ᠣᠶᠢᠷ᠎ᠠ ᠳᠤ ᠳᠠᠷᠬᠠᠨ ᠰᠤᠮᠤ ᠶᠢᠨ ᠠᠯᠳ᠋ᠬᠠᠤᠳᠤ ᠭᠠᠴᠠᠭᠠᠨ ᠤ ᠨᠠᠮ ᠤᠨ ᠡᠭᠦᠷ ᠬᠤᠰᠢᠭᠤᠨ ᠤ ᠲᠡᠰ ᠤᠨ ︽ | ᠲᠡᠷᠢᠭᠦᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ︾ ᠶᠢᠨ ᠢᠷᠠᠭᠤ ᠠᠯᠳᠠᠷ ᠤᠨ | ᠴᠣᠯᠠ ᠬᠦᠷᠲᠡᠪᠡ᠃ | ᠠᠯᠳ᠋ᠬᠠᠤᠳᠤ ᠭᠠᠴᠠᠭᠠᠨ ᠤ ᠨᠠᠮ ᠤᠨ ᠡᠭᠦᠷ ᠢᠮᠠᠭᠲᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ | ᠪᠠᠷᠢᠮᠲᠠᠯᠠᠵᠤ᠂ ᠨᠠᠮ ᠤᠨ ᠡᠭᠦᠷ ᠤᠨ ᠵᠣᠬᠢᠶᠠᠨ ᠪᠠᠶᠢᠭᠤᠯᠬᠤ ᠬᠦᠴᠦᠨ ᠢ ᠳᠡᠭᠡᠭᠰᠢᠯᠡᠭᠦᠯᠬᠦ ᠪᠠᠷ ᠭᠤᠣᠯᠳᠠᠯᠭ᠎ᠠ | ᠪᠣᠯᠭᠠᠬᠤ ᠶᠢ ᠪᠠᠷᠢᠮᠲᠠᠯᠠᠵᠤ᠂ ᠨᠠᠮ ᠤᠨ ᠡᠭᠦᠷ ᠤᠨ ᠬᠡᠷᠡᠭᠵᠢᠭᠦᠯᠬᠦ ᠬᠦᠴᠦᠨ ᠢ ᠳᠡᠭᠡᠭᠰᠢᠯᠡᠭᠦᠯᠬᠦ ᠪᠠᠷ ᠦᠨᠳᠦᠰᠦ | ᠪᠣᠯᠭᠠᠬᠤ ᠶᠢ ᠪᠠᠷᠢᠮᠲᠠᠯᠠᠵᠤ᠂ ᠲᠠᠶᠢᠴᠢᠨ ᠬᠦᠴᠦᠨ ᠢ ᠳᠡᠭᠡᠭᠰᠢᠯᠡᠭᠦᠯᠬᠦ ᠪᠠᠷ ᠵᠠᠩᠭᠢᠯᠠᠭ᠎ᠠ ᠪᠣᠯᠭᠠᠬᠤ ᠶᠢ ᠪᠠᠷᠢᠮᠲᠠᠯᠠᠵᠤ᠂ | ᠨᠠᠮ ᠤᠨ ᠤᠯᠤᠰ ᠲᠦᠷᠦ ᠶᠢᠨ ᠰᠠᠬᠢᠯᠭ᠎ᠠ ᠪᠠᠲᠤ᠂ ᠤᠯᠤᠰ ᠲᠦᠷᠦ ᠶᠢᠨ ᠶᠣᠰᠣ ᠲᠦᠷᠢᠮ ᠢ ᠴᠢᠩᠭ᠎ᠠ ᠵᠢᠷᠤᠮᠯᠠᠨ | ᠬᠡᠷᠡᠭᠵᠢᠭᠦᠯᠵᠦ᠂ ᠦᠨᠡᠨᠴᠢ ᠰᠢᠳᠤᠷᠭᠤ᠂ ᠠᠷᠢᠭᠤᠨ ᠴᠢᠬᠡᠴᠢ᠂ ᠬᠠᠷᠢᠭᠤᠴᠠᠯᠭ᠎ᠠ ᠡᠭᠦᠷᠭᠡᠯᠡᠬᠦ ᠬᠡᠪ ᠳᠠᠭᠤᠷᠢᠶᠠᠯ | ᠪᠣᠯᠤᠭᠰᠠᠭᠠᠷ ᠢᠷᠡᠪᠡ᠃ ᠨᠠᠮ ᠤᠨ ᠡᠭᠦᠷ ᠤᠨ ᠳᠠᠶᠢᠴᠢᠨ ᠪᠠᠬᠢᠯᠡᠯᠲᠡ ᠶᠢᠨ ᠦᠢᠯᠡᠳᠦᠯ ᠪᠠ ᠨᠠᠮ ᠤᠨ ᠡᠭᠦᠷ ᠤᠨ | ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠮ ᠤᠨ ᠭᠤᠣᠯ | ᠠᠵᠢᠯ ᠤᠨ ᠲᠣᠭᠤᠷᠢᠨ ᠳᠤ᠂ ᠮᠠᠯᠴᠢᠨ ᠨᠠᠮ ᠤᠨ ᠭᠡᠰᠢᠭᠦᠨ ᠢ ᠵᠣᠬᠢᠶᠠᠨ ᠪᠠᠶᠢᠭᠤᠯᠤᠨ ᠳᠠᠶᠢᠴᠢᠯᠠᠵᠤ ᠪᠠᠶᠢᠭᠠᠳ | ᠳᠠᠷᠬᠠᠨ ᠰᠤᠮᠤ ᠶᠢᠨ ᠨᠠᠮ ᠤᠨ ᠪᠠᠶᠢᠭᠤᠯᠤᠯᠲᠠ ᠬᠥᠭᠵᠢᠯᠲᠡ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃ | ᠨᠢᠭᠡ᠂ ᠲᠦᠷᠢᠮ ᠪᠠᠲᠤ ᠪᠠᠬᠢ ᠳᠠᠶᠢᠴᠢᠨ ᠪᠠᠬᠢᠯᠡᠯᠲᠡ ᠶᠢ ᠴᠣᠭᠴᠠᠯᠠᠨ᠎ᠠ | ᠠᠯᠳ᠋ᠬᠠᠤᠳᠤ ᠬᠤᠰᠢᠭᠤᠨ ᠤ ᠨᠠᠮ ᠤᠨ ᠡᠭᠦᠷ ᠨᠢᠭᠡᠨ ᠢᠵᠢ ᠪᠦᠷᠢᠨ ᠲᠡᠭᠦᠯᠳᠡᠷ ᠲᠦᠷᠢᠮ ᠲᠣᠭᠲᠠᠭᠠᠯ ᠢ | ᠪᠠᠶᠢᠭᠤᠯᠵᠤ᠂ ᠳᠡᠭᠡᠳᠦ ᠱᠠᠲᠤᠨ ᠤ ᠨᠠᠮ ᠤᠨ ᠬᠤᠷᠢᠶ᠎ᠠ ᠠᠴᠠ ᠪᠠᠭᠤᠯᠭᠠᠭᠰᠠᠨ ᠡᠯ᠎ᠡ ᠵᠦᠢᠯ ᠤᠨ ᠠᠵᠢᠯ ᠤᠨ | ᠡᠭᠦᠷᠭᠡ ᠶᠢ ᠨᠠᠷᠢᠨ ᠬᠢᠨᠠᠮᠠᠭᠠᠢ ᠬᠡᠷᠡᠭᠵᠢᠭᠦᠯᠵᠦ᠂ ︽ᠭᠤᠷᠪᠠᠨ ᠬᠤᠷᠠᠯ ᠨᠢᠭᠡ ᠬᠢᠴᠢᠶᠡᠯ︾ ᠤᠨ ᠲᠦᠷᠢᠮ᠂ ᠵᠣᠬᠢᠶᠠᠨ | ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠤᠨ ᠲᠦᠷᠢᠮ᠂ ᠨᠠᠮ ᠤᠨ ᠭᠡᠰᠢᠭᠦᠨ ᠢ ᠠᠷᠠᠳᠴᠢᠯᠠᠯ ᠢᠶᠠᠷ ᠦᠨᠡᠯᠡᠬᠦ | ᠲᠦᠷᠢᠮ ᠵᠡᠷᠭᠡ ᠶᠢ ᠴᠢᠩᠭ᠎ᠠ ᠬᠡᠷᠡᠭᠵᠢᠭᠦᠯᠵᠦ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ | ᠪᠦᠷᠢᠯᠳᠦᠭᠦᠯᠵᠦ᠂ ᠨᠠᠮ ᠤᠨ ᠭᠡᠰᠢᠭᠦᠨ ᠤ ᠦᠵᠡᠯ ᠰᠠᠨᠠᠭ᠎ᠠ ᠲᠠᠨᠢᠯᠲᠠ ᠶᠢ ᠳᠡᠭᠡᠭᠰᠢᠯᠡᠭᠦᠯᠪᠡ᠃ ᠰᠢᠨ᠎ᠡ ᠶᠢ ᠡᠭᠦᠳᠬᠦ | ᠣᠶᠢᠯᠠᠭᠠᠭᠳᠠᠬᠤᠨ ᠢᠶᠠᠷ ᠭᠤᠣᠯ ᠪᠣᠯᠭᠠᠨ᠂ ᠰᠡᠳᠬᠢᠬᠦᠢ ᠶᠢᠨ ᠲᠣᠭᠲᠠᠮᠠᠯ ᠪᠠᠶᠢᠳᠠᠯ ᠢ ᠡᠪᠳᠡᠵᠦ᠂ ᠲᠠᠶᠢᠴᠢᠨ | ᠬᠦᠴᠦᠨ ᠢᠶᠠᠨ ᠳᠡᠭᠡᠭᠰᠢᠯᠡᠭᠦᠯᠦᠨ᠂ ᠢᠯᠠᠩᠭᠤᠶ᠎ᠠ ᠠᠵᠢᠯ ᠤᠨ ᠰᠤᠷᠲᠠᠯ ᠤᠨ ᠲᠠᠯ᠎ᠠ ᠪᠠᠷ ᠨᠠᠮ ᠤᠨ ᠲᠡᠷᠢᠭᠦᠨ ᠤ ᠴᠢᠨᠠᠷ ᠢ | ᠢᠯᠡᠷᠡᠭᠦᠯᠵᠦ᠂ ᠤᠯᠠᠨ ᠲᠦᠮᠡᠨ ᠤ ᠠᠰᠢᠭ ᠲᠤᠰᠠ ᠶᠢ ᠠᠯᠢᠪᠠ ᠠᠵᠢᠯ ᠤᠨ ᠢᠶᠠᠨ ᠡᠭᠦᠰᠭᠡᠯ ᠪᠠ ᠲᠡᠭᠦᠰᠬᠡᠯ ᠪᠣᠯᠭᠠᠵᠤ᠂ | ᠠᠵᠢᠯ ᠤᠨ ᠰᠤᠷᠲᠠᠯ ᠢᠶᠠᠨ ᠤᠬᠠᠮᠰᠠᠷ ᠠᠴᠠ ᠪᠠᠨ ᠬᠤᠪᠢᠷᠠᠭᠤᠯᠪᠠ᠃ ᠰᠤᠷᠤᠯᠴᠠᠬᠤ ᠬᠡᠯᠪᠡᠷᠢ ᠶᠢᠨ ᠨᠠᠮ ᠤᠨ ᠵᠣᠬᠢᠶᠠᠨ | ᠪᠠᠶᠢᠭᠤᠯᠤᠯᠲᠠ ᠶᠢᠨ ᠴᠣᠭᠴᠠᠯᠠᠯᠲᠠ ᠶᠢ ᠠᠬᠢᠭᠤᠯᠬᠤ ᠪᠠᠷ ᠳᠠᠮᠵᠢᠭᠤᠯᠤᠨ᠂ ᠨᠠᠮ ᠤᠨ ᠭᠡᠰᠢᠭᠦᠨ ᠪᠠ ᠮᠠᠯᠴᠢᠳ ᠤᠨ | ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠬᠥᠭᠵᠢᠭᠡᠵᠦ᠂ ᠭᠠᠴᠠᠭᠠᠨ ᠤ ᠬᠠᠮᠲᠤ ᠶᠢᠨ ᠠᠵᠤ ᠠᠬᠤᠶ ᠶᠢᠨ | ᠬᠥᠭᠵᠢᠯᠲᠡ ᠶᠢᠨ ᠳᠤᠮᠳᠠᠬᠢ ᠬᠦᠴᠢᠷ ᠪᠡᠷᠬᠡᠰᠢᠶᠡᠯ ᠤᠨ ᠡᠮᠦᠨ᠎ᠡ ᠬᠦᠴᠢᠷ ᠢ ᠰᠦᠷᠦᠨ ᠤᠷᠤᠭᠰᠢᠯᠠᠵᠤ᠂ ᠨᠠᠮ ᠤᠨ | ᠵᠣᠬᠢᠶᠠᠨ ᠪᠠᠶᠢᠭᠤᠯᠤᠯᠲᠠ ᠶᠢᠨ ᠬᠤᠰᠢᠭᠤᠴᠢ ᠵᠢᠱᠢᠶᠡᠴᠢ ᠦᠢᠯᠡᠳᠦᠯ ᠪᠠ ᠳᠠᠶᠢᠴᠢᠨ ᠪᠠᠬᠢᠯᠡᠯᠲᠡ ᠶᠢᠨ ᠦᠢᠯᠡᠳᠦᠯ ᠢ | ᠢᠯᠡᠷᠡᠭᠦᠯᠪᠡ᠃ | ᠬᠤᠶᠠᠷ᠂ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠵᠤ᠂ ᠬᠠᠮᠲᠤ ᠶᠢᠨ ᠠᠵᠤ ᠠᠬᠤᠢ ᠶᠢᠨ | ᠬᠥᠭᠵᠢᠯᠲᠡ ᠶᠢ ᠠᠬᠢᠭᠤᠯᠤᠨ᠎ᠠ | ᠠᠯᠳ᠋ᠬᠠᠤᠳᠤ ᠭᠠᠴᠠᠭᠠᠨ ᠤ ᠨᠠᠮ ᠤᠨ ᠡᠭᠦᠷ ᠪᠣᠳᠠᠲᠠᠶ ᠦᠢᠯᠡᠳᠪᠦᠷᠢᠯᠡᠯ ᠠᠮᠢᠳᠤᠷᠠᠯ ᠤᠨ ᠳᠤᠮᠳᠠ᠂ ᠨᠠᠮ ᠤᠨ | ᠡᠭᠦᠷ ᠤᠨ ᠭᠡᠰᠢᠭᠦᠨ ᠮᠠᠯᠴᠢᠳ ᠤᠨ ᠠᠮᠢ ᠠᠬᠤᠶ ᠶᠢ ᠬᠠᠮᠠᠭᠠᠯᠠᠬᠤ ᠵᠢᠴᠢ ᠮᠠᠯ ᠠᠵᠤ ᠠᠬᠤᠶ ᠶᠢᠨ ᠬᠥᠭᠵᠢᠯᠲᠡ ᠶᠢ | ᠠᠬᠢᠭᠤᠯᠬᠤ᠂ ᠲᠡᠵᠢᠭᠡᠨ ᠦᠷᠡᠵᠢᠭᠦᠯᠬᠦ ᠲᠣᠮᠣ ᠡᠷᠦᠬᠡ ᠶᠢ ᠵᠣᠬᠢᠶᠠᠨ ᠪᠠᠶᠢᠭᠤᠯᠤᠨ ᠬᠤᠰᠢᠭᠤᠨ ᠤ ᠲᠠᠷᠢᠶᠠᠯᠠᠩ ᠮᠠᠯ | ᠠᠵᠤ ᠠᠬᠤᠶ ᠶᠢᠨ ᠲᠣᠪᠴᠢᠶ᠎ᠠ ᠶᠢᠨ ᠥᠷᠨᠢᠭᠦᠯᠦᠭᠰᠡᠨ ᠮᠠᠯ ᠠᠵᠤ ᠠᠬᠤᠶ ᠶᠢᠨ ᠲᠤᠰᠬᠠᠶ ᠮᠡᠷᠭᠡᠵᠢᠯ ᠤᠨ ᠮᠡᠳᠡᠯᠭᠡ ᠶᠢᠨ | ᠪᠣᠯᠪᠠᠰᠤᠷᠠᠯ ᠳᠤ ᠣᠷᠣᠯᠴᠠᠭᠰᠠᠨ ᠢᠶᠠᠷ ᠪᠠᠷᠠᠬᠤ ᠥᠬᠡᠶ᠂ ᠪᠠᠰᠠ ᠡᠮᠡᠭᠲᠡᠶᠢᠴᠦᠳ ᠤᠨ ᠭᠠᠷ ᠤᠷᠠᠯᠠᠯ ᠤᠨ ᠤᠷ᠎ᠠ | ᠴᠢᠳᠠᠪᠤᠷᠢ ᠶᠢᠨ ᠪᠣᠯᠪᠠᠰᠤᠷᠠᠯ ᠳᠤ ᠣᠷᠣᠯᠴᠠᠬᠤ ᠶᠢ ᠵᠣᠷᠢᠭᠵᠢᠭᠤᠯᠵᠤ᠂ ᠭᠠᠴᠠᠭᠠᠨ ᠤ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠦᠢᠯᠡᠰ ᠲᠤ ᠴᠢᠳᠠᠪᠤᠷᠢᠲᠠᠨ ᠤ ᠪᠠᠲᠤᠯᠠᠭ᠎ᠠ ᠬᠠᠩᠭᠠᠪᠠ᠃ ᠡᠨᠡ ᠬᠦ ᠰᠠᠭᠤᠷᠢᠨ ᠳᠡᠭᠡᠷ᠎ᠡ | ᠂ 2021 ᠣᠨ ᠳᠤ ᠠᠯᠳ᠋ᠬᠠᠤᠳᠤ ᠭᠠᠴᠠᠭᠠᠨ ᠤ ᠨᠠᠮ ᠤᠨ ᠡᠭᠦᠷ ᠳᠡᠭᠡᠳᠦ ᠱᠠᠲᠤᠨ ᠤ ᠰᠠᠯᠠᠭ᠎ᠠ ᠮᠥᠴᠢᠷ ᠢ | ᠢᠳᠡᠪᠬᠢᠲᠡᠢ ᠵᠣᠬᠢᠴᠠᠭᠤᠯᠤᠨ 350 ᠲᠦᠮᠡᠨ ᠲᠥᠭᠦᠷᠢᠭ ᠣᠯᠵᠤ᠂ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠤ ᠲᠣᠯᠣᠭᠠᠶᠢᠯᠠᠭᠴᠢ ᠠᠵᠤ ᠠᠬᠤᠶᠢᠯᠠᠯ ᠱᠢ ᠪᠦᠦ ᠲᠡᠮᠦᠷ ᠤᠨ ᠠᠭᠤᠷᠬᠠᠶ ᠲᠠᠢ ᠬᠠᠮᠲᠤᠷᠠᠨ ᠠᠵᠢᠯᠯᠠᠵᠤ᠂ | ᠲᠡᠭᠦᠨ ᠤ ᠬᠠᠷᠢᠶ᠎ᠠ ᠣᠷᠤᠨ ᠤ ᠡᠯᠪᠡᠭ ᠲᠠᠷᠢᠶᠠᠯᠠᠩ ᠮᠠᠯ ᠠᠵᠤ ᠠᠬᠤᠢ ᠶᠢᠨ ᠲᠠᠯ᠎ᠠ ᠪᠠᠷ ᠬᠠᠮᠲᠤᠷᠠᠨ ᠬᠤᠪᠢ | ᠣᠷᠤᠭᠤᠯᠵᠤ᠂ ᠵᠢᠯ ᠪᠦᠷᠢ 14 ᠲᠦᠮᠡᠨ ᠲᠥᠭᠦᠷᠢᠭ ᠤᠨ ᠠᠰᠢᠭ ᠬᠤᠪᠢᠶᠠᠷᠢᠯᠠᠪᠠ︔ 2022 ᠣᠨ ᠳᠤ᠂ | ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠠᠴᠠ 125 ᠲᠦᠮᠡᠨ ᠲᠥᠭᠦᠷᠢᠭ ᠤᠨ | ᠲᠦᠰᠦᠯ ᠤᠨ ᠪᠡᠯᠡ ᠮᠥᠩᠭᠦ ᠶᠢ ᠴᠢᠷᠮᠠᠶᠢᠨ ᠣᠯᠵᠤ᠂ ᠡᠯᠪᠡᠭ ᠲᠠᠷᠢᠶᠠᠯᠠᠩ ᠮᠠᠯ ᠠᠵᠤ ᠠᠬᠤᠢ ᠶᠢᠨ ᠬᠤᠷᠰᠢᠶ᠎ᠠ ᠳᠤ | ᠬᠤᠪᠢ ᠣᠷᠣᠭᠤᠯᠵᠤ᠂ ᠵᠢᠯ ᠪᠦᠷᠢ 5 ᠲᠦᠮᠡᠨ ᠲᠥᠭᠦᠷᠢᠭ ᠤᠨ ᠠᠰᠢᠭ ᠬᠤᠪᠢᠶᠠᠷᠢᠯᠠᠪᠠ︔ ᠤᠷᠢᠳ ᠬᠤᠵᠢᠳ | 15000 ᠮᠦ ᠬᠠᠮᠲᠤ ᠶᠢᠨ ᠬᠠᠳᠤᠯᠠᠩ ᠪᠡᠯᠴᠢᠭᠡᠷ ᠢ ᠡᠷᠭᠢᠯᠳᠦᠭᠦᠯᠵᠦ᠂ ᠵᠢᠯ ᠪᠦᠷᠢ 9 ᠲᠦᠮᠡᠨ ᠲᠥᠭᠦᠷᠢᠭ ᠤᠨ | ᠣᠷᠣᠯᠭ᠎ᠠ ᠣᠯᠵᠤ᠂ ᠬᠠᠮᠲᠤ ᠶᠢᠨ ᠠᠵᠤ ᠠᠬᠤᠢ ᠶᠢᠨ ᠣᠷᠤᠯᠭ᠎ᠠ ᠶᠢ ᠪᠣᠵᠠᠭᠠᠶᠢᠷᠠᠭᠤᠯᠵᠤ᠂ ᠡᠷᠬᠢᠨ ᠲᠣᠭᠤᠷᠢᠨ ᠤ | ᠮᠠᠯᠴᠢᠳ ᠢ ᠳᠠᠶᠢᠴᠢᠯᠠᠨ᠂ ᠬᠠᠮᠲᠤ ᠶᠢᠨ ᠣᠷᠣᠯᠭ᠎ᠠ ᠶᠢ ᠨᠡᠮᠡᠭᠳᠡᠭᠦᠯᠪᠡ᠃ | ᠭᠤᠷᠪᠠ᠂ ᠨᠠᠮ ᠤᠨ ᠡᠭᠦᠷ ᠲᠦᠷᠦᠭᠦᠯᠡᠨ ᠠᠷᠠᠳ ᠤᠨ ᠠᠮᠢᠳᠤᠷᠠᠯ ᠤᠨ ᠦᠢᠯᠡᠴᠢᠯᠡᠭᠡ ᠶᠢ ᠠᠬᠢᠭᠤᠯᠤᠨ᠎ᠠ | ᠠᠯᠳ᠋ᠬᠠᠤᠳᠤ ᠭᠠᠴᠠᠭᠠᠨ ᠤ ᠨᠠᠮ ᠤᠨ ᠡᠭᠦᠷ ᠮᠠᠯᠴᠢᠳ ᠢ ᠵᠣᠬᠢᠶᠠᠨ ᠪᠠᠶᠢᠭᠤᠯᠵᠤ ᠰᠤᠮᠤ ᠵᠢᠴᠢ ᠳᠡᠭᠡᠳᠦ | ᠱᠠᠲᠤᠨ ᠤ ᠰᠠᠯᠠᠭ᠎ᠠ ᠮᠥᠴᠢᠷ ᠤᠨ ᠵᠣᠬᠢᠶᠠᠨ ᠪᠠᠶᠢᠭᠤᠯᠤᠭᠰᠠᠨ ᠡᠯ᠎ᠡ ᠵᠦᠢᠯ ᠤᠨ ᠠᠵᠢᠯᠯᠠᠭ᠎ᠠ ᠳᠤ ᠢᠳᠡᠪᠬᠢᠲᠡᠢ | ᠣᠷᠣᠯᠴᠠᠭᠤᠯᠵᠤ᠂ ᠨᠠᠮ ᠤᠨ ᠡᠭᠦᠷ ᠤᠨ ᠭᠡᠰᠢᠭᠦᠳ ᠮᠠᠯᠴᠢᠳ ᠲᠤ ᠦᠢᠯᠡᠴᠢᠯᠡᠬᠦ ᠪᠠᠷ ᠥᠪᠡᠷ ᠤᠨ ᠡᠭᠦᠷᠭᠡ ᠪᠠᠨ | ᠪᠣᠯᠭᠠᠵᠤ᠂ ᠳᠡᠭᠡᠳᠦ ᠬᠡᠮᠵᠢᠶᠡᠨ ᠤ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠶᠢ ᠢᠯᠡᠷᠡᠭᠦᠯᠬᠦ ᠶᠢᠨ ᠬᠠᠮᠲᠤ | ᠪᠣᠯᠪᠠᠰᠤᠷᠠᠯ ᠢᠶᠠᠷ ᠳᠠᠮᠵᠢᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠ ᠠᠵᠢᠯ ᠬᠢᠵᠦ ᠦᠢᠯᠡᠰ ᠪᠤᠰᠬᠠᠬᠤ ᠡᠷᠴᠢ ᠵᠣᠷᠢᠭ ᠢ | ᠳᠡᠭᠡᠭᠰᠢᠯᠡᠭᠦᠯᠵᠦ᠂ ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠬᠤ ᠠᠵᠢᠯᠯᠠᠭ᠎ᠠ ᠶᠢᠨ ᠭᠦᠨᠵᠡᠭᠡᠢ | ᠥᠷᠨᠢᠬᠦ ᠶᠢ ᠠᠬᠢᠭᠤᠯᠪᠠ᠃ ᠨᠢᠭᠡ ᠳᠤ᠂ ᠨᠠᠮ ᠤᠨ ᠡᠭᠦᠷ ᠢᠶᠠᠷ ᠳᠠᠭᠠᠭᠤᠯᠤᠨ ᠡᠷᠬᠢᠯᠡᠵᠦ᠂ ᠲᠡᠵᠢᠭᠡᠨ ᠦᠷᠡᠵᠢᠭᠦᠯᠬᠦ᠂ | ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ ᠦᠢᠯᠡᠴᠢᠯᠡᠭᠡ ᠶᠢ ᠪᠡᠶᠡᠯᠡᠭᠦᠯᠪᠡ᠃ ᠤᠷᠢᠳ ᠬᠤᠵᠢᠳ 12 ᠲᠦᠮᠡᠨ | ᠲᠥᠭᠦᠷᠢᠭ ᠤᠨ ᠪᠡᠯᠡ ᠣᠷᠣᠭᠤᠯᠵᠤ᠂ ᠭᠠᠴᠠᠭᠠᠨ ᠤ ᠬᠤᠶᠠᠷ ᠵᠥᠪᠯᠡᠯ ᠵᠢᠴᠢ ᠮᠠᠯᠴᠢᠳ ᠢ ᠵᠣᠬᠢᠶᠠᠨ ᠪᠠᠶᠢᠭᠤᠯᠤᠨ | ᠠᠷᠠᠳ ᠢ ᠪᠠᠶᠠᠵᠢᠭᠤᠯᠬᠤ ᠲᠡᠵᠢᠭᠡᠨ ᠦᠷᠡᠵᠢᠭᠦᠯᠬᠦ ᠬᠤᠷᠰᠢᠶ᠎ᠠ ᠵᠢᠴᠢ ᠨᠤᠲᠤᠭ ᠤᠨ ᠦᠬᠡᠷ ᠬᠤᠨᠢᠨ ᠮᠢᠬ᠎ᠠ ᠶᠢᠨ | ᠪᠣᠷᠣᠯᠠᠭᠤᠯᠭ᠎ᠠ ᠶᠢᠨ ᠰᠢᠭᠤᠳ ᠡᠵᠡᠩᠨᠡᠯᠲᠡ ᠶᠢᠨ ᠳᠡᠯᠭᠡᠭᠦᠷ ᠲᠤ ᠢᠳᠡᠪᠬᠢᠲᠡᠢ ᠣᠷᠣᠯᠴᠠᠨ ᠬᠤᠪᠢ ᠣᠷᠣᠭᠤᠯᠵᠤ᠂ | ᠴᠥᠭᠡᠨ ᠲᠡᠵᠢᠭᠡᠵᠦ ᠨᠠᠷᠢᠯᠢᠭ ᠲᠡᠵᠢᠭᠡᠬᠦ ᠪᠠᠷ ᠳᠠᠮᠵᠢᠭᠤᠯᠤᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠶᠢ | ᠪᠡᠶᠡᠯᠡᠭᠦᠯᠪᠡ︔ ᠰᠢᠭᠤᠳ ᠡᠵᠡᠩᠨᠡᠬᠦ ᠳᠡᠯᠭᠡᠭᠦᠷ ᠤᠨ ᠲᠠᠪᠴᠠᠩ ᠢᠶᠠᠷ ᠳᠠᠮᠵᠢᠭᠤᠯᠤᠨ᠂ ᠵᠠᠬ᠎ᠠ ᠳᠡᠯᠭᠡᠭᠦᠷ ᠤᠨ | ᠦᠨ᠎ᠡ ᠠᠴᠠ 1 ᠲᠥᠭᠦᠷᠢᠭ ᠥᠨᠳᠥᠷ ᠠᠷᠭ᠎ᠠ ᠮᠠᠶ᠋ᠢᠭ ᠢᠶᠠᠷ ᠮᠠᠯᠴᠢᠳ ᠤᠨ ᠬᠤᠨᠢᠨ ᠮᠢᠬ᠎ᠠ ᠶᠢ ᠬᠤᠳᠠᠯᠳᠤᠨ ᠠᠪᠬᠤ | ᠠᠷᠭ᠎ᠠ ᠮᠠᠶ᠋ᠢᠭ ᠢᠶᠠᠷ ᠮᠠᠯᠴᠢᠳ ᠤᠨ ᠮᠢᠬ᠎ᠠ ᠬᠤᠳᠠᠯᠳᠤᠬᠤ ᠳᠤ ᠬᠦᠴᠢᠷᠲᠡᠢ ᠪᠠᠶᠢᠬᠤ ᠠᠰᠠᠭᠤᠳᠠᠯ ᠢ ᠰᠢᠢᠳᠪᠦᠷᠢᠯᠡᠵᠦ | ᠥᠭᠪᠡ᠃ ᠬᠤᠶᠠᠷ ᠲᠤ ᠠᠵᠢᠯ ᠤᠨ ᠲᠠᠯ᠎ᠠ ᠪᠠᠷ ᠰᠢᠨ᠎ᠡ ᠶᠢ ᠡᠭᠦᠳᠴᠦ᠂ ᠮᠢᠬ᠎ᠠ ᠬᠤᠳᠠᠯᠳᠤᠬᠤ ᠠᠷᠭ᠎ᠠ ᠵᠠᠮ ᠢ | ᠦᠷᠭᠡᠳᠭᠡᠪᠡ᠃ 2023 ᠣᠨ ᠳᠤ᠂ ᠭᠠᠴᠠᠭᠠᠨ ᠤ ᠨᠠᠮ ᠤᠨ ᠡᠭᠦᠷ ᠤᠨ ᠱᠦᠵᠢ ᠭᠡᠭᠡᠨᠲᠠᠨ᠎ᠠ ᠪᠠᠲᠤᠬᠠᠭᠠᠯᠭ᠎ᠠ | ᠪᠠᠯᠭᠠᠰᠤᠨ ᠤ ᠰᠦᠯᠵᠢᠶᠡᠨ ᠤ ᠰᠢᠭᠤᠳ ᠨᠡᠪᠲᠡᠷᠡᠭᠦᠯᠭᠡ ᠶᠢᠨ ᠲᠠᠪᠴᠠᠩ ᠳᠤ ᠲᠦᠰᠢᠭᠯᠡᠨ᠂ ᠥᠪᠡᠷ ᠤᠨ ᠬᠤᠳᠠ ᠶᠢᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠪᠡᠶ᠎ᠡ ᠶᠢᠨ ᠪᠠᠶᠢᠷᠢ ᠰᠠᠭᠤᠷᠢ ᠪᠠᠨ | ᠠᠰᠢᠭᠯᠠᠨ ᠲᠢᠭ᠋ ᠲᠤᠭ ᠲᠠᠪᠴᠠᠩ ᠳᠤ ᠰᠢᠭᠤᠳ ᠨᠡᠪᠲᠡᠷᠡᠭᠦᠯᠭᠡ ᠬᠢᠵᠦ᠂ ᠥᠷᠭᠡᠨ ᠤᠯᠠᠨ ᠰᠦᠯᠵᠢᠶᠡᠨ ᠤ | ᠨᠦᠬᠦᠳ ᠲᠤ ᠳᠠᠷᠬᠠᠨ ᠮᠤᠤᠮᠢᠩᠭᠠᠨ ᠬᠤᠰᠢᠭᠤᠨ ᠤ ᠣᠷᠤᠨ ᠨᠤᠲᠤᠭ ᠤᠨ ᠵᠠᠩᠰᠢᠯ ᠢ ᠤᠬᠠᠭᠤᠯᠬᠤ ᠶᠢᠨ ᠬᠠᠮᠲᠤ | ᠳᠠᠷᠬᠠᠨ ᠮᠤᠤᠮᠢᠩᠭᠠᠨ ᠬᠤᠰᠢᠭᠤᠨ ᠤ ᠬᠤᠨᠢᠨ ᠮᠢᠬ᠎ᠠ ᠶᠢᠨ ᠣᠨᠴᠠᠯᠢᠭ ᠵᠢᠴᠢ ᠰᠢᠮ᠎ᠡ ᠲᠡᠵᠢᠭᠡᠯ ᠵᠡᠷᠭᠡ ᠶᠢ | ᠲᠠᠨᠢᠯᠴᠠᠭᠤᠯᠵᠤ᠂ ᠮᠠᠯᠴᠢᠳ ᠤᠨ ᠰᠠᠶᠢᠨ ᠮᠢᠬ᠎ᠠ ᠬᠤᠳᠠᠯᠳᠤᠵᠤ᠂ ᠰᠠᠶᠢᠨ ᠦᠨ᠎ᠡ ᠪᠠᠷ ᠬᠤᠳᠠᠯᠳᠤᠬᠤ ᠳᠤ ᠵᠣᠬᠢᠬᠤ | ᠦᠷ᠎ᠡ ᠪᠦᠲᠦᠮᠵᠢ ᠣᠯᠪᠠ᠃ ᠭᠤᠷᠪᠠ ᠳᠤ᠂ ᠨᠡᠶᠢᠳᠡᠮ ᠬᠠᠷᠠᠭᠠᠯᠵᠠᠬᠤ ᠬᠦᠷᠢᠶ᠎ᠡ ᠬᠡᠪᠴᠢᠶ᠎ᠡ ᠶᠢ ᠥᠷᠭᠡᠳᠬᠡᠵᠦ᠂ | ᠦᠢᠯᠡᠴᠢᠯᠡᠬᠦ ᠴᠢᠳᠠᠪᠤᠷᠢ ᠪᠠᠨ ᠴᠢᠩᠭᠠᠷᠠᠭᠤᠯᠪᠠ᠃ ᠲᠠᠯ᠎ᠠ ᠨᠤᠲᠤᠭ ᠤᠨ ᠠᠮᠢ ᠠᠬᠤᠢ ᠶᠢᠨ ᠬᠠᠮᠠᠭᠠᠯᠠᠯᠲᠠ ᠪᠠ | ᠰᠡᠷᠭᠦᠭᠡᠯᠲᠡ ᠶᠢ ᠴᠢᠩᠭᠠᠳᠬᠠᠵᠤ᠂ ᠣᠷᠭᠠᠨᠢᠭ ᠦᠬᠡᠷ ᠬᠤᠨᠢᠨ ᠮᠢᠬᠠᠨ ᠤ ᠦᠢᠯᠡᠳᠪᠦᠷᠢᠯᠡᠯ ᠤᠨ ᠱᠤᠭᠤᠮ ᠢ | ᠬᠥᠭᠵᠢᠭᠦᠯᠬᠦ ᠶᠢᠨ ᠲᠥᠯᠥᠭᠡ᠂ 2022 ᠣᠨ ᠠᠴᠠ᠂ ᠠᠯᠳ᠋ᠬᠠᠤᠳᠤ ᠨᠠᠮ ᠤᠨ ᠡᠭᠦᠷ ᠥᠪᠥᠷ ᠮᠣᠩᠭᠤᠯ ᠤᠨ | ᠲᠠᠷᠢᠶᠠᠯᠠᠩ ᠰᠣᠶᠣᠯ ᠵᠢᠭᠤᠯᠴᠢᠯᠠᠯ ᠤᠨ ᠨᠡᠭᠡᠭᠡᠨ ᠬᠥᠭᠵᠢᠭᠦᠯᠵᠦ ᠪᠦᠳᠦᠭᠡᠨ ᠪᠠᠶᠢᠭᠤᠯᠬᠤ ᠬᠢᠵᠠᠭᠠᠷᠲᠤ ᠺᠣᠮᠫᠠᠨᠢ ᠶᠢᠨ | ᠳᠠᠷᠬᠠᠨ ᠬᠤᠪᠢᠶᠠᠷᠢ ᠺᠣᠮᠫᠠᠨᠢ ᠲᠠᠢ ᠢᠳᠡᠪᠬᠢᠲᠡᠢ ᠬᠠᠮᠵᠢᠯᠴᠠᠨ ᠣᠷᠭᠠᠨᠢᠭ ᠦᠢᠯᠡᠳᠬᠦᠨ ᠤ ᠭᠡᠷᠡᠴᠢᠯᠡᠯ ᠤᠨ ᠠᠵᠢᠯ ᠢ | ᠥᠷᠨᠢᠭᠦᠯᠵᠦ᠂ ᠱᠠᠳᠤ ᠳᠠᠷᠠᠭᠠᠯᠠᠨ ᠮᠠᠲ᠋ᠧᠷᠢᠶᠠᠯ ᠮᠡᠳᠡᠭᠦᠯᠬᠦ᠂ ᠲᠤᠬᠠᠢ ᠶᠢᠨ ᠲᠠᠯᠠᠪᠠᠢ ᠶᠢᠨ ᠪᠠᠶᠢᠴᠠᠭᠠᠯᠲᠠ ᠬᠢᠬᠦ᠂ | ᠦᠢᠯᠡᠳᠬᠦᠨ ᠢ ᠪᠠᠶᠢᠴᠠᠭᠠᠨ ᠰᠢᠯᠭᠠᠬᠤ ᠵᠡᠷᠭᠡ ᠶᠠᠪᠤᠴᠠ ᠪᠠᠷ ᠳᠠᠮᠵᠢᠨ᠂ 2023 ᠣᠨ ᠤ 3 ᠳ᠋ᠤᠭᠠᠷ ᠰᠠᠷ᠎ᠠ ᠳᠤ | ᠣᠷᠭᠠᠨᠢᠭ ᠰᠣᠯᠢᠬᠤ ᠭᠡᠷᠡᠴᠢᠯᠡᠯ ᠤᠨ ᠦᠨᠡᠮᠯᠡᠯ ᠤᠯᠪᠠ᠃ ᠠᠯᠳ᠋ᠬᠠᠤᠳᠤ ᠭᠠᠴᠠᠭᠠᠨ ᠤ 20 ᠭᠠᠷᠤᠢ ᠲᠦᠮᠡᠨ | ᠪᠡᠯᠴᠢᠭᠡᠷ ᠢ ᠴᠥᠮ ᠣᠷᠭᠠᠨᠢᠭ ᠪᠡᠯᠴᠢᠭᠡᠷ ᠲᠤ ᠬᠤᠪᠢᠶᠠᠷᠢᠯᠠᠵᠤ᠂ 50 ᠭᠠᠷᠤᠢ ᠡᠷᠦᠬᠡ ᠮᠠᠯᠴᠢᠳ ᠲᠤ ᠲᠦᠭᠡᠮᠡᠯ | ᠠᠰᠢᠭ ᠬᠦᠷᠲᠡᠭᠡᠪᠡ᠃ ᠡᠨᠡ ᠬᠦ ᠰᠠᠭᠤᠷᠢᠨ ᠲᠡᠭᠡᠷ᠎ᠡ᠂ ᠤᠷᠤᠨ ᠨᠤᠳᠤᠭ ᠲᠤ ᠰᠠᠭᠤᠭ᠎ᠠ ᠠᠵᠤ ᠠᠬᠤᠶᠢᠯᠠᠯ ᠢ | ᠵᠤᠬᠢᠴᠠᠭᠤᠯᠵᠤ᠂ 60 ᠨᠠᠰᠤᠨ ᠠᠴᠠ ᠲᠡᠭᠡᠭᠰᠢᠬᠢ 50 ᠭᠠᠷᠤᠢ ᠨᠠᠰᠤᠳᠠᠨ ᠳᠤ ᠨᠠᠰᠤᠳᠠᠨ ᠤ ᠠᠰᠠᠷᠠᠮᠵᠢ ᠶᠢᠨ | ᠲᠠᠭᠠᠳᠬᠠᠯ ᠲᠤᠰᠢᠶᠠᠵᠠᠢ᠃ |