠨ ᠲᠡᠳᠬᠦᠨ ᠳᠡᠮᠵᠢᠬᠦ ᠴᠢᠭᠯᠡᠯ ᠢ ᠴᠠᠭ ᠲᠤᠬᠠᠶ ᠳᠤᠨᠢ ᠰᠤᠳᠤᠯᠤᠨ ᠣᠶᠢᠯᠠᠭᠠᠵᠤ᠂ ᠬᠠᠮᠢᠶᠠᠷᠤᠯᠲᠠ ᠶᠢᠨ | ᠵᠥᠪᠯᠡᠯ ᠯᠦᠭᠡ ᠶᠢᠨ ᠬᠥᠭᠵᠢᠯᠲᠡ ᠶᠢᠨ ᠨᠡᠶᠢᠯᠡᠯᠲᠡ ᠶᠢᠨ ᠴᠡᠭ ᠢ ᠣᠨᠣᠪᠴᠢᠲᠠᠶ ᠡᠷᠢᠨ᠂ ᠪᠠᠯᠠ ᠮᠥᠩᠭᠦ ᠲᠡᠮᠡᠴᠡᠨ | ᠤᠯᠬᠤ ᠠᠵᠢᠯ ᠢ ᠬᠠᠨᠳᠤᠯᠭᠠᠲᠤ ᠴᠢᠨᠠᠷᠲᠠᠶ ᠪᠠᠷ ᠲᠥᠯᠥᠪᠵᠢᠭᠦᠯᠦᠨ᠎ᠡ᠃ | ᠬᠤᠶᠠᠷ ᠲᠤ᠂ ︽ᠭᠦᠨᠵᠡᠭᠡᠶᠢᠷᠡᠬᠦ︾ ᠲᠠᠯ᠎ᠠ ᠪᠠᠷ ᠪᠣᠳᠠᠲᠠᠢ ᠠᠷᠭ᠎ᠠ ᠬᠡᠮᠵᠢᠶ᠎ᠡ ᠠᠪᠴᠤ᠂ ︽ᠬᠤᠣᠰ | ᠴᠢᠭᠯᠡᠯ ᠢᠶᠠᠷ ᠬᠦᠴᠦᠯᠡᠬᠦ︾᠂ ᠲᠦᠰᠦᠯ ᠤᠨ ᠪᠡᠯᠡ ᠮᠥᠩᠭᠦ ᠶᠢ ᠲᠡᠮᠡᠴᠡᠨ ᠤᠯᠬᠤ ᠠᠵᠢᠯ ᠢ ᠣᠨᠤᠪᠴᠢᠲᠠᠢ᠂ | ᠯᠠᠪᠳᠠᠭᠤᠨ ᠪᠠᠲᠤᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠲᠦᠰᠦᠯ ᠤᠨ ᠬᠥᠮᠥᠷᠭᠡ ᠶᠢᠨ ᠤᠷᠢᠳᠴᠢᠯᠠᠨ ᠨᠥᠭᠡᠴᠡᠯᠡᠬᠦ | ᠲᠦᠰᠦᠯ ᠢ ᠴᠢᠩᠭ᠎ᠠ ᠠᠳᠬᠤᠨ᠎ᠠ᠃ ᠲᠦᠰᠦᠯ ᠢ ᠤᠷᠢᠳᠴᠢᠯᠠᠨ ᠲᠥᠯᠥᠪᠯᠡᠵᠦ᠂ ᠪᠡᠯᠡ ᠮᠥᠩᠭᠦ ᠣᠯᠬᠤ ᠪᠠᠷ | ᠲᠥᠯᠥᠪᠯᠡᠵᠦ ᠪᠠᠶᠢᠭ᠎ᠠ ᠰᠠᠭᠤᠷᠢ ᠪᠦᠲᠦᠭᠡᠨ ᠪᠠᠶᠢᠭᠤᠯᠤᠯᠲᠠ ᠶᠢᠨ ᠲᠦᠰᠦᠯ ᠢ ᠤᠯᠤᠰ ᠤᠨ ᠴᠢᠬᠤᠯᠠ ᠶᠡᠭᠡ ᠪᠦᠲᠦᠭᠡᠨ | ᠪᠠᠶᠢᠭᠤᠯᠤᠯᠲᠠ ᠶᠢᠨ ᠲᠦᠰᠦᠯ ᠤᠨ ᠬᠥᠮᠥᠷᠭᠡ᠂ ᠲᠦᠰᠦᠯ ᠤᠨ ᠵᠠᠩᠭᠢᠯᠠᠭ᠎ᠠ ᠶᠢᠨ ᠲᠠᠪᠴᠠᠩ᠂ ᠣᠷᠣᠨ ᠨᠤᠲᠤᠭ ᠤᠨ | ᠵᠠᠰᠠᠭ ᠤᠨ ᠣᠷᠳᠣᠨ ᠤ ᠲᠤᠰᠬᠠᠶ ᠵᠦᠢᠯ ᠤᠨ ᠥᠷᠢ ᠥᠭᠴᠡᠭᠡ ᠶᠢᠨ ᠲᠠᠪᠴᠠᠩ ᠳᠤ ᠤᠷᠢᠳᠴᠢᠯᠠᠨ ᠣᠷᠣᠭᠤᠯᠵᠤ᠂ | ᠪᠡᠯᠡ ᠮᠥᠩᠭᠦ ᠣᠯᠬᠤ ᠴᠢᠭᠯᠡᠯ ᠶᠣᠰᠣᠭᠠᠷ ︽ᠨᠢᠭᠡ ᠬᠡᠷᠡᠭ ᠭᠤᠷᠪᠠᠨ ᠪᠢᠴᠢᠭ︾ ᠢ ᠤᠷᠢᠳᠴᠢᠯᠠᠨ ᠨᠠᠶᠢᠷᠠᠭᠤᠯᠤᠨ | ᠵᠣᠬᠢᠶᠠᠬᠤ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠰᠢᠨᠡᠳᠬᠡᠨ ᠲᠣᠬᠢᠷᠠᠭᠤᠯᠵᠤ᠂ ᠲᠤᠭ᠎ᠠ ᠪᠠᠷᠢᠮᠲᠠ ᠶᠢᠨ | ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠲᠦᠰᠦᠯ ᠢ ᠬᠥᠮᠥᠷᠭᠡ ᠳᠤ ᠣᠨᠤᠪᠴᠢᠲᠠᠢ ᠣᠷᠣᠭᠤᠯᠬᠤ ᠂ | ᠬᠠᠮᠢᠶᠠᠷᠤᠯᠲᠠ ᠶᠢ ᠵᠢᠷᠤᠮᠵᠢᠭᠤᠨ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠪᠠᠲᠤᠯᠠᠨ᠎ᠠ᠃ | ᠡᠮᠦᠨᠡᠬᠢ ᠬᠤᠭᠤᠴᠠᠭᠠᠨ ᠤ ᠭᠠᠷ ᠭᠦᠢᠴᠡᠳᠭᠡᠯ ᠬᠢᠬᠦ ᠰᠢᠵᠢᠷ ᠠᠯᠲᠠᠨ ᠴᠠᠭ ᠦᠶ᠎ᠡ ᠶᠢ ᠠᠳᠬᠤᠨ᠎ᠠ᠃ 2024 | ᠣᠨ ᠤ ᠠᠵᠤ ᠠᠬᠤᠢ ᠶᠢᠨ ᠠᠵᠢᠯ ᠤᠨ ᠬᠤᠷᠠᠯ ᠠᠴᠠ ᠳᠤᠷᠠᠳᠤᠭᠰᠠᠨ 10000 ᠳ᠋ᠦᠩᠰᠢᠭᠤᠷ ᠲᠥᠭᠦᠷᠢᠭ ᠤᠨ | ᠤᠷᠳᠤ ᠬᠤᠭᠤᠴᠠᠭᠠᠨ ᠤ ᠤᠯᠤᠰ ᠤᠨ ᠵᠢᠭᠡᠯᠡᠯᠭᠡ ᠶᠢᠨ ᠠᠵᠠ ᠲᠣᠬᠢᠶᠠᠯ ᠢ ᠠᠮᠵᠢᠵᠤ᠂ ᠲᠦᠰᠦᠯ ᠤᠨ ᠡᠮᠦᠨᠡᠬᠢ | ᠬᠤᠭᠤᠴᠠᠭᠠᠨ ᠤ ᠭᠠᠷ ᠭᠦᠢᠴᠡᠳᠬᠡᠯ ᠢ ᠬᠢᠬᠦ ᠶᠢ ᠠᠬᠢᠭᠤᠯᠵᠤ᠂ ᠲᠦᠰᠦᠯ ᠤᠨ ᠰᠤᠳᠤᠯᠬᠤ᠂ ᠲᠥᠯᠥᠪᠵᠢᠭᠦᠯᠬᠦ᠂ | ᠭᠠᠵᠠᠷ ᠰᠢᠷᠣᠢ ᠪᠠ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠵᠡᠷᠭᠡ ᠡᠮᠦᠨᠡᠬᠢ ᠬᠤᠭᠤᠴᠠᠭᠠᠨ ᠤ ᠠᠵᠢᠯ ᠢ | ᠤᠷᠢᠳᠴᠢᠯᠠᠨ ᠰᠠᠶᠢᠲᠤᠷ ᠬᠢᠵᠦ᠂ ᠲᠦᠰᠦᠯ ᠤᠨ ᠪᠣᠯᠪᠠᠰᠤᠷᠠᠯᠲᠠ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ︽ | ᠲᠦᠰᠦᠯ ᠢ ᠪᠡᠯᠡ ᠮᠥᠩᠭᠦ ᠬᠦᠯᠢᠶᠡᠯᠭᠡᠵᠦ᠂ ᠪᠡᠯᠡ ᠮᠥᠩᠭᠦ ᠶᠢ ᠲᠦᠰᠦᠯ ᠬᠦᠯᠢᠶᠡᠯᠭᠡᠬᠦ ᠦᠭᠡᠢ︾ ᠶᠢ ᠪᠡᠶᠡᠯᠡᠭᠦᠯᠵᠦ᠂ | ᠲᠦᠰᠦᠯ ᠤᠨ ᠪᠡᠯᠡ ᠮᠥᠩᠭᠦ ᠶᠢ ᠲᠡᠮᠡᠴᠡᠨ ᠤᠯᠬᠤ ᠨᠤᠷᠮ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | ᠣᠳᠣᠬᠠᠨ ᠳᠤ ᠡᠨᠡ ᠵᠢᠯ ᠬᠡᠷᠡᠭᠵᠢᠭᠦᠯᠬᠦ ᠪᠠᠷ ᠪᠠᠶᠢᠭ᠎ᠠ 13 ᠲᠦᠰᠦᠯ ᠤᠨ 10 ᠲᠦᠰᠦᠯ ᠤᠨ ᠡᠮᠦᠨᠡᠬᠢ | ᠬᠤᠭᠤᠴᠠᠭᠠᠨ ᠤ ᠭᠠᠷ ᠭᠦᠢᠴᠡᠳᠬᠡᠯ ᠨᠢᠭᠡᠨᠲᠡ ᠭᠦᠢᠴᠡᠳᠭᠡᠵᠦ ᠳᠠᠭᠤᠰᠬᠠᠭᠠᠳ᠂ ᠦᠯᠡᠳᠡᠭᠰᠡᠨ 2 ᠲᠦᠰᠦᠯ ᠨᠢ ᠶᠠᠭ | ᠣᠶ ᠰᠢᠭᠤᠶ ᠡᠪᠡᠰᠦ ᠪᠡᠯᠴᠢᠭᠡᠷ ᠪᠠ ᠭᠠᠵᠠᠷ ᠬᠡᠷᠡᠭᠯᠡᠬᠦ ᠭᠠᠷ ᠭᠦᠢᠴᠡᠳᠭᠡᠯ ᠭᠦᠢᠴᠡᠳᠬᠡᠵᠦ ᠪᠠᠶᠢᠨ᠎ᠠ᠃ | ᠭᠤᠷᠪᠠ ᠳᠤ᠂ ︽ᠠᠵᠢᠯᠴᠢ︾ ᠲᠠᠯ᠎ᠠ ᠪᠠᠷ ᠦᠨᠡᠨ ᠪᠣᠳᠠᠲᠠᠢ ᠠᠷᠭ᠎ᠠ ᠬᠡᠮᠵᠢᠶ᠎ᠡ ᠠᠪᠤᠨ᠎ᠠ᠂ ︽ᠬᠤᠶᠠᠷ | ᠵᠦᠢᠯ ᠤᠨ ᠠᠷᠭ᠎ᠠ︾᠂ ᠳᠡᠭᠡᠳᠦ ᠱᠠᠲᠤᠨ ᠠᠴᠠ ᠲᠦᠰᠦᠯ ᠤᠨ ᠪᠡᠯᠡ ᠮᠥᠩᠭᠦ ᠶᠢ ᠲᠡᠮᠡᠴᠡᠨ ᠤᠯᠬᠤ ᠠᠵᠢᠯ ᠢ | ᠪᠠᠶᠢᠩᠭᠤᠵᠢᠭᠤᠯᠬᠤ᠂ ᠴᠢᠨᠠᠷ ᠰᠠᠶᠢᠲᠠᠢ ᠪᠠᠶᠢᠯᠭᠠᠬᠤ ᠶᠢ ᠪᠠᠲᠤᠯᠠᠨ᠎ᠠ᠃ ᠲᠤᠭᠲᠠᠮᠠᠯ ᠬᠤᠭᠤᠴᠠᠭ᠎ᠠ ᠲᠠᠢ ᠪᠠᠷ | ᠳᠦᠷᠢᠮ ᠢᠶᠠᠨ ᠬᠠᠷᠢᠭᠤ ᠮᠡᠳᠡᠭᠦᠯᠵᠦ ᠲᠤᠷᠰᠢᠯᠭ᠎ᠠ ᠪᠠᠨ ᠳ᠋ᠦᠩᠨᠡᠨ᠎ᠡ᠃ ᠲᠣᠭᠲᠠᠮᠠᠯ ᠬᠤᠭᠤᠴᠠᠭ᠎ᠠ ᠲᠠᠢ ᠪᠠᠷ ᠲᠦᠰᠦᠯ ᠢ | ᠪᠠᠶᠢᠷᠢᠯᠠᠭᠤᠯᠬᠤ ᠬᠤᠷᠠᠯ᠂ ᠲᠦᠰᠦᠯ ᠢ ᠠᠬᠢᠭᠤᠯᠬᠤ ᠬᠤᠷᠠᠯ ᠢ ᠬᠤᠷᠠᠯᠳᠤᠭᠤᠯᠵᠤ᠂ ᠱᠠᠲᠤ ᠦᠶᠡᠴᠢ ᠴᠢᠨᠠᠷᠲᠠᠶ ᠪᠠᠷ | ᠳ᠋ᠦᠩᠨᠡᠨ ᠦᠨᠡᠯᠡᠬᠦ ᠶᠢᠨ ᠬᠠᠮᠲᠤ ᠳᠡᠭᠡᠭᠰᠢ ᠱᠠᠳᠤᠨ ᠠᠴᠠ ᠪᠡᠯᠡ ᠮᠦᠩᠭᠦ ᠴᠢᠷᠮᠠᠶᠢᠨ ᠤᠯᠬᠤ ᠠᠵᠢᠯ ᠢ ᠰᠦᠪᠡᠭᠴᠢᠯᠡᠵᠦ | ᠂ ᠲᠤᠷᠰᠢᠯᠭ᠎ᠠ ᠪᠠᠨ ᠰᠣᠯᠢᠯᠴᠠᠬᠤ ᠶᠢ ᠴᠢᠩᠭᠠᠳᠬᠠᠨ᠂ ᠣᠷᠣᠰᠢᠵᠤ ᠪᠠᠶᠢᠭ᠎ᠠ ᠠᠰᠠᠭᠤᠳᠠᠯ ᠢᠶᠠᠨ ᠡᠮᠬᠢᠯᠡᠵᠦ᠂ | ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠤᠨ᠎ᠠ᠃ ᠢᠯᠡᠭᠦᠬᠡᠨ ᠬᠦᠳᠡᠯᠦᠯᠴᠡᠨ ᠵᠣᠯᠭᠠᠭᠤᠯᠵᠤ᠂ ︽ | ᠵᠣᠭᠤᠰ ᠪᠠᠶᠢᠪᠠᠯ ᠵᠠᠪᠠᠯ ᠲᠡᠮᠡᠴᠡᠨ᠎ᠡ︾᠃ ᠬᠦᠷᠢᠶᠡᠯᠡᠩ ᠲᠣᠭᠤᠷᠢᠭ ᠤᠨ ᠭᠤᠤᠯ ᠤᠳᠤᠷᠢᠳᠤᠯᠭ᠎ᠠ ᠪᠡᠶ᠎ᠡ ᠪᠠᠷ ᠢᠶᠠᠨ | ᠪᠦᠯᠬᠦᠮ ᠳᠠᠭᠠᠭᠤᠯᠤᠨ᠂ ᠳᠡᠳ᠋ ᠡᠷᠬᠢᠯᠡᠭᠴᠢ ᠴᠠᠭ ᠲᠤᠬᠠᠶ ᠳᠤᠨᠢ ᠠᠩᠬᠠᠷᠴᠤ ᠭᠦᠢᠴᠡᠳᠭᠡᠨ᠂ ᠶᠡᠷᠦᠩᠬᠡᠶᠢᠯᠡᠭᠰᠡᠨ | ᠬᠡᠷᠡᠭ ᠶᠠᠪᠤᠳᠠᠯ ᠤᠨ ᠦᠢᠯᠡᠴᠢᠯᠡᠭᠡᠨ ᠤ ᠲᠥᠪ ᠪᠥᠬᠦ ᠶᠠᠪᠤᠴᠠ ᠳᠤ ᠦᠢᠯᠡᠴᠢᠯᠡᠨ ᠭᠤᠶᠤᠴᠢᠯᠠᠨ ᠮᠡᠳᠡᠭᠦᠯᠬᠦ ᠶᠢᠨ | ᠬᠠᠮᠲᠤ ᠲᠤᠰᠬᠠᠶ ᠬᠥᠮᠦᠨ ᠵᠢᠭᠠᠨ ᠲᠣᠭᠲᠠᠭᠠᠵᠤ ᠲᠦᠰᠦᠯ ᠤᠨ ᠪᠠᠯᠠ ᠮᠥᠩᠭᠦ ᠤᠯᠬᠤ ᠠᠵᠢᠯ ᠢ ᠬᠠᠷᠢᠭᠤᠴᠠᠭᠤᠯᠵᠤ᠂ | ᠠᠷᠭ᠎ᠠ ᠪᠦᠬᠦᠨ ᠢ ᠰᠦᠪᠡᠭᠴᠢᠯᠡᠨ ᠪᠠᠯᠠ ᠮᠥᠩᠭᠦ ᠶᠢ ᠪᠣᠳᠠᠲᠠᠶᠢᠵᠢᠭᠤᠯᠬᠤ ᠶᠢ ᠠᠬᠢᠭᠤᠯᠤᠨ᠎ᠠ᠃ ᠣᠳᠣᠬᠠᠨ ᠳᠤ | ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠡᠳ᠋ ᠤᠨ | ᠵᠠᠰᠠᠭ ᠤᠨ ᠲᠢᠩᠬᠢᠮ ᠳᠤ ᠡᠯ᠎ᠡ ᠲᠥᠷᠥᠯ ᠤᠨ ᠲᠤᠰᠬᠠᠶ ᠪᠠᠯᠠ ᠮᠥᠩᠭᠦ ᠶᠢ ᠨᠡᠶᠢᠲᠡ 2.412 ᠳ᠋ᠦᠩᠰᠢᠭᠤᠷ | ᠲᠥᠭᠦᠷᠢᠭ᠂ ᠲᠤᠰᠬᠠᠶ ᠥᠷᠢ 3.71 ᠳ᠋ᠦᠩᠰᠢᠭᠤᠷ ᠲᠥᠭᠦᠷᠢᠭ᠂ ᠣᠷᠳᠣ ᠬᠤᠭᠤᠴᠠᠭᠠᠨ ᠤ ᠤᠯᠤᠰ ᠤᠨ | ᠵᠢᠭᠡᠯᠡᠯᠭᠡ ᠶᠢ 4.2 ᠳ᠋ᠦᠩᠰᠢᠭᠤᠷ ᠲᠥᠭᠦᠷᠢᠭ᠂ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ | ᠲᠦᠰᠦᠯ ᠢ 12073 ᠲᠦᠮᠡᠨ ᠲᠥᠭᠦᠷᠢᠭ᠂ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢᠨ ᠲᠤᠰᠬᠠᠶ ᠪᠠᠯᠠ | ᠮᠥᠩᠭᠦ 31127 ᠲᠦᠮᠡᠨ ᠲᠥᠭᠦᠷᠢᠭ ᠭᠤᠶᠤᠴᠢᠯᠠᠨ ᠮᠡᠳᠡᠭᠦᠯᠵᠦ᠂ ᠬᠢᠯᠢ ᠬᠢᠵᠠᠭᠠᠷ ᠣᠷᠣᠨ ᠢ ᠬᠥᠭᠵᠢᠭᠦᠯᠦᠨ | ᠠᠷᠠᠳ ᠢ ᠪᠠᠶᠠᠵᠢᠭᠤᠯᠬᠤ ᠲᠦᠰᠦᠯ 6 ᠳ᠋ᠤᠭᠠᠷ ᠰᠠᠷ᠎ᠠ ᠶᠢᠨ 14 ᠤ ᠡᠳᠦᠷ ᠥᠪᠡᠷᠲᠡᠭᠡᠨ ᠵᠠᠰᠠᠬᠤ ᠣᠷᠣᠨ ᠤ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠲᠤᠰᠬᠠᠶ ᠮᠡᠷᠭᠡᠵᠢᠯᠲᠡᠨ ᠤ ᠬᠢᠨᠠᠨ ᠲᠣᠭᠲᠠᠭᠠᠯᠲᠠ ᠳᠤ | ᠪᠠᠲᠤᠯᠠᠭᠳᠠᠪᠠ᠃ | ᠳᠠᠷᠠᠭᠠᠴᠢ ᠶᠢᠨ ᠠᠯᠬᠤᠮ ᠳᠤ᠂ ᠲᠡᠭ ᠨᠡᠭᠦᠷᠡᠰᠦᠳᠦ᠋ᠷᠦᠭᠴᠢᠲᠦ ᠬᠦᠷᠢᠶᠡᠯᠡᠩ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ ᠬᠤᠰᠢᠭᠤᠨ ᠤ ᠨᠠᠮ ᠤᠨ ᠬᠤᠷᠢᠶᠠᠨ ᠤ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ | ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠦᠬᠦ ᠬᠦᠴᠦᠨ ᠢᠶᠠᠷ ᠢᠶᠠᠨ ᠠᠵᠤ | ᠠᠬᠤᠢ ᠶᠢ ᠬᠥᠭᠡᠭᠡᠴᠡᠯᠳᠦᠵᠦ᠂ ᠪᠦᠲᠦᠭᠡᠨ ᠪᠠᠶᠢᠭᠤᠯᠤᠯᠲᠠ ᠬᠢᠵᠦ᠂ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠨᠠᠷᠢᠯᠢᠭᠵᠢᠭᠤᠯᠵᠤ᠂ | ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠵᠠᠭᠤᠨ ᠮᠧᠲᠷ ᠤᠨ ᠰᠢᠪᠲᠤᠯᠤᠯᠲᠠ ᠶᠢᠨ ᠡᠷᠴᠢ | ᠵᠣᠷᠢᠭ᠂ ᠰᠢᠪᠲᠤᠯᠤᠯᠲᠠ ᠶᠢᠨ ᠵᠣᠷᠢᠭ ᠢᠶᠠᠷ ︽ᠭᠤᠷᠪᠠ ᠶᠢ ᠲᠡᠮᠡᠴᠡᠨ ᠤᠯᠬᠤ︾ ᠠᠵᠢᠯ ᠢ ᠰᠠᠶᠢᠲᠤᠷ ᠠᠳᠬᠤᠵᠤ᠂ | ᠬᠠᠮᠢᠶᠠᠷᠤᠯᠲᠠ ᠶᠢᠨ ᠵᠥᠪᠯᠡᠯ ᠤᠨ ᠪᠦᠬᠦ ᠵᠢᠯ ᠤᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ | ᠪᠦᠬᠦ ᠬᠦᠴᠦᠨ ᠢᠶᠠᠷ ᠢᠶᠠᠨ ᠪᠠᠲᠤᠯᠠᠵᠤ᠂ ᠮᠢᠩᠭᠠᠨ ᠳ᠋ᠦᠩᠰᠢᠭᠤᠷ ᠲᠥᠭᠦᠷᠢᠭ ᠤᠨ ᠲᠡᠰ ᠤᠨ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠢ ᠪᠠᠶᠢᠭᠤᠯᠬᠤ ᠳᠤ ᠬᠦᠴᠦᠨ ᠣᠯᠭᠤᠨ᠎ᠠ᠃ |