2025 ᠣᠨ ᠤ ᠰᠢᠨ᠎ᠡ ᠵᠢᠯ ᠤᠨ ᠠᠩᠬᠠᠨ ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠰᠢᠭᠤᠳ ᠬᠠᠷᠢᠶ᠎ᠠ ᠤᠯᠠᠭᠠᠨᠮᠥ᠋ᠴᠢᠷ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠯᠠᠭᠠᠨᠮᠥ᠋ᠴᠢᠷ | ᠯᠤᠭ᠎ᠠ ᠬᠠᠮᠲᠤᠷᠠᠨ ᠮᠠᠨᠳᠤᠯ ᠬᠢᠯᠢ ᠶᠢᠨ ᠨᠢᠭᠡᠳᠦᠭᠡᠷ ᠹᠷᠣᠨᠲ ᠲᠤ ᠭᠦᠨᠵᠡᠭᠡᠶᠢᠷᠡᠵᠦ᠂ ᠰᠢᠨ᠎ᠡ ᠵᠢᠯ ᠤᠨ ᠲᠣᠬᠤᠨᠢᠭᠤᠯᠬᠤ | ᠲᠣᠭᠯᠠᠯᠲᠠ ᠶᠢᠨ ᠠᠵᠢᠯᠯᠠᠭ᠎ᠠ ᠥᠷᠨᠢᠭᠦᠯᠵᠦ᠂ ᠲᠤᠬᠠᠶ ᠶᠢᠨ ᠭᠠᠵᠠᠷ ᠤᠨ ᠬᠢᠯᠢ ᠶᠢᠨ ᠬᠠᠮᠠᠭᠠᠯᠠᠯᠲᠠ ᠶᠢᠨ ᠠᠷᠠᠳ ᠤᠨ | ᠴᠠᠭᠳᠠᠭ᠎ᠠ᠂ ᠬᠢᠯᠢ ᠶᠢᠨ ᠬᠠᠮᠠᠭᠠᠯᠠᠭᠴᠢ᠂ ᠬᠠᠷᠢᠶ᠎ᠠ ᠣᠷᠣᠨ ᠤ ᠣᠯᠠᠨ ᠲᠦᠮᠡᠨ ᠳᠤ ᠪᠠᠶᠠᠯᠢᠭ ᠰᠠᠶᠢᠬᠠᠨ ᠰᠣᠶᠣᠯ ᠤᠨ | ᠦᠪᠡᠳᠡᠭᠰᠢ ᠳᠠᠶᠢᠯᠠᠯᠭ᠎ᠠ ᠬᠦᠷᠭᠡᠵᠦ᠂ ᠰᠢᠨ᠎ᠡ ᠨᠢᠭᠡ ᠵᠢᠯ ᠤᠨ ᠬᠦᠷᠴᠦ ᠢᠷᠡᠭᠰᠡᠨ ᠢ ᠬᠠᠮᠲᠤ ᠪᠠᠷ ᠪᠡᠯᠭᠡᠯᠡᠪᠡ᠃ | ᠲᠣᠬᠤᠨᠢᠭᠤᠯᠬᠤ ᠨᠢᠭᠡᠳᠦᠭᠡᠷ ᠦᠷᠲᠡᠭᠡ ᠳᠤ᠂ ᠤᠯᠠᠭᠠᠨᠮᠥ᠋ᠴᠢᠷ ᠤᠨ ᠭᠡᠰᠢᠭᠦᠳ 40 ᠭᠠᠷᠤᠢ ᠵᠢᠯ ᠤᠯᠤᠰ | ᠬᠢᠯᠢ ᠬᠢᠵᠠᠭᠠᠷ ᠢᠶᠠᠨ ᠬᠠᠮᠠᠭᠠᠯᠠᠭᠰᠠᠨ ᠬᠢᠯᠢ ᠶᠢᠨ ᠬᠠᠮᠠᠭᠠᠯᠠᠭᠴᠢ ᠠᠳᠢᠶ᠎ᠠ ᠶᠢᠨ ᠭᠡᠷ ᠲᠤ ᠬᠦᠷᠴᠦ᠂ ᠤᠢᠢᠷ᠎ᠠ | ᠬᠠᠪᠢ ᠶᠢᠨ ᠤᠯᠠᠨ ᠲᠦᠮᠡᠨ ᠠᠯᠢ ᠡᠷᠲᠡ ᠴᠢᠮᠡᠭᠡ ᠶᠢ ᠰᠣᠨᠣᠰᠤᠭᠠᠳ ᠬᠦᠷᠴᠦ ᠢᠷᠡᠪᠡ᠃ ︽ᠮᠢᠨᠦ ᠬᠠᠶᠢᠷᠠᠲᠠᠢ | ᠬᠤᠪᠢᠰ ᠢᠶᠠᠨ ᠴᠢᠪᠬᠠᠳᠠᠬᠤ ᠨᠢ ︾᠂ ︽ᠲᠠᠯ᠎ᠠ ᠨᠤᠲᠤᠭ ᠲᠤ ᠮᠥᠩᠬᠡ ᠶᠢᠨ ᠨᠠᠷᠠᠨ ᠮᠠᠨᠳᠤᠯ᠎ᠠ︾ ᠵᠡᠷᠭᠡ ᠭᠤᠶᠢᠳᠠ | ᠰᠠᠶᠢᠬᠠᠨ ᠲᠣᠭᠯᠠᠯᠲᠠ ᠡᠭᠡᠯᠵᠢᠯᠡᠨ ᠶᠠᠪᠤᠭᠳᠠᠵᠤ ᠂ ᠲᠣᠭᠯᠠᠭᠴᠢᠳ ᠭᠤᠶᠢᠳᠠ ᠰᠠᠶᠢᠬᠠᠨ ᠲᠣᠭᠯᠠᠯᠲᠠ ᠶᠢᠨ | ᠬᠤᠪᠴᠠᠰᠤ ᠪᠠᠨ ᠡᠮᠦᠰᠴᠦ᠂ ᠭᠤᠶᠢᠳᠠ ᠰᠠᠶᠢᠬᠠᠨ ᠪᠥᠵᠢᠭ ᠤᠨ ᠳᠦᠷᠢ᠂ ᠲᠡᠭᠦᠯᠳᠡᠷ ᠪᠣᠯᠪᠠᠰᠤᠷᠠᠩᠭᠤᠢ ᠤᠷ᠎ᠠ | ᠮᠡᠷᠭᠡᠵᠢᠯ᠂ ᠢᠷᠠᠭᠤ ᠰᠣᠨᠣᠰᠬᠤᠯᠠᠩ ᠳᠠᠭᠤᠤ ᠠᠶ᠎ᠠ ᠪᠠᠷ ᠢᠶᠠᠨ ᠲᠤᠬᠠᠢ ᠶᠢᠨ ᠲᠠᠯᠠᠪᠠᠢ ᠶᠢᠨ ᠦᠵᠡᠭᠴᠢᠳ ᠤᠨ | ᠬᠠᠯᠠᠭᠤᠨ ᠠᠯᠠᠭ᠎ᠠ ᠲᠠᠰᠢᠯᠳᠠ ᠶᠢ ᠣᠯᠵᠤ᠂ ᠤᠯᠠᠨ ᠢᠶᠠᠷ ᠢᠶᠠᠨ ᠪᠠᠶᠠᠷᠯᠠᠨ ᠬᠥᠭᠡᠷᠬᠦ ᠶᠢᠨ ᠳᠠᠭᠠᠤ ᠭᠠᠷ ᠤᠲᠠᠰᠤ ᠪᠠᠨ | ᠭᠠᠷᠭᠠᠨ ᠰᠡᠭᠦᠳᠡᠷᠯᠡᠵᠦ᠂ ᠲᠣᠭᠯᠠᠯᠲᠠ ᠶᠢᠨ ᠭᠤᠶᠢᠳᠠ ᠰᠠᠶᠢᠬᠠᠨ ᠭᠱᠠᠨ ᠬᠤᠷᠣᠮ ᠶᠢ ᠲᠡᠮᠳᠡᠭᠯᠡᠵᠦ᠂ ᠲᠠᠶᠢᠰᠠᠨ | ᠳᠡᠭᠡᠷᠡᠬᠢ ᠠᠭᠤᠷ ᠠᠮᠢᠰᠬᠤᠯ ᠬᠦᠷ ᠬᠥᠭᠵᠢᠶᠡᠨ ᠲᠠᠢ ᠪᠠᠶᠢᠯ᠎ᠠ᠃ | ︽ᠪᠢᠴᠢᠬᠠᠨ ᠴᠠᠭᠠᠨ ᠤᠯᠢᠶᠠᠰᠤ ᠡ᠂ ᠬᠠᠷᠠᠭᠤᠯ ᠤᠨ ᠭᠠᠵᠠᠷ ᠤᠨ ᠳᠡᠷᠭᠡᠳᠡ ᠤᠷᠭᠤᠵᠠᠢ ᠁ ᠬᠢᠯᠢ ᠶᠢᠨ | ᠬᠠᠷᠠᠭᠤᠯ ᠤᠨ ᠭᠠᠵᠠᠷ ᠲᠤ ︾ ᠭᠡᠵᠦ ︽ᠪᠢᠴᠢᠬᠠᠨ ᠴᠠᠭᠠᠨ ᠤᠯᠢᠶᠠᠰᠤ ︾ ᠭᠡᠬᠦ ᠳᠠᠭᠤᠤ ᠨᠢ ᠣᠷᠭᠢᠯᠤᠮ᠎ᠠ ᠬᠠᠯᠠᠭᠤᠨ | ᠰᠡᠳᠬᠢᠯᠭᠡ ᠪᠠᠷ ᠳᠠᠭᠤᠯᠠᠭᠳᠠᠨ ᠲᠤᠬᠠᠢ ᠶᠢᠨ ᠲᠠᠯᠠᠪᠠᠢ ᠳᠤ ᠪᠠᠶᠢᠭ᠎ᠠ ᠬᠢᠯᠢ ᠶᠢᠨ ᠬᠠᠮᠠᠭᠠᠯᠠᠯᠲᠠ ᠶᠢᠨ ᠪᠠᠶᠢᠯᠳᠤᠭᠴᠢ | ᠨᠢᠭᠡ ᠪᠦᠷᠢ ᠶᠢ ᠨᠥᠯᠥᠭᠡᠯᠡᠵᠦ᠂ ᠬᠢᠯᠢ ᠶᠢᠨ ᠬᠠᠮᠠᠭᠠᠯᠠᠯᠲᠠ ᠶᠢᠨ ᠪᠠᠶᠢᠯᠳᠤᠭᠴᠢ ᠪᠣᠯᠤᠨ ᠤᠯᠠᠭᠠᠨᠮᠥ᠋ᠴᠢᠷ ᠤᠨ | ᠭᠡᠰᠢᠭᠦᠳ ᠬᠠᠮᠲᠤ ᠪᠠᠷ ᠳᠠᠭᠤᠯᠠᠨ ᠪᠥᠵᠢᠭᠯᠡᠵᠦ ᠂ ᠰᠢᠨ᠎ᠡ ᠴᠠᠭ ᠦᠶ᠎ᠡ ᠶᠢᠨ ︽ᠴᠡᠷᠢᠭ ᠨᠢ ᠠᠷᠠᠳ ᠢᠶᠠᠨ ᠬᠠᠶᠢᠷᠠᠯᠠᠵᠤ | ᠂ ᠠᠷᠠᠳ ᠨᠢ ᠴᠡᠷᠢᠭ ᠢᠶᠠᠨ ᠬᠦᠷᠢᠶᠡᠯᠡᠵᠦ᠂ ᠴᠡᠷᠢᠭ ᠠᠷᠠᠳ ᠨᠢᠭᠡ ᠭᠡᠷ ᠤᠨ ᠬᠥᠮᠦᠨ ᠮᠡᠲᠦ ᠳᠣᠲᠣᠨᠣ︾ ᠪᠠᠶᠢᠬᠤ | ᠰᠠᠶᠢᠨ ᠰᠠᠶᠢᠬᠠᠨ ᠨᠡᠶᠢᠭᠡᠮ ᠤᠨ ᠳᠦᠷᠰᠦ ᠪᠠᠶᠢᠳᠠᠯ ᠢ ᠢᠯᠡᠷᠡᠭᠦᠯᠪᠡ᠃ ᠮᠠᠨᠳᠤᠯ ᠬᠢᠯᠢ ᠳᠠᠬᠢ ᠲᠣᠮᠢᠯᠠᠭᠰᠠᠨ | ᠰᠠᠯᠪᠤᠷᠢ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠤᠯᠠᠭᠠᠨᠮᠦ᠋ᠴᠢᠷ ᠤᠨ | ᠬᠢᠨ ᠤ ᠠᠪᠴᠢᠷᠠᠭᠰᠠᠨ ᠥᠪᠡᠷ ᠢᠶᠠᠨ ᠵᠣᠬᠢᠶᠠᠭᠰᠠᠨ ᠳᠠᠭᠤᠤ ︽ ᠬᠠᠶᠢᠷ᠎ᠠ ᠪᠢᠯᠬᠠᠭᠰᠠᠨ ᠥᠪᠥᠷ ᠮᠣᠩᠭᠤᠯ ︾ ᠨᠢ ᠨᠡᠩ | ᠴᠦ ᠲᠡᠭᠦᠰ ᠠᠮᠵᠢᠯᠲᠠ ᠣᠯᠵᠤ᠂ ᠲᠤᠬᠠᠢ ᠶᠢᠨ ᠲᠠᠯᠠᠪᠠᠢ ᠶᠢᠨ ᠦᠵᠡᠭᠴᠢᠳ ᠂ ᠳᠠᠭᠤᠨ ᠤ ᠦᠭᠡ ᠨᠢ ᠢᠷᠠᠭᠤ | ᠰᠠᠢᠬᠠᠨ᠂ ᠠᠶᠠᠰ ᠨᠢ ᠰᠣᠨᠣᠰᠬᠤᠯᠠᠩ ᠲᠠᠢ ᠂ ᠶᠠᠭ ᠯᠠ ᠰᠣᠨᠣᠰᠤᠭᠴᠢᠳ ᠢ ᠥᠷᠭᠡᠨ ᠠᠭᠤᠳᠠᠮ ᠲᠠᠯ᠎ᠠ ᠨᠤᠲᠤᠭ ᠲᠤ | ᠳᠠᠭᠠᠭᠤᠯᠵᠤ ᠢᠷᠡᠭᠰᠡᠨ ᠰᠢᠭ ᠭᠡᠵᠦ ᠢᠯᠡᠷᠬᠡᠶᠢᠯᠡᠵᠡᠭᠡᠪᠡ ᠃ | ᠣᠷᠭᠢᠯᠤᠮ᠎ᠠ ᠰᠡᠳᠬᠢᠯᠭᠡ ᠪᠠᠷ ᠪᠠᠶᠢᠯᠳᠤᠭᠠᠨ ᠤ ᠬᠡᠩᠭᠡᠷᠭᠡ ᠶᠢ ᠰᠣᠨᠣᠰᠤᠨ ᠂ ᠣᠮᠤᠭ ᠲᠡᠭᠦᠯᠳᠡᠷ ᠢᠶᠠᠷ ᠠᠶᠠᠨ | ᠵᠠᠮ ᠢᠶᠠᠨ ᠬᠥᠭᠡᠭᠡᠨ᠎ᠡ ᠃ ᠤᠯᠠᠭᠠᠨᠮᠦᠴᠢᠷ ᠤᠨ ᠭᠡᠰᠢᠭᠦᠳ ᠤᠨ ᠬᠠᠩᠭᠢᠨᠠᠮ᠎ᠠ ᠰᠠᠶᠢᠬᠠᠨ ᠳᠠᠭᠤᠤ᠂ ᠰᠡᠳᠬᠢᠯ | ᠳᠣᠭᠳᠣᠯᠤᠮ᠎ᠠ ᠰᠦᠷ ᠳᠠᠯᠠᠶᠢᠴᠠᠲᠠᠢ ᠪᠥᠵᠢᠭ ᠨᠢ ᠬᠢᠯᠢ ᠬᠢᠵᠠᠭᠠᠷ ᠢ ᠬᠠᠮᠠᠭᠠᠯᠠᠭᠴᠢᠳ ᠤᠨ ᠣᠷᠭᠢᠯᠤᠮ᠎ᠠ ᠬᠠᠯᠠᠭᠤᠨ | ᠲᠡᠮᠡᠴᠡᠯ ᠤᠨ ᠵᠣᠷᠢᠭ ᠢ ᠬᠥᠭᠵᠢᠭᠡᠪᠡ᠃ ᠲᠣᠬᠤᠨᠢᠭᠤᠯᠬᠤ ᠲᠣᠭᠯᠠᠯᠲᠠ ᠶᠢ ᠰᠣᠨᠢᠷᠬᠠᠵᠤ ᠪᠠᠷᠠᠭᠠᠳ ᠂ ᠪᠤᠭᠤᠲᠤ | ᠬᠤᠲᠠ ᠶᠢᠨ ᠬᠢᠯᠢ ᠶᠢᠨ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠮᠠᠨᠳᠤᠯ ᠬᠢᠯᠢ ᠳᠠᠬᠢ ᠲᠣᠮᠢᠯᠠᠭᠰᠠᠨ ᠰᠠᠯᠪᠤᠷᠢ ᠶᠢᠨ | ᠵᠢᠭᠠᠨ ᠵᠢᠯᠣᠭᠤᠳᠤᠭᠴᠢ ᠳ᠋ᠦ᠋ ᠸᠧᠨ ᠸᠧᠶ᠄ ︽ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠤᠯᠠᠭᠠᠨᠮᠥ᠋ᠴᠢᠷ | ᠪᠣᠯᠤᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠯᠠᠭᠠᠨᠮᠥ᠋ᠴᠢᠷ ᠰᠢᠨ᠎ᠡ ᠵᠢᠯ ᠤᠨ ᠠᠩᠬᠠᠨ ᠤ ᠡᠳᠦᠷ | ᠪᠢᠳᠡᠨ ᠢ ᠲᠣᠬᠤᠨᠢᠭᠤᠯᠬᠤ ᠲᠣᠭᠯᠠᠯᠲᠠ ᠭᠠᠷᠭᠠᠭᠰᠠᠨ ᠳᠤ ᠮᠠᠰᠢ ᠲᠠᠯᠠᠷᠬᠠᠵᠤ ᠪᠠᠶᠢᠨ᠎ᠠ᠂ ᠮᠠᠨ ᠤ ᠥᠷᠭᠡᠨ ᠤᠯᠠᠨ | ᠠᠷᠠᠳ ᠤᠨ ᠲᠤᠰᠠᠯᠠᠬᠤ ᠴᠠᠭᠳᠠᠭ᠎ᠠ ᠳᠤ ᠠᠪᠴᠤ ᠬᠡᠯᠡᠪᠡᠯ ᠨᠢᠭᠡ ᠵᠦᠢᠯ ᠤᠨ ᠲᠦᠢᠯ ᠤᠨ ᠶᠡᠭᠡ ᠵᠣᠷᠢᠭᠵᠢᠭᠤᠯᠤᠯ | ᠪᠣᠯᠤᠨ᠎ᠠ᠂ ᠡᠴᠢᠨᠡᠨᠨ ᠵᠢᠯ ᠤᠨ ᠲᠤᠷᠰᠢ᠂ ᠠᠩᠬ᠎ᠠ ᠤᠳᠠᠭ᠎ᠠ ᠡᠶᠢᠮᠦ ᠤᠢᠢᠷ᠎ᠠ ᠵᠠᠶ ᠠᠴᠠ ᠂ ᠲᠣᠭᠯᠠᠯᠲᠠ ᠶᠢ ᠨᠢᠭᠤᠷᠳᠠᠨ | ᠰᠣᠨᠢᠷᠬᠠᠭᠰᠠᠨ ᠳᠤ ᠪᠢ ᠮᠠᠰᠢ ᠰᠡᠳᠬᠢᠯ ᠳᠣᠭᠳᠣᠯᠵᠤ ᠪᠠᠶᠢᠨ᠎ᠠ᠃ ᠪᠠᠰᠠ ᠮᠠᠰᠢ ᠣᠯᠠᠨ ᠠᠷᠠᠳ ᠤᠨ ᠴᠠᠭᠳᠠᠭ᠎ᠠ | ᠠᠵᠢᠯ ᠤᠨ ᠪᠠᠶᠢᠷᠢ ᠳᠡᠭᠡᠷ᠎ᠡ ᠪᠠᠨ ᠪᠠᠶᠢᠵᠤ ᠠᠬᠤᠢ ᠲᠠᠯᠠᠪᠠᠢ ᠳᠤ ᠢᠷᠡᠵᠦ ᠴᠢᠳᠠᠭᠰᠠᠨ ᠦᠭᠡᠢ ᠪᠠᠶᠢᠨ᠎ᠠ ᠂ ᠪᠢᠳᠡ | ᠭᠤᠶᠢᠳᠠ ᠰᠠᠶᠢᠬᠠᠨ ᠲᠣᠭᠯᠠᠯᠲᠠ ᠶᠢᠨ ᠬᠡᠰᠡᠭ ᠢ ᠠᠵᠢᠯ ᠤᠨ ᠬᠤᠯᠪᠣᠭᠠᠨ ᠳᠤ ᠪᠠᠨ ᠬᠤᠪᠢᠶᠠᠯᠴᠠᠵᠤ᠂ ᠲᠣᠭᠯᠠᠯᠲᠠ | ᠰᠣᠨᠢᠷᠬᠠᠵᠤ ᠴᠢᠳᠠᠭᠰᠠᠨ ᠦᠭᠡᠢ ᠬᠠᠮᠲᠤ ᠠᠵᠢᠯᠯᠠᠭᠴᠢᠳ ᠲᠤ ᠪᠠᠨ ᠭᠤᠶᠢᠳᠠ ᠰᠠᠶᠢᠬᠠᠨ ᠲᠣᠭᠯᠠᠯᠲᠠ ᠶᠢ ᠬᠠᠮᠤᠭ ᠤᠨ | ᠲᠡᠷᠢᠭᠦᠨ ᠳᠤ ᠰᠣᠨᠢᠷᠬᠠᠭᠤᠯᠬᠤ ᠪᠣᠯᠤᠨ᠎ᠠ᠃ ᠡᠭᠦᠨ ᠤ ᠬᠠᠮᠲᠤ ᠤᠯᠠᠨ ᠢᠶᠠᠷ ᠢᠶᠠᠨ ᠰᠠᠨᠠᠭ᠎ᠠ ᠠᠮᠤᠷ ᠪᠠᠶᠢᠭᠠᠷᠠᠢ᠂ ᠪᠢᠳᠡ | ᠯᠠᠪᠲᠠᠢ ᠬᠦᠰᠡᠯ ᠡᠷᠡᠮᠡᠯᠵᠡᠯ ᠢ ᠬᠥᠰᠡᠷᠳᠡᠭᠦᠯᠬᠦ ᠦᠭᠡᠢ᠂ ᠬᠢᠯᠢ ᠶᠢᠨ ᠬᠠᠮᠠᠭᠠᠯᠠᠯᠲᠠ ᠪᠠᠨ ᠰᠠᠶᠢᠲᠤᠷ ᠰᠠᠬᠢᠬᠤ ᠪᠣᠯᠤᠨ᠎ᠠ︾ | ᠭᠡᠵᠦ ᠰᠡᠳᠬᠢᠯ ᠳᠣᠭᠳᠣᠯᠤᠨ ᠶᠠᠷᠢᠪᠠ᠃ | ᠲᠣᠬᠤᠨᠢᠭᠤᠯᠬᠤ ᠶᠠᠪᠤᠴᠠ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠷᠠᠨ ᠪᠢᠴᠢᠯᠭᠡ ᠶᠢᠨ | ᠨᠡᠶᠢᠭᠡᠮᠯᠢᠭ ᠤᠨ ᠤᠷᠠᠨ ᠪᠢᠴᠢᠯᠭᠡᠲᠡᠳ ᠪᠠᠰᠠ ᠲᠤᠬᠠᠢ ᠶᠢᠨ ᠲᠠᠯᠠᠪᠠᠢ ᠳᠤ ᠬᠢᠯᠢ ᠬᠢᠵᠠᠭᠠᠷ ᠢ ᠰᠠᠬᠢᠨ ᠬᠠᠮᠠᠭᠠᠯᠠᠵᠤ | ᠪᠠᠶᠢᠭ᠎ᠠ ᠪᠠᠶᠢᠯᠳᠤᠭᠴᠢ᠂ ᠠᠷᠠᠳ ᠤᠨ ᠴᠠᠭᠳᠠᠭ᠎ᠠ᠂ ᠲᠤᠬᠠᠢ ᠶᠢᠨ ᠭᠠᠵᠠᠷ ᠤᠨ ᠤᠯᠠᠨ ᠲᠦᠮᠡᠨ ᠳᠤ ᠭᠤᠣᠯ ᠰᠡᠳᠦᠪᠲᠦ | ᠬᠤᠣᠰ ᠤᠶᠠᠩᠭ᠎ᠠ ᠶᠢ ᠵᠣᠬᠢᠶᠠᠨ ᠪᠦᠲᠦᠭᠡᠵᠦ᠂ ᠤᠷᠠᠨ ᠪᠢᠴᠢᠯᠭᠡ ᠶᠢᠨ ᠪᠦᠲᠦᠭᠡᠯ ᠤᠳ ᠤᠷᠤᠰᠤᠮ᠎ᠠ ᠰᠠᠶᠢᠬᠠᠨ ᠢᠶᠠᠷ | ᠰᠢᠨ᠎ᠡ ᠪᠠᠷ ᠪᠣᠢ ᠪᠣᠯᠣᠨ᠂ ᠠᠬᠤᠢ ᠲᠠᠯᠠᠪᠠᠢ ᠳᠤ ᠥᠳᠬᠡᠨ ᠵᠤᠵᠠᠭᠠᠨ ᠪᠢᠷ ᠪᠡᠭᠡ ᠶᠢᠨ ᠦᠨᠦᠷ ᠪᠠ ᠰᠣᠶᠣᠯ ᠤᠨ | ᠠᠭᠤᠷ ᠠᠮᠢᠰᠬᠤᠯ ᠪᠢᠯᠬᠠᠵᠤ ᠪᠠᠶᠢᠪᠠ᠃ | ᠣᠷᠭᠢᠯᠤᠮ᠎ᠠ ᠬᠠᠯᠠᠭᠤᠨ ᠬᠢᠯᠢ ᠶᠢᠨ ᠪᠣᠭᠤᠮᠲᠠ᠂ ᠪᠠᠶᠠᠷ ᠪᠠᠶᠠᠰᠤᠯᠲᠤ ᠳᠠᠭᠤᠤ ᠬᠥᠭᠵᠢᠮ᠃ ᠲᠤᠰ | ᠤᠳᠠᠭᠠᠨ ᠤ ᠠᠵᠢᠯᠯᠠᠭ᠎ᠠ ᠨᠢ ᠦᠨᠳᠦᠰᠦᠨ ᠱᠠᠲᠤᠨ ᠤ ᠤᠯᠠᠨ ᠲᠦᠮᠡᠨ ᠤ ᠤᠶᠤᠨ ᠤ ᠰᠣᠶᠣᠯ ᠤᠨ ᠠᠮᠢᠳᠤᠷᠠᠯ ᠢ | ᠪᠠᠶᠠᠯᠢᠭᠵᠢᠭᠤᠯᠵᠤ᠂ ᠤᠯᠠᠨ ᠲᠦᠮᠡᠨ ᠳᠤ ᠨᠡᠩ ᠤᠯᠠᠨ ᠡᠰᠢᠴᠢᠯᠡᠭᠰᠡᠨ᠂ ᠨᠡᠩ ᠴᠢᠨᠠᠷ ᠰᠠᠶᠢᠲᠠᠢ ᠰᠣᠶᠣᠯ ᠤᠨ | ᠦᠢᠯᠡᠴᠢᠯᠡᠭᠡ ᠬᠠᠩᠭᠠᠭᠰᠠᠨ ᠢᠶᠠᠷ ᠪᠠᠷᠠᠬᠤ ᠦᠭᠡᠢ᠂ ᠪᠠᠰᠠ ᠠᠵᠢᠯ ᠤᠨ ᠪᠠᠶᠢᠷᠢ ᠪᠠᠨ ᠪᠠᠲᠤ ᠰᠠᠬᠢᠵᠤ ᠪᠠᠶᠢᠭ᠎ᠠ | ᠪᠠᠶᠢᠯᠳᠤᠭᠴᠢᠳ ᠲᠤ ᠤᠶᠤᠨ ᠰᠠᠨᠠᠭᠠᠨ ᠤ ᠬᠦᠴᠦᠨ ᠨᠡᠮᠡᠷᠢᠯᠡᠵᠦ᠂ ᠪᠠᠰᠠ ᠳᠠᠷᠤᠭ᠎ᠠ ᠪᠠᠶᠢᠯᠳᠤᠭᠴᠢᠳ ᠤᠨ ᠡᠭᠦᠷᠭᠡ | ᠲᠤᠰᠢᠶᠠᠯ ᠢᠶᠠᠨ ᠬᠢᠴᠢᠶᠡᠩᠭᠦ᠋ᠢᠯᠡᠨ ᠭᠦᠢᠴᠡᠳᠬᠡᠵᠦ᠂ ᠲᠠᠬᠢᠨ ᠰᠢᠨ᠎ᠡ ᠭᠠᠪᠢᠶ᠎ᠠ ᠪᠠᠶᠢᠭᠤᠯᠬᠤ ᠢᠲᠡᠭᠡᠯ ᠵᠣᠷᠢᠭ ᠢ ᠨᠡᠩ | ᠬᠥᠭᠵᠢᠭᠡᠪᠡ ᠃ ᠤᠯᠠᠭᠠᠨᠮᠦ᠋ᠴᠢᠷ ᠤᠨ ᠭᠡᠰᠢᠬᠦᠳ ᠴᠦ ᠲᠤᠬᠤᠨᠢᠭᠤᠯᠬᠤ ᠲᠤᠭᠯᠠᠯᠳᠠ ᠶᠢᠨ ᠲᠤᠮᠳᠠ ᠰᠢᠯᠢᠳᠡᠭ | ᠪᠦᠳᠤᠭᠡᠯ ᠵᠤᠬᠢᠶᠠᠨ ᠪᠦᠳᠦᠭᠡᠬᠦ ᠠᠪᠢᠶᠠᠰ ᠪᠢᠯᠢᠭ ᠢ ᠣᠯᠣᠭᠰᠠᠨ ᠪᠠᠶᠢᠨ᠎ᠠ ᠃ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠰᠢᠭᠤᠳ ᠬᠠᠷᠢᠶ᠎ᠠ ᠤᠯᠠᠭᠠᠨᠮᠥ᠋ᠴᠢᠷ ᠤᠨ ᠲᠣᠭᠯᠠᠭᠴᠢᠳ ᠭᠤᠸᠠᠨ ᠷᠦᠢ ᠰᠤᠷᠪᠤᠯᠵᠢᠯᠠᠭᠴᠢ ᠳᠤ ᠄ | ︽ ᠨᠢᠭᠡ ᠵᠠᠮ ᠤᠨ ᠲᠤᠷᠰᠢ ᠪᠢᠳᠡ ᠮᠠᠰᠢ ᠣᠯᠠᠨ ᠲᠥᠷᠥᠭᠳᠡᠯ ᠲᠠᠢ᠂ ᠢᠯᠠᠩᠭᠤᠶ᠎ᠠ ᠬᠢᠯᠢ ᠶᠢᠨ ᠬᠠᠷᠠᠭᠤᠯ ᠤᠨ | ᠭᠠᠵᠠᠷ ᠲᠤ ᠬᠢᠯᠢ ᠶᠢᠨ ᠬᠠᠮᠠᠭᠠᠯᠠᠯᠲᠠ ᠶᠢᠨ ᠠᠮᠢᠳᠤᠷᠠᠯ ᠮᠠᠰᠢ ᠭᠠᠭᠴᠠᠭᠠᠷᠳᠠᠩᠭᠤᠢ ᠪᠠᠶᠢᠬᠤ ᠶᠢ ᠬᠠᠷᠠᠵᠤ᠂ | ᠪᠠᠶᠢᠯᠳᠤᠭᠴᠢᠳ ᠪᠢᠳᠡᠨ ᠢ ᠦᠵᠡᠭᠡᠳ ᠮᠠᠰᠢ ᠪᠠᠶᠠᠷᠯᠠᠵᠤ᠂ ᠪᠢᠳᠡᠨ ᠲᠠᠢ ᠬᠠᠮᠲᠤ ᠳᠠᠭᠤᠯᠠᠨ ᠪᠥᠵᠢᠭᠯᠡᠪᠡ ᠃ ᠠᠳᠢᠶ᠎ᠠ | ᠨᠠᠰᠤᠲᠠᠨ ᠴᠤ ᠪᠢᠳᠡᠨ ᠤ ᠳᠠᠭᠤᠯᠠᠬᠤ ᠶᠢ ᠰᠣᠨᠣᠰᠬᠤ ᠰᠠᠨᠠᠭ᠎ᠠ ᠲᠠᠢ ᠲᠤᠯᠠ ᠪᠢᠳᠡ ᠲᠡᠭᠦᠨ ᠳᠤ ᠮᠠᠰᠢ ᠤᠯᠠᠨ ᠳᠠᠭᠤᠤ | ᠳᠠᠭᠤᠯᠠᠵᠤ ᠥᠭᠪᠡ ᠃ ᠮᠠᠨ ᠤ ᠰᠢᠭᠤᠳ ᠬᠠᠷᠢᠶ᠎ᠠ ᠤᠯᠠᠭᠠᠨᠮᠥ᠋ᠴᠢᠷ ᠪᠣᠯᠤᠨ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠤ ᠤᠯᠠᠭᠠᠨᠮᠥ᠋ᠴᠢᠷ ᠪᠣᠯ ᠴᠥᠮ ᠡᠷᠦᠬᠡ ᠶᠢᠨ ᠴᠡᠷᠢᠭ ᠤᠨ ᠰᠤᠮᠤ ᠪᠣᠯᠤᠨ᠎ᠠ᠂ ᠬᠢᠯᠢ ᠬᠢᠵᠠᠭᠠᠷ ᠢ ᠰᠠᠬᠢᠵᠤ | ᠰᠡᠷᠭᠡᠶᠢᠯᠡᠯᠲᠡ ᠶᠢ ᠪᠠᠬᠢᠵᠢᠭᠦᠯᠬᠦ ᠳᠤᠮᠳᠠ ᠪᠢᠳᠡ ᠪᠠᠰᠠ ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ | ᠴᠡᠷᠢᠭ ᠤᠨ ᠦᠢᠯᠡᠳᠦᠯ ᠢᠶᠠᠨ ᠪᠠᠳᠠᠷᠠᠭᠤᠯᠵᠤ ᠪᠠᠶᠢᠨ᠎ᠠ᠂ ᠪᠠᠰᠠ ᠵᠣᠬᠢᠶᠠᠨ ᠪᠦᠲᠦᠭᠡᠵᠦ ᠲᠣᠭᠯᠠᠯᠲᠠ ᠭᠠᠷᠭᠠᠬᠤ | ᠲᠠᠯ᠎ᠠ ᠪᠠᠷ ᠪᠢᠳᠡᠨ ᠳᠤ ᠮᠠᠰᠢ ᠤᠯᠠᠨ ᠠᠪᠢᠶᠠᠰ ᠪᠢᠯᠢᠭ ᠲᠦᠷᠦᠭᠳᠡᠭᠦᠯᠵᠦ ᠂ ᠢᠷᠡᠭᠡᠳᠦᠢ ᠳᠤ ᠪᠢᠳᠡ ᠪᠠᠰᠠ ᠡᠶᠢᠮᠦᠷᠬᠦᠦ | ᠬᠢᠯᠢ ᠬᠢᠵᠠᠭᠠᠷ ᠢ ᠰᠠᠬᠢᠵᠤ ᠰᠡᠷᠭᠡᠶᠢᠯᠡᠯᠲᠡ ᠶᠢ ᠪᠠᠬᠢᠵᠢᠭᠦᠯᠬᠦ᠂ ᠴᠡᠷᠢᠭ ᠠᠷᠠᠳ ᠵᠢᠭᠠᠰᠤ ᠤᠰᠤ ᠨᠢᠭᠡ ᠭᠡᠷ ᠤᠨ | ᠬᠥᠮᠦᠨ ᠮᠡᠲᠦ ᠳᠣᠲᠣᠨᠣ ᠶᠢ ᠬᠠᠷᠠᠭᠤᠯᠤᠭᠰᠠᠨ ᠪᠦᠲᠦᠭᠡᠯ ᠢ ᠨᠡᠩ ᠤᠯᠠᠨ ᠵᠣᠬᠢᠶᠠᠨ ᠪᠦᠲᠦᠭᠡᠨ᠎ᠡ︾ ᠭᠡᠵᠦ ᠬᠡᠯᠡᠪᠡ᠃ | |