ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠮᠡᠭᠲᠡᠶᠢᠴᠦᠳ ᠬᠡᠦᠬᠡᠳ ᠤᠨ ᠠᠵᠢᠯᠯᠠᠭᠠᠨ ᠤ ᠲᠥᠪ ᠤᠨ ︽ᠨᠡᠶᠢᠲᠡ ᠶᠢᠨ ᠠᠰᠠᠷᠠᠮᠵᠢ +︾ ︽ᠲᠡᠭᠦᠨ ᠤ ᠬᠦᠴᠦᠨ︾ ᠢ ᠨᠢᠭᠲᠠᠷᠠᠭᠤᠯᠵᠤ ︽ᠰᠡᠳᠬᠢᠯ ᠤᠨ ᠬᠥᠭᠦᠷᠭᠡ︾ ᠶᠢ ᠪᠤᠰᠬᠠᠪᠠ
ᠨᠡᠶᠢᠲᠡᠯᠡᠭᠰᠡᠨ ᠴᠠᠭ᠄
2024/9/9
      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠮᠡᠭᠲᠡᠶᠢᠴᠦᠳ ᠤᠨ ᠬᠤᠯᠪᠤᠭ᠎ᠠ ᠨᠢ ᠡᠮᠡᠭᠲᠡᠶᠢᠴᠦᠳ ᠤᠨ ᠨᠢᠭᠲᠠᠷᠠᠯ ᠤᠨ ᠬᠦᠴᠦᠨ ᠢ ᠴᠢᠩᠭᠠᠳᠬᠠᠬᠤ ᠪᠠᠷ ᠭᠤᠣᠯ ᠬᠠᠷᠠᠯᠲᠠ ᠪᠣᠯᠭᠠᠵᠤ᠂ ︽ᠨᠡᠶᠢᠲᠡ ᠶᠢᠨ ᠠᠰᠠᠷᠠᠮᠵᠢ +︾ ᠶᠢᠨ ᠬᠡᠯᠪᠡᠷᠢ ᠪᠠᠷ ᠨᠡᠶᠢᠭᠡᠮ ᠤᠨ ᠡᠬᠢ ᠪᠠᠶᠠᠯᠢᠭ ᠢ ᠬᠤᠯᠪᠣᠵᠤ᠂ ᠡᠯ᠎ᠡ ᠲᠠᠯ᠎ᠠ ᠶᠢᠨ ᠬᠦᠴᠦᠨ ᠢ ᠭᠦᠢᠴᠡᠳ ᠳᠠᠶᠢᠴᠢᠯᠠᠵᠤ᠂ ᠡᠯ᠎ᠡ ᠲᠦᠷᠦᠯ ᠤᠨ ᠪᠠᠶᠠᠯᠢᠭ ᠰᠠᠶᠢᠬᠠᠨ ᠡᠮᠡᠭᠲᠡᠶᠢᠴᠦᠳ ᠬᠡᠦᠬᠡᠳ ᠤᠨ ᠠᠵᠢᠯᠯᠠᠭ᠎ᠠ ᠶᠢ ᠥᠷᠨᠢᠭᠦᠯᠵᠦ᠂ ᠡᠮᠡᠭᠲᠡᠶᠢᠴᠦᠳ ᠬᠡᠦᠬᠡᠳ ᠲᠤ ᠪᠦᠬᠦ ᠲᠠᠯ᠎ᠠ ᠶᠢᠨ ᠬᠠᠶᠢᠷ᠎ᠠ ᠬᠠᠯᠠᠮᠵᠢ ᠪᠠ ᠳᠡᠮᠵᠢᠯᠭᠡ ᠬᠠᠩᠭᠠᠬᠤ ᠪᠠᠷ ᠴᠢᠷᠮᠠᠶᠢᠵᠤ᠂ ︽ᠨᠠᠮ ᠪᠠ ᠡᠮᠡᠭᠲᠡᠶᠢᠴᠦᠳ ᠬᠠᠮᠲᠤ ᠪᠠᠷ ᠪᠠᠶᠢᠭᠤᠯᠬᠤ᠂ ᠬᠠᠷᠢᠯᠴᠠᠨ ᠠᠬᠢᠭᠤᠯᠬᠤ᠂ ᠲᠠᠶᠢᠴᠢᠯᠠᠨ ᠠᠬᠢᠭᠤᠯᠬᠤ ᠶᠢ ᠤᠶᠠᠯᠳᠤᠭᠤᠯᠬᠤ᠂ ᠬᠠᠮᠲᠤ ᠪᠠᠷ ᠬᠥᠭᠵᠢᠬᠦ︾ ᠠᠮᠢᠳᠤᠯᠢᠭ ᠪᠠᠶᠢᠳᠠᠯ ᠢ ᠪᠤᠢ ᠪᠣᠯᠭᠠᠵᠤ᠂ ᠡᠮᠡᠭᠲᠡᠶᠢᠴᠦᠳ ᠬᠡᠦᠬᠡᠳ ᠤᠨ ᠬᠠᠷᠢᠶᠠᠯᠠᠭᠳᠠᠬᠤ ᠰᠡᠳᠬᠢᠯᠭᠡ ᠪᠠ ᠢᠵᠢᠯᠢᠰᠢᠬᠦ ᠰᠡᠳᠬᠢᠯᠭᠡ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠮᠡᠭᠲᠡᠶᠢᠴᠦᠳ ᠬᠡᠦᠬᠡᠳ ᠤᠨ ᠦᠢᠯᠡᠰ ᠤᠨ ᠡᠶ᠎ᠡ ᠵᠣᠬᠢᠴᠠᠩᠭᠤᠢ ᠬᠥᠭᠵᠢᠯᠲᠡ ᠶᠢ ᠠᠬᠢᠭᠤᠯᠪᠠ᠃      ᠨᠡᠶᠢᠲᠡ ᠶᠢᠨ ᠠᠰᠠᠷᠠᠮᠵᠢ ᠶᠢᠨ ᠬᠢᠴᠢᠶᠡᠯ ᠤᠨ ᠲᠠᠩᠬᠢᠮ ᠮᠠᠰᠢ ᠲᠣᠳᠤᠨᠤ᠃ 9 ᠨᠡᠶᠢᠭᠡᠮ ᠤᠨ ᠪᠦᠯᠬᠦᠮ ᠢ ᠨᠢᠭᠡᠳᠦᠯᠲᠡᠢ ᠲᠥᠯᠥᠪᠵᠢᠭᠦᠯᠦᠨ ᠰᠠᠭᠤᠯᠭᠠᠵᠤ᠂ ᠪᠥᠵᠢᠭ᠂ ᠤᠷᠠᠨ ᠪᠢᠴᠢᠯᠭᠡ ᠤᠷᠠᠨ ᠵᠢᠷᠤᠭ᠂ ᠬᠥᠭᠵᠢᠮ ᠂ ᠸᠠᠭᠠᠷ ᠤᠨ ᠤᠷᠠᠯᠠᠯ᠂ ᠶᠤᠭ᠎ᠠ᠂ ᠲᠠᠢ ᠵᠢᠢ᠂ ᠰᠡᠳᠬᠢᠴᠡ ᠶᠢᠨ ᠡᠷᠡᠭᠦᠯ ᠮᠡᠨᠳᠦ ᠶᠢᠨ ᠦᠢᠯᠡᠴᠢᠯᠡᠭᠡ ᠵᠡᠷᠭᠡ ᠪᠠᠶᠠᠯᠢᠭ ᠰᠠᠶᠢᠬᠠᠨ ᠪᠣᠯᠪᠠᠰᠤᠷᠠᠯ ᠤᠨ ᠬᠢᠴᠢᠶᠡᠯ ᠢ ᠥᠷᠨᠢᠭᠦᠯᠪᠡ᠃ ᠦᠨᠳᠦᠰᠦᠲᠡᠨ ᠤ ᠰᠤᠶᠤᠯ ᠤᠨ ᠦᠪ ᠢ ᠤᠬᠠᠭᠤᠯᠬᠤ ᠪᠠ ᠬᠠᠮᠠᠭᠠᠯᠠᠬᠤ ᠠᠵᠢᠯᠯᠠᠭ᠎ᠠ ᠦᠷᠨᠢᠬᠦᠯᠵᠦ᠂ ᠦᠷᠬᠡᠨ ᠤᠯᠠᠨ ᠡᠮᠡᠭᠳᠡᠶᠢᠴᠦᠳ ᠪᠠ ᠤᠯᠠᠨ ᠲᠦᠮᠡᠨ ᠳᠤ ᠬᠠᠨᠳᠤᠭᠤᠯᠤᠨ ᠦᠨᠳᠦᠰᠦᠳᠡᠨ ᠤ ᠬᠤᠪᠴᠠᠰᠤ ᠵᠠᠰᠠᠯ᠂ ᠭᠤᠯᠢᠷ ᠢᠳᠡᠭᠡᠨ᠂ ᠭᠠᠷ ᠤᠷᠠᠯᠠᠯ ᠤᠨ ᠮᠡᠷᠬᠡᠵᠢᠯ ᠵᠡᠷᠬᠡ ᠡᠮᠡᠭᠳᠡᠶᠢᠴᠤᠳ ᠤᠨ ᠦᠢᠯᠡᠰ ᠴᠤᠨᠨᠴᠠᠯᠠᠵᠦ ᠠᠵᠢᠯ ᠤᠯᠭᠤᠬᠤ ᠨᠡᠶᠢᠳᠡ ᠶᠢᠨ ᠠᠰᠠᠷᠠᠮᠵᠢ ᠶᠢᠨ ᠪᠣᠯᠪᠠᠰᠤᠷᠠᠯ ᠢ ᠡᠷᠬᠢᠯᠡᠬᠦᠯᠵᠦ᠂ ᠡᠮᠡᠭᠲᠡᠢ ᠺᠠᠳ᠋ᠷ ᠠᠵᠢᠯᠳᠠᠳ ᠲᠤ ᠬᠠᠨᠳᠤᠭᠤᠯᠤᠨ ᠶᠤᠭ᠎ᠠ᠂ ᠤᠷᠠᠨ ᠪᠢᠴᠢᠯᠬᠡ᠂ ᠦᠨᠳᠦᠰᠦᠳᠡᠨ ᠤ ᠪᠦᠵᠢᠭ ᠵᠡᠷᠬᠡ ᠨᠡᠶᠢᠳᠡ ᠶᠢᠨ ᠠᠰᠠᠷᠠᠮᠵᠢ ᠪᠠᠷ ᠬᠢᠴᠢᠶᠡᠯᠯᠡᠬᠦ ᠠᠵᠢᠯᠯᠠᠭ᠎ᠠ ᠶᠢ ᠡᠷᠬᠢᠯᠡᠨ᠂ ᠬᠦᠴᠢᠷᠳᠡᠯᠲᠡᠢ ᠬᠡᠤᠬᠡᠳ ᠲᠤ ᠬᠠᠨᠳᠤᠭᠤᠯᠤᠨ ᠤᠷᠳᠤ ᠬᠤᠭᠤᠴᠠᠭᠠᠨ ᠤ ᠰᠦᠢᠳᠬᠡᠯ ᠦᠯᠦ ᠬᠤᠷᠢᠶᠠᠬᠤ ᠰᠡᠳᠬᠢᠴᠡ ᠶᠢᠨ ᠬᠠᠪᠰᠤᠷᠤᠨ ᠵᠢᠯᠤᠭᠤᠳᠤᠯᠭ᠎ᠠ᠂ ᠪᠦᠵᠢᠭ᠂ ᠵᠢᠷᠤᠭ ᠵᠡᠷᠬᠡ ᠬᠢᠴᠢᠶᠡᠯ ᠢ ᠬᠠᠩᠭᠠᠵᠦ᠂ ᠦᠷᠬᠡᠨ ᠤᠯᠠᠨ ᠡᠮᠡᠭᠳᠡᠶᠢᠴᠦᠳ ᠬᠡᠤᠬᠡᠳ ᠤᠨ ᠢᠲᠡᠭᠡᠯᠲᠦ ᠰᠡᠳᠬᠢᠯᠬᠡ ᠪᠠ ᠬᠠᠷᠢᠶᠠᠯᠠᠭᠳᠠᠬᠤ ᠰᠡᠳᠬᠢᠯᠬᠡ ᠶᠢ ᠳᠡᠭᠡᠭᠰᠢᠯᠡᠭᠦᠯᠪᠡ᠃  ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠵᠡᠷᠭᠡ ᠣᠨᠴᠠᠭᠠᠢ ᠴᠠᠭ ᠬᠤᠭᠤᠴᠠᠭᠠᠨ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠮᠡᠭᠲᠡᠶᠢᠴᠦᠳ ᠤᠨ ᠬᠤᠯᠪᠤᠭ᠎ᠠ ᠵᠣᠨ ᠤ ᠠᠮᠠᠷᠠᠯᠲᠠ ᠶᠢᠨ ᠬᠤᠭᠤᠴᠠᠭᠠᠨ ᠳᠠᠬᠢ ᠬᠡᠦᠬᠡᠳ ᠢ ᠬᠠᠯᠠᠮᠵᠢᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠡᠮᠡᠭᠲᠡᠶᠢᠴᠦᠳ ᠬᠡᠦᠬᠡᠳ ᠤᠨ ᠠᠵᠢᠯᠯᠠᠭᠠᠨ ᠤ ᠲᠥᠪ ᠲᠤ ᠲᠦᠰᠢᠭᠯᠡᠨ᠂ ᠨᠡᠶᠢᠲᠡ ᠶᠢᠨ ᠠᠰᠠᠷᠠᠮᠵᠢ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠬᠡᠷ ᠲᠡᠭᠡᠨ ᠬᠤᠴᠣᠷᠤᠭᠰᠠᠨ ᠬᠡᠤᠬᠡᠳ᠂ ᠣᠷᠣᠯᠭ᠎ᠠ ᠪᠠᠭᠠᠲᠠᠶ ᠬᠡᠷ ᠪᠦᠯᠢ ᠶᠢᠨ ᠦᠷ᠎ᠡ ᠬᠡᠤᠬᠡᠳ᠂ ᠰᠢᠨ᠎ᠡ ᠪᠠᠷ ᠠᠵᠢᠯ ᠣᠯᠤᠭᠰᠠᠨ ᠬᠥᠮᠦᠰ ᠤᠨ ᠦᠷ᠎ᠡ ᠬᠡᠤᠬᠡᠳ᠂ ᠵᠣᠨ ᠤ ᠠᠮᠠᠷᠠᠯᠲᠠ ᠶᠢᠨ ᠬᠤᠭᠤᠴᠠᠭᠠᠨ ᠤ ᠬᠠᠮᠢᠶᠠᠷᠤᠯᠲᠠ ᠬᠠᠮᠠᠭᠠᠯᠠᠯᠲᠠ ᠳᠤ ᠬᠦᠴᠢᠷᠲᠡᠶ ᠵᠡᠷᠭᠡ ᠵᠠᠯᠠᠭᠤᠴᠤᠳ ᠪᠠᠭᠠᠴᠤᠳ ᠤᠨ ᠬᠠᠮᠲᠤᠯᠢᠭ ᠲᠤ ᠴᠢᠭᠯᠡᠭᠦᠯᠦᠨ᠂ ︽ᠠᠮᠠᠷᠠᠯᠲᠠ ᠲᠠᠯᠪᠢᠬᠤ ᠳᠤ ᠰᠤᠷᠭᠠᠭᠤᠯᠢ ᠲᠠᠯᠪᠢᠬᠤ ᠥᠬᠡᠶ︾ ᠨᠡᠶᠢᠲᠡ ᠶᠢᠨ ᠠᠰᠠᠷᠠᠮᠵᠢ ᠶᠢᠨ ᠬᠢᠴᠢᠶᠡᠯ ᠤᠨ ᠲᠠᠩᠬᠢᠮ ᠢ ᠡᠬᠢᠯᠡᠭᠦᠯᠵᠦ᠂ ᠭᠠᠷ ᠣᠶᠣᠳᠠᠯ᠂ ᠬᠢᠲᠠᠳ ᠵᠢᠷᠤᠭ᠂ ᠸᠠᠭᠠᠷ ᠤᠨ ᠤᠷᠠᠯᠠᠯ᠂ ᠳᠠᠭᠤᠤ ᠬᠥᠭᠵᠢᠮ᠂ ᠪᠥᠵᠢᠭ ᠵᠡᠷᠭᠡ ᠣᠯᠠᠨ ᠶᠠᠩᠵᠤ ᠶᠢᠨ᠂ ᠰᠣᠨᠢᠷᠬᠠᠯᠲᠤ ᠴᠢᠨᠠᠷᠲᠠᠶ ᠬᠢᠴᠢᠶᠡᠯ ᠤᠨ ᠲᠥᠯᠥᠪᠯᠡᠭᠡ ᠶᠢ ᠲᠣᠭᠲᠠᠭᠠᠵᠤ᠂ ᠬᠡᠦᠬᠡᠳ ᠤᠨ ᠰᠤᠷᠤᠯᠴᠠᠬᠤ ᠬᠡᠷᠡᠭᠴᠡᠭᠡ ᠱᠠᠭᠠᠷᠳᠠᠯᠭ᠎ᠠ ᠪᠠ ᠳᠤᠷ᠎ᠠ ᠰᠣᠨᠢᠷᠬᠠᠯ ᠢ ᠬᠠᠩᠭᠠᠵᠤ᠂ ᠪᠥᠬᠦ ᠬᠤᠰᠢᠭᠤᠨ ᠤ ᠡᠯ᠎ᠡ ᠡᠲᠡᠭᠡᠳ ᠤᠨ ᠡᠮᠡᠭᠲᠡᠶᠢᠴᠦᠳ ᠤᠨ ᠳᠤᠮᠳᠠ ᠨᠡᠯᠢᠶᠡᠳ ᠰᠠᠶᠢᠨ ᠲᠤᠰᠬᠠᠯ ᠭᠠᠷᠭᠠᠪᠠ᠃      ᠡᠷᠬᠡ ᠪᠠᠨ ᠬᠠᠮᠠᠭᠠᠯᠠᠬᠤ ᠦᠢᠯᠡᠴᠢᠯᠡᠭᠡ ᠰᠡᠳᠭᠢᠯ ᠢ ᠳᠤᠯᠠᠭᠠᠴᠠᠭᠤᠯᠤᠨ᠎ᠠ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠮᠡᠭᠲᠡᠶᠢᠴᠦᠳ ᠬᠡᠤᠬᠡᠳ ᠤᠨ ᠠᠵᠢᠯᠯᠠᠭᠠᠨ ᠤ ᠲᠥᠪ ᠲᠤ ︽ᠬᠡᠷ ᠪᠦᠯᠢ ᠶᠢᠨ ᠰᠤᠷᠭᠠᠨ ᠬᠥᠮᠦᠵᠢᠯ ᠤᠨ ᠦᠢᠯᠡᠴᠢᠯᠡᠭᠡᠨ ᠤ ᠲᠥᠪ︾᠂ ︽ᠴᠠᠭᠠᠨ ᠰᠢᠷᠬᠡᠭᠲᠦ ᠪᠦᠰᠡ ᠶᠢᠨ ᠬᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ ᠦᠢᠯᠡᠴᠢᠯᠡᠭᠡᠨ ᠤ ᠥᠷᠲᠡᠭᠡ︾᠂ ︽ᠭᠦ᠋ ᠳ᠋ᠧ ᠣᠶᠤᠨ ᠰᠠᠨᠠᠭᠠᠨ ᠤ ᠦᠷᠦᠭᠡ︾ ᠵᠡᠷᠭᠡ ᠴᠢᠳᠠᠮᠵᠢ ᠶᠢᠨ ᠲᠠᠰᠤᠭ ᠭᠠᠷᠭᠠᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠮᠡᠭᠲᠡᠶᠢᠴᠦᠳ ᠬᠡᠤᠬᠡᠳ ᠤᠨ ᠡᠷᠬᠡ ᠠᠰᠢᠭ ᠢ ᠬᠠᠮᠠᠭᠠᠯᠠᠬᠤ ᠦᠢᠯᠡᠴᠢᠯᠡᠭᠡᠨ ᠤ ᠥᠷᠲᠡᠭᠡ ᠶᠢ ᠪᠠᠶᠢᠭᠤᠯᠪᠠ᠃ ᠭᠡᠷ ᠪᠦᠯᠢ ᠶᠢᠨ ᠬᠥᠮᠦᠵᠢᠯ᠂ ᠰᠡᠳᠬᠢᠯ ᠤᠨ ᠳᠠᠷᠤᠭᠠᠰᠤ ᠲᠠᠶᠢᠯᠬᠤ ᠵᠡᠷᠭᠡ ᠲᠤᠰᠬᠠᠶ ᠰᠡᠳᠦᠪᠲᠦ ᠲᠠᠶᠢᠯᠤᠮᠵᠢ ᠶᠢ ᠥᠷᠨᠢᠭᠦᠯᠵᠦ᠂ ᠭᠡᠷ ᠪᠦᠯᠢ ᠶᠢᠨ ᠭᠡᠷ ᠤᠨ ᠰᠤᠷᠭᠠᠯ ᠭᠡᠷ ᠤᠨ ᠰᠤᠷᠲᠠᠯ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠡᠴᠢᠭᠡ ᠡᠬᠡ ᠦᠷ᠎ᠡ ᠬᠡᠤᠬᠡᠳ ᠤᠨ ᠡᠶ᠎ᠡ ᠵᠣᠬᠢᠴᠠᠯ ᠲᠠᠢ ᠬᠠᠷᠢᠴᠠᠭ᠎ᠠ ᠪᠠ ᠭᠡᠷ ᠪᠦᠯᠢ ᠶᠢᠨ ᠬᠠᠷᠢᠴᠠᠭ᠎ᠠ ᠶᠢ ᠪᠤᠢ ᠪᠣᠯᠭᠠᠪᠠ᠃ᠨᠠᠰᠤᠨ ᠳᠤ ᠥᠯᠥ ᠭᠦᠷᠦᠭᠰᠡᠳ ᠤᠨ ᠪᠣᠯᠪᠠᠰᠤᠷᠠᠯ ᠬᠥᠮᠦᠵᠢᠯ᠂ ᠬᠡᠷ ᠪᠦᠯᠢ ᠶᠢᠨ ᠬᠦᠴᠦᠷᠬᠡᠭᠯᠡᠯ ᠤᠨ ᠵᠢᠭᠤᠷᠠᠯᠳᠤᠭᠠᠨ ᠢ ᠡᠶᠡᠳᠡᠭᠦᠯᠬᠦ᠂ ᠰᠡᠳᠬᠢᠴᠡ ᠶᠢᠨ ᠬᠠᠪᠰᠤᠷᠤᠨ ᠵᠢᠯᠣᠭᠤᠳᠣᠯᠭ᠎ᠠ ᠪᠠ ᠯᠠᠪᠯᠠᠭ᠎ᠠ᠂ ᠰᠡᠳᠬᠢᠴᠡ ᠶᠢᠨ ᠲᠤᠰᠠᠯᠠᠮᠵᠢ᠂ ᠬᠡᠷ ᠪᠦᠯᠢ ᠶᠢᠨ ᠬᠥᠮᠦᠵᠢᠯ ᠤᠨ ᠵᠢᠯᠣᠭᠤᠳᠣᠯᠭ᠎ᠠ ᠵᠡᠷᠭᠡ ᠣᠯᠠᠨ ᠵᠦᠢᠯ ᠤᠨ ᠦᠢᠯᠡᠴᠢᠯᠡᠭᠡ ᠶᠢ ᠬᠠᠩᠭᠠᠵᠤ᠂ ᠠᠮᠤᠷ ᠲᠦᠪᠰᠢᠨ ᠤ ᠮᠡᠳᠡᠯᠭᠡ ᠶᠢᠨ ᠬᠥᠮᠦᠵᠢᠯ᠂ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠵᠡᠷᠭᠡ ᠡᠯᠪᠡᠭ ᠪᠠᠶᠠᠯᠢᠭ ᠰᠣᠨᠢᠷᠬᠠᠯ ᠲᠠᠢ ᠬᠢᠴᠢᠶᠡᠯ ᠢ ᠨᠡᠭᠡᠭᠡᠵᠦ᠂ ᠪᠥᠬᠦ ᠲᠠᠯ᠎ᠠ ᠶᠢᠨ᠂ ᠣᠯᠠᠨ ᠲᠠᠰ ᠳᠠᠪᠬᠤᠷᠭ᠎ᠠ ᠶᠢᠨ ᠬᠥᠮᠦᠵᠢᠯ ᠤᠨ ᠠᠷᠭ᠎ᠠ ᠮᠠᠶ᠋ᠢᠭ ᠢᠶᠠᠷ ᠬᠡᠦᠬᠡᠳ ᠤᠨ ᠣᠶᠤᠨ ᠰᠠᠨᠠᠭ᠎ᠠ ᠶᠢ ᠰᠡᠩᠬᠡᠷᠡᠭᠦᠯᠪᠡ᠃ ︽ᠰᠡᠳᠬᠢᠯ ᠢ ᠳᠤᠯᠠᠭᠠᠴᠠᠭᠤᠯᠵᠤ  ᠬᠡᠦᠬᠡᠳ ᠤᠨ ᠰᠡᠳᠬᠢᠯ ᠢ ᠬᠠᠮᠠᠭᠠᠯᠠᠬᠤ︾ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠤᠶᠤᠨ ᠰᠠᠨᠠᠭᠠᠨ ᠤ ᠦᠰᠦᠨ ᠪᠤᠶᠢᠵᠢᠯᠲᠠ ᠶᠢᠨ ᠨᠡᠶᠢᠲᠡ ᠶᠢᠨ ᠠᠰᠠᠷᠠᠮᠵᠢ ᠶᠢᠨ ᠨᠣᠮ ᠤᠩᠰᠢᠬᠤ ᠬᠤᠸᠠᠷᠠᠨ ᠢ ᠥᠷᠨᠢᠭᠦᠯᠵᠦ᠂ ᠰᠡᠳᠬᠢᠴᠡ ᠶᠢᠨ ᠲᠣᠭᠯᠠᠭᠠᠮ᠂ ᠵᠥᠪ ᠢᠶᠠᠷ ᠭᠦᠨ ᠪᠣᠳᠣᠯᠭᠠᠰᠢᠷᠠᠬᠤ᠂ ᠨᠣᠮ ᠪᠢᠴᠢᠭ ᠣᠩᠰᠢᠭᠤᠯᠬᠤ᠂ ᠣᠶᠢᠯᠠᠭᠠᠯᠲᠠ ᠪᠠᠨ ᠬᠤᠪᠢᠶᠠᠯᠴᠠᠬᠤ ᠵᠡᠷᠭᠡ ᠠᠳᠠᠯᠢ ᠪᠤᠰᠤ ᠭᠤᠭᠴᠤᠭ᠎ᠠ ᠶᠢ ᠬᠡᠷᠡᠭᠯᠡᠵᠦ᠂ ᠤᠷᠮ᠎ᠠ ᠰᠡᠳᠬᠢᠯᠭᠡ ᠶᠢ ᠲᠣᠬᠢᠷᠠᠭᠤᠯᠬᠤ ᠠᠷᠭ᠎ᠠ ᠪᠠ ᠴᠠᠭ ᠬᠤᠭᠤᠴᠠᠭᠠᠨ ᠤ ᠬᠠᠮᠢᠶᠠᠷᠤᠯᠲᠠ ᠶᠢᠨ ᠤᠷ᠎ᠠ ᠮᠡᠷᠭᠡᠵᠢᠯ ᠢ ᠰᠤᠷᠤᠯᠴᠠᠵᠤ᠂ ᠤᠬᠠᠭᠠᠯᠢᠭ ᠣᠪᠣᠷ ᠢᠶᠠᠷ ᠠᠰᠠᠭᠤᠳᠠᠯ ᠳᠤ ᠬᠠᠨᠳᠤᠬᠤ ᠶᠢ ᠰᠤᠷᠴᠤ᠂ ᠢᠯᠡᠷᠡᠭᠰᠡᠨ ᠮᠠᠭᠤ ᠤᠷᠮ᠎ᠠ ᠰᠡᠳᠬᠢᠯᠭᠡ ᠶᠢ ᠴᠠᠭ ᠲᠤᠬᠠᠢ ᠳᠤᠨᠢ ᠵᠣᠬᠢᠴᠠᠭᠤᠯᠬᠤ ᠶᠢ ᠰᠤᠷᠤᠨ᠎ᠠ᠃      ᠰᠠᠶᠢᠨ ᠳᠤᠷ᠎ᠠ ᠶᠢᠨ ᠠᠵᠢᠯᠯᠠᠭ᠎ᠠ ᠰᠡᠳᠬᠢᠯ  ᠢ ᠮᠡᠳᠡᠨ᠎ᠡ᠃ ︽ᠢᠷᠦᠭᠡᠯ — ᠬᠠᠶᠢᠷ᠎ᠠ ᠬᠠᠯᠠᠮᠵᠢ ᠶᠢᠨ ᠡᠵᠢ︾ ᠂ ︽ᠢᠪᠡᠭᠡᠯ — ᠬᠠᠶᠢᠷ᠎ᠠ ᠬᠠᠯᠠᠮᠵᠢ ᠶᠢᠨ ᠠᠪᠤ︾ ᠰᠡᠳᠬᠢᠯ ᠢ ᠮᠡᠳᠡᠬᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ ᠶᠢ ᠲᠠᠰᠤᠷᠠᠯᠲᠠ ᠦᠭᠡᠢ ᠡᠯᠰᠡᠨ ᠴᠤᠭᠯᠠᠭᠤᠯᠵᠤ᠂ ᠠᠵᠢᠯᠯᠠᠭ᠎ᠠ ᠶᠢᠨ ᠲᠥᠪ ᠲᠤ ᠣᠷᠣᠵᠤ ᠰᠠᠭᠤᠭᠰᠠᠨ ᠪᠠᠶᠢᠭᠤᠯᠤᠮᠵᠢ ᠶᠢᠨ ᠭᠡᠰᠢᠭᠦᠳ ᠴᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ ᠳᠤ ᠢᠳᠡᠪᠬᠢᠲᠡᠢ ᠣᠷᠣᠯᠴᠠᠵᠤ᠂ ᠨᠢᠭᠡ ᠨᠢᠭᠡ ᠪᠠᠷ ᠤᠷᠳᠤ ᠬᠤᠭᠤᠴᠠᠭ᠎ᠠ ᠪᠠᠷ ᠬᠤᠣᠰᠯᠠᠨ ᠬᠠᠶᠢᠷᠠᠯᠠᠬᠤ ᠬᠡᠯᠪᠡᠷᠢ ᠶᠢ ᠠᠪᠴᠤ᠂ ᠭᠡᠷ ᠲᠤᠨᠢ ᠬᠦᠷᠴᠦ ᠡᠷᠬᠢᠨ ᠦᠵᠡᠬᠦ᠂ ᠤᠲᠠᠰᠤ ᠪᠠᠷ ᠳᠠᠭᠠᠵᠤ ᠰᠤᠷᠪᠤᠯᠵᠢᠯᠠᠬᠤ᠂ ᠡᠪᠦᠯ ᠵᠤᠨ ᠤ ᠠᠮᠠᠷᠠᠯᠲᠠ ᠳᠤ ᠬᠠᠨᠢ ᠪᠣᠯᠬᠤ᠂ ᠲᠣᠭᠲᠠᠮᠠᠯ ᠬᠤᠭᠤᠴᠠᠭ᠎ᠠ ᠲᠠᠢ ᠪᠠᠷ ᠰᠤᠷᠭᠠᠭᠤᠯᠢ ᠶᠢᠨ ᠪᠠᠭᠰᠢ ᠲᠠᠢ ᠨᠡᠪᠲᠡᠷᠡᠯᠴᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠵᠤ᠂ ᠬᠤᠣᠰᠯᠠᠨ ᠬᠤᠯᠪᠣᠭᠠᠯᠠᠭᠰᠠᠨ ᠬᠡᠦᠬᠡᠳ ᠯᠦᠭᠡ ᠨᠢᠭᠲᠠ ᠤᠯᠤᠯᠴᠠᠭ᠎ᠠ ᠬᠠᠷᠢᠯᠴᠠᠭ᠎ᠠ ᠶᠢ ᠪᠠᠲᠤᠯᠠᠵᠤ᠂ ᠪᠠᠲᠤ ᠴᠢᠩᠭ᠎ᠠ ᠲᠣᠭᠲᠠᠭᠤᠨ ᠬᠠᠶᠢᠷ᠎ᠠ ᠰᠡᠳᠬᠢᠯᠭᠡ ᠶᠢᠨ ᠬᠤᠯᠪᠣᠭ᠎ᠠ ᠶᠢ ᠪᠠᠶᠢᠭᠤᠯᠪᠠ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠮᠡᠭᠲᠡᠶᠢᠴᠦᠳ ᠤᠨ ᠬᠤᠯᠪᠣᠭ᠎ᠠ ᠬᠠᠶᠢᠷ᠎ᠠ ᠬᠠᠯᠠᠮᠵᠢ ᠶᠢᠨ ᠦᠢᠯᠡᠴᠢᠯᠡᠭᠡᠨ ᠤ ᠠᠭᠤᠯᠭ᠎ᠠ ᠶᠢ ᠪᠠᠶᠠᠯᠢᠭᠵᠢᠭᠤᠯᠵᠤ᠂ ᠡᠯ᠎ᠡ ᠲᠠᠯ᠎ᠠ ᠠᠴᠠ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠪᠦᠬᠦ ᠲᠠᠯ᠎ᠠ ᠪᠠᠷ ᠳᠤᠯᠠᠭᠠᠴᠠᠭᠤᠯᠵᠤ᠂ ᠬᠡᠷ ᠲᠡᠭᠡᠨ ᠬᠤᠴᠣᠷᠤᠭᠰᠠᠨ ᠬᠡᠤᠬᠡᠳ ᠢ ᠬᠠᠯᠠᠮᠵᠢᠯᠠᠬᠤ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠶᠢᠷᠠᠯᠠᠨ ᠬᠠᠯᠠᠮᠵᠢᠯᠠᠬᠤ ᠲᠣᠭᠤᠷᠢᠨ ᠳᠤ ᠠᠵᠢᠯᠯᠠᠭ᠎ᠠ ᠶᠢᠨ ᠲᠥᠪ ᠲᠤ ︽ᠪᠠᠭᠠᠴᠤᠳ ᠬᠡᠦᠬᠡᠳ ᠤᠨ ᠰᠡᠳᠬᠢᠯ ᠨᠢ ᠨᠠᠮ ᠳᠠᠭᠠᠨ ᠦᠨᠡᠨᠴᠢ ᠰᠡᠳᠬᠢᠯ ᠦᠰᠦᠨ ᠪᠣᠶᠢᠵᠢᠯᠲᠠ ᠶᠢ ᠬᠠᠮᠠᠭᠠᠯᠠᠬᠤ︾ ᠬᠡᠦᠬᠡᠳ ᠢ ᠬᠠᠯᠠᠮᠵᠢᠯᠠᠨ ᠬᠠᠶᠢᠷᠠᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ᠂ ︽ᠬᠠᠶᠢᠷ᠎ᠠ ᠬᠠᠯᠠᠮᠵᠢ ᠬᠤᠷᠤᠭᠤᠨ ᠦᠵᠦᠭᠦᠷ ᠢᠶᠠᠷ ᠣᠷᠢᠶᠠᠵᠤ  ᠬᠠᠶᠢᠷ᠎ᠠ  ᠰᠡᠳᠭᠢᠯ ᠢ ᠳᠤᠯᠠᠭᠠᠴᠠᠭᠤᠯᠤᠨᠠᠮ︾ ᠭᠡᠬᠦ ᠡᠵᠢ ᠶᠢᠨ ᠪᠠᠶᠠᠷ ᠤᠨ ᠡᠳᠦᠷ ᠤᠨ DIY ᠪᠣᠣᠪᠤ ᠬᠢᠬᠦ ᠡᠴᠢᠭᠡ ᠡᠬᠡ ᠦᠷ᠎ᠡ ᠬᠡᠦᠬᠡᠳ ᠤᠨ ᠪᠣᠣᠪᠤ ᠬᠠᠭᠰᠠᠭᠠᠬᠤ ᠭᠤᠣᠯ ᠰᠡᠳᠦᠪᠲᠦ ᠠᠵᠢᠯᠯᠠᠭ᠎ᠠ᠂ ︽ᠤᠷᠠᠨ ᠭᠠᠷ ᠢᠶᠠᠷ ᠦᠩᠭᠡᠲᠦ ᠤᠲᠠᠰᠤ ᠭᠦᠷᠦᠮᠡᠯᠯᠡᠵᠦ  ᠽᠤᠩᠽᠢ ᠶᠢᠨ ᠦᠨᠦᠷ ᠭᠡᠷ ᠤᠨ ᠰᠤᠷᠲᠠᠯ ᠢ ᠮᠠᠭᠲᠠᠨ ᠳᠠᠭᠤᠯᠠᠨ᠎ᠠ︾ ᠪᠢᠳᠡᠨ ᠤ ᠪᠠᠶᠠᠷ ᠳᠤᠷᠠᠰᠬᠠᠯ · ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠭᠤᠣᠯ ᠰᠡᠳᠦᠪᠲᠦ ᠠᠵᠢᠯᠯᠠᠭ᠎ᠠ᠂ ︽6.1︾ ᠬᠡᠦᠬᠡᠳ ᠤᠨ ᠪᠠᠶᠠᠷ ᠤᠨ ᠡᠳᠦᠷ ᠤᠨ ᠭᠤᠣᠯ ᠰᠡᠳᠦᠪᠲᠦ ᠠᠵᠢᠯᠯᠠᠭ᠎ᠠ ᠳᠤ ᠣᠷᠣᠯᠴᠠᠵᠤ᠂ ︽6.1︾ ᠤ ᠬᠡᠦᠬᠡᠳ ᠤᠨ ᠪᠠᠶᠠᠷ ᠤᠨ ᠡᠳᠦᠷ ᠬᠠᠶᠢᠷ᠎ᠠ ᠬᠠᠯᠠᠮᠵᠢ ᠶᠢᠨ ᠡᠵᠢ ᠶᠢᠨ ᠠᠭᠤᠯᠠᠨ ᠬᠤᠶᠢᠲᠤ ᠶᠢᠨ ᠬᠡᠦᠬᠡᠳ ᠢ ᠬᠦᠲᠦᠯᠵᠦ ᠬᠠᠲᠤᠨ ᠭᠤᠣᠯ ᠢ ᠬᠠᠶᠢᠨ ᠰᠦᠪᠡᠭᠴᠢᠯᠡᠬᠦ ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠳᠤ ᠣᠷᠤᠯᠴᠠᠬᠤ ᠵᠡᠷᠭᠡ ᠶᠢ ᠵᠤᠬᠢᠶᠠᠨ ᠪᠠᠶᠢᠭᠤᠯᠤᠨ ᠦᠷᠨᠢᠭᠦᠯᠵᠦ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠲᠤ ᠰᠡᠳᠬᠢᠯ ᠲᠠᠯᠪᠢᠵᠤ ᠰᠠᠶᠢᠨ ᠶᠠᠪᠤᠳᠠᠯ᠂ ᠪᠣᠳᠠᠲᠤ ᠶᠠᠪᠤᠳᠠᠯ ᠬᠢᠵᠦ᠂ ᠬᠠᠶᠢᠷ᠎ᠠ ᠬᠠᠯᠠᠮᠵᠢ ᠶᠢ ᠣᠷᠬᠢᠭᠳᠠᠭᠤᠯᠬᠤ ᠦᠭᠡᠢ ᠪᠠᠶᠢᠬᠤ ᠶᠢ ᠪᠠᠲᠤᠯᠠᠵᠤ᠂ ᠬᠠᠶᠢᠷ᠎ᠠ ᠬᠠᠯᠠᠮᠵᠢ ᠪᠠᠷ ᠪᠦᠬᠦᠨ ᠢ ᠪᠦᠷᠬᠦᠵᠦ᠂ ᠬᠡᠦᠬᠡᠳ ᠤᠨ ᠡᠷᠡᠭᠦᠯ ᠴᠢᠭᠢᠷᠠᠭ ᠪᠠᠶᠠᠷ ᠪᠠᠶᠠᠰᠬᠤᠯᠠᠩ ᠲᠠᠢ ᠪᠠᠷ ᠦᠰᠦᠨ ᠪᠤᠶᠢᠵᠢᠬᠤ ᠶᠢ ᠬᠠᠮᠲᠤ ᠪᠠᠷ ᠰᠠᠬᠢᠨ ᠬᠠᠮᠠᠭᠠᠯᠠᠪᠠ᠃      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠮᠡᠭᠲᠡᠶᠢᠴᠦᠳ ᠬᠡᠦᠬᠡᠳ ᠤᠨ ᠠᠵᠢᠯᠯᠠᠭ᠎ᠠ ᠶᠢᠨ ᠲᠥᠪ ᠨᠢ ᠨᠡᠶᠢᠭᠡᠮ ᠳᠤ ᠦᠢᠯᠡᠴᠢᠯᠡᠬᠦ᠂ ᠡᠮᠡᠭᠲᠡᠶᠢᠴᠦᠳ ᠤᠨ ᠬᠥᠭᠵᠢᠯᠲᠡ ᠶᠢ ᠠᠩᠬᠠᠷᠬᠤ᠂ ᠬᠡᠦᠬᠡᠳ ᠤᠨ ᠦᠰᠦᠨ ᠪᠤᠶᠢᠵᠢᠯᠲᠠ ᠶᠢ ᠬᠠᠯᠠᠮᠵᠢᠯᠠᠬᠤ ᠪᠠᠷ ᠵᠣᠷᠢᠯᠲᠠ ᠪᠣᠯᠭᠠᠵᠤ᠂ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠡᠮᠡᠭᠲᠡᠶᠢᠴᠦᠳ ᠬᠡᠦᠬᠡᠳ ᠤᠨ ᠣᠷᠣᠰᠢᠨ ᠲᠣᠭᠲᠠᠨᠢᠵᠤ ᠬᠥᠭᠵᠢᠵᠦ ᠪᠠᠶᠢᠭ᠎ᠠ ᠪᠠᠶᠢᠳᠠᠯ ᠳᠤ ᠴᠢᠭᠯᠡᠭᠦᠯᠦᠨ᠂ ᠡᠮᠡᠭᠲᠡᠶᠢᠴᠦᠳ ᠬᠡᠦᠬᠡᠳ ᠤᠨ ᠶᠡᠷᠦᠩᠬᠡᠶᠢᠯᠡᠭᠰᠡᠨ ᠬᠡᠪ ᠴᠢᠨᠠᠷ ᠢ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠵᠤ᠂ ᠪᠣᠯᠪᠠᠰᠤᠷᠠᠯ ᠰᠤᠷᠭᠠᠨ ᠬᠥᠮᠦᠵᠢᠯ᠂ ᠰᠣᠶᠣᠯ ᠴᠡᠩᠭᠡᠯ᠂ ᠤᠬᠠᠭᠤᠯᠭ᠎ᠠ ᠶᠢᠨ ᠦᠢᠯᠡᠴᠢᠯᠡᠭᠡ ᠪᠠ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠤᠨ ᠠᠵᠢᠯᠯᠠᠭ᠎ᠠ ᠶᠢ ᠥᠷᠨᠢᠭᠦᠯᠵᠦ᠂ ᠪᠥᠬᠦ ᠬᠤᠰᠢᠭᠤᠨ ᠤ ᠡᠮᠡᠭᠲᠡᠶᠢᠴᠦᠳ ᠬᠡᠦᠬᠡᠳ ᠲᠤ ᠣᠯᠠᠨ ᠲᠠᠰ ᠳᠠᠪᠬᠤᠷᠭ᠎ᠠ ᠶᠢᠨ᠂ ᠪᠥᠬᠦ ᠲᠠᠯ᠎ᠠ ᠶᠢᠨ ᠦᠢᠯᠡᠴᠢᠯᠡᠭᠡ ᠬᠠᠩᠭᠠᠵᠤ᠂ ᠥᠷᠭᠡᠨ ᠣᠯᠠᠨ ᠡᠮᠡᠭᠲᠡᠶᠢᠴᠦᠳ ᠬᠡᠦᠬᠡᠳ ᠤᠨ ︽ᠬᠠᠯᠠᠭᠤᠨ ᠳᠤᠯᠠᠭᠠᠨ ᠬᠡᠷ ᠪᠦᠯᠢ︾ ᠪᠠ ︽ᠪᠠᠶᠠᠷ ᠬᠥᠷ ᠲᠠᠢ ᠬᠡᠷ ᠪᠦᠯᠢ︾ ᠶᠢ ᠪᠣᠶ ᠪᠣᠯᠭᠠᠪᠠ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号