ᠬᠦᠨᠳᠦᠲᠦ ᠡᠯ᠎ᠡ ᠡᠲᠡᠭᠡᠳ ᠤᠨ ᠬᠠᠯᠠᠭᠤᠨ ᠰᠡᠳᠬᠢᠯᠳᠡᠳ᠄ | ᠤᠳᠠᠯ ᠦᠭᠡᠢ ᠥᠩᠭᠡᠷᠡᠬᠦ ᠭᠡᠵᠦ ᠪᠠᠶᠢᠭ᠎ᠠ 2024 ᠣᠨ ᠳᠤ᠂ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ | ︾ ᠤᠨ ᠠᠵᠢᠯᠯᠠᠭ᠎ᠠ ᠬᠥᠮᠦᠰ ᠤᠨ ᠠᠩᠬᠠᠷᠤᠯ ᠢ ᠲᠠᠲᠠᠭᠰᠠᠨ ᠠᠮᠵᠢᠯᠲᠠ ᠣᠯᠪᠠ᠂ ᠡᠨᠡ ᠪᠦᠬᠦᠨ ᠲᠠ ᠨᠠᠷ ᠤᠨ | ᠬᠦᠴᠦᠲᠡᠢ ᠳᠡᠮᠵᠢᠯᠭᠡ ᠪᠠ ᠬᠠᠷᠠᠮ ᠦᠭᠡᠢ ᠬᠤᠪᠢ ᠨᠡᠮᠡᠷᠢ ᠠᠴᠠ ᠰᠠᠯᠵᠤ ᠴᠢᠳᠠᠬᠤ ᠦᠭᠡᠢ ᠶᠤᠮ᠃ ᠠᠳᠡ᠂ ᠪᠢᠳᠡ | ᠬᠠᠶᠢᠷ᠎ᠠ ᠬᠠᠯᠠᠮᠵᠢ ᠶᠢᠨ ᠣᠷᠣᠯᠴᠠᠭᠴᠢ ᠨᠢᠭᠡᠪᠦᠷᠢ ᠳᠤ ᠬᠠᠮᠤᠭ ᠤᠨ ᠴᠢᠩ ᠰᠡᠳᠬᠢᠯ ᠤᠨ ᠲᠠᠯᠠᠷᠬᠠᠯ ᠪᠠ ᠡᠷᠬᠢᠮ | ᠳᠡᠭᠡᠳᠦ ᠬᠦᠨᠳᠦᠳᠬᠡᠯ ᠢᠶᠠᠨ ᠳᠡᠪᠰᠢᠭᠦᠯᠥᠶᠡ᠃ | 2024 ᠣᠨ ᠤ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾ ᠤᠨ ᠠᠵᠢᠯᠯᠠᠭ᠎ᠠ ᠶᠢ | ᠡᠷᠭᠢᠴᠡᠭᠦᠯᠪᠡᠯ᠂ ᠮᠠᠰᠢ ᠣᠯᠠᠨ ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ ᠪᠣᠯᠤᠨ ᠬᠤᠪᠢ ᠬᠥᠮᠦᠨ ᠤᠷᠢᠶᠠᠯᠠᠭ᠎ᠠ ᠶᠢ | ᠢᠳᠡᠪᠬᠢᠲᠡᠶ ᠪᠠᠷ ᠳᠠᠭᠠᠵᠤ᠂ ᠠᠯᠢ ᠤᠯᠠᠨ ᠳᠡᠮᠵᠢᠯᠭᠡ ᠦᠵᠡᠭᠦᠯᠪᠡ᠃ ᠡᠲᠡᠭᠡᠷ ᠬᠠᠨᠳᠢᠪᠯᠠᠯ ᠨᠢ ᠤᠯᠠᠨ ᠳᠤ ᠬᠠᠶᠢᠷ᠎ᠠ | ᠬᠠᠯᠠᠮᠵᠢ ᠶᠢ ᠠᠪᠴᠢᠷᠠᠵᠤ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠡᠨᠡᠬᠦ ᠲᠠᠪᠴᠠᠩ ᠳᠤ ᠲᠠᠰᠤᠷᠠᠯᠲᠠ ᠥᠬᠡᠶ | ᠬᠠᠶᠢᠷ᠎ᠠ ᠬᠠᠯᠠᠮᠵᠢ ᠬᠤᠷᠠᠮᠳᠤᠭᠤᠯᠪᠠ᠃ ᠬᠠᠨᠳᠢᠪ ᠤᠨ ᠮᠥᠩᠭᠦ ᠶᠢᠨ ᠠᠷᠪᠢᠨ ᠴᠥᠭᠡᠨ ᠨᠢ ᠬᠠᠮᠢᠶ᠎ᠠ ᠦᠭᠡᠢ᠂ | ᠬᠠᠨᠳᠢᠪᠯᠠᠭᠴᠢ ᠨᠠᠷ ᠤᠨ ᠶᠠᠳᠠᠭᠤ ᠬᠦᠴᠢᠷᠳᠡᠯᠲᠡᠢ ᠬᠥᠮᠥᠰ ᠲᠤ ᠬᠠᠨᠳᠤᠭᠤᠯᠤᠭᠰᠠᠨ ᠭᠦᠨ ᠵᠤᠵᠠᠭᠠᠨ ᠬᠠᠶᠢᠷ᠎ᠠ | ᠰᠡᠳᠬᠢᠯᠭᠡ ᠶᠢ ᠠᠴᠢᠶᠠᠯᠠᠵᠤ ᠪᠠᠶᠢᠳᠠᠭ᠂ ᠡᠨᠡ ᠨᠢ ᠮᠥᠨ ᠴᠦ ᠤᠯᠠᠨ ᠤ ᠨᠡᠶᠢᠭᠡᠮ ᠳᠤ ᠲᠠᠯᠪᠢᠭᠰᠠᠨ ᠬᠠᠷᠢᠭᠤᠴᠠᠯᠭᠠᠲᠤ | ᠰᠡᠳᠬᠢᠯᠭᠡ ᠶᠢ ᠬᠦᠴᠦᠲᠡᠢ ᠦᠢᠯᠡᠳᠥᠯᠭᠡᠵᠢᠭᠦᠯᠥᠭᠰᠡᠨ ᠶᠠᠪᠤᠳᠠᠯ ᠪᠣᠯᠤᠨ᠎ᠠ᠃ | ᠡᠲᠡᠭᠡᠷ ᠬᠠᠶᠢᠷ᠎ᠠ ᠬᠠᠯᠠᠮᠵᠢ ᠶᠢᠨ ᠮᠥᠩᠭᠦ ᠨᠢ ᠥᠩᠭᠡᠷᠡᠭᠰᠡᠨ ᠨᠢᠭᠡ ᠵᠢᠯ ᠳᠤ ᠯᠤᠲᠤ ᠶᠡᠭᠡ ᠦᠢᠯᠡᠳᠦᠯ | ᠦᠵᠡᠭᠦᠯᠵᠦ᠂ ᠶᠠᠭ ᠯᠠ ᠬᠤᠷ᠎ᠠ ᠪᠤᠷᠤᠭᠠᠨ ᠰᠢᠭ᠋ ᠮᠠᠰᠢ ᠣᠯᠠᠨ ᠬᠦᠴᠢᠷᠳᠡᠯᠲᠡᠶ ᠬᠡᠷ ᠪᠦᠯᠢ ᠶᠢᠨ ᠠᠮᠢᠳᠤᠷᠠᠯ ᠢ | ᠤᠮᠳᠠᠯᠠᠭᠰᠠᠨ ᠪᠠᠶᠢᠨ᠎ᠠ᠃ ᠪᠢᠳᠡ ᠬᠠᠨᠳᠢᠪ ᠤᠨ ᠮᠥᠩᠭᠦ ᠶᠢ ᠭᠡᠨᠡᠳᠲᠡ ᠶᠢᠨ ᠬᠡᠷᠡᠭ ᠠᠴᠠ ᠪᠣᠯᠵᠣ ᠬᠦᠴᠢᠷᠳᠡᠯ ᠳᠤ | ᠲᠤᠯᠭᠠᠷᠠᠭᠰᠠᠨ ᠬᠡᠷ ᠪᠦᠯᠢ ᠳᠤ ᠦᠢᠯᠡᠴᠢᠯᠡᠭᠦᠯᠦᠨ᠂ ᠠᠪᠤᠷᠠᠨ ᠲᠤᠰᠠᠯᠠᠬᠤ ᠳᠤ ᠬᠡᠷᠡᠭᠯᠡᠵᠦ᠂ ᠡᠪᠡᠳᠴᠢᠨ ᠡᠮᠭᠡᠭ | ᠬᠥᠷᠴᠥ ᠵᠤᠪᠠᠵᠤ ᠪᠠᠶᠢᠭ᠎ᠠ ᠡᠪᠡᠳᠴᠢᠲᠡᠨ ᠢ ᠬᠠᠪᠰᠤᠷᠤᠨ ᠡᠮᠴᠢᠯᠡᠭᠡᠨ ᠤ ᠳᠠᠷᠤᠭᠠᠰᠤ ᠶᠢ ᠨᠢ ᠬᠥᠩᠭᠡᠷᠡᠭᠦᠯᠵᠦ᠂ | ᠥᠨᠥᠴᠢᠨ ᠪᠡᠯᠪᠡᠰᠦᠨ ᠨᠠᠰᠤᠲᠠᠳ ᠲᠤ ᠠᠮᠢᠳᠤᠷᠠᠯ ᠤᠨ ᠡᠳ᠋ ᠪᠣᠳᠠᠰ ᠪᠠ ᠬᠠᠶᠢᠷ᠎ᠠ ᠬᠠᠯᠠᠮᠵᠢ ᠶᠢ ᠬᠦᠷᠭᠡᠵᠦ᠂ | ᠲᠡᠳᠡᠨ ᠳᠤ ᠬᠠᠯᠠᠭᠤᠨ ᠳᠤᠯᠠᠭᠠᠨ ᠢ ᠮᠡᠳᠡᠷᠡᠭᠦᠯᠵᠦ᠂ ᠬᠦᠴᠢᠷᠳᠡᠯ ᠳᠤ ᠲᠤᠯᠭᠠᠷᠠᠭᠰᠠᠨ ᠦᠶ᠎ᠡ ᠳᠤ ᠬᠥᠰᠡᠯ | ᠡᠷᠡᠮᠡᠯᠵᠢᠯᠡᠯ ᠤᠨ ᠬᠡᠷᠡᠯ ᠢ ᠣᠯᠵᠤ ᠬᠠᠷᠠᠭᠤᠯᠪᠠ᠃ ᠡᠭᠦᠨ ᠤ ᠬᠠᠮᠲᠤ᠂ ᠪᠢᠳᠡ ᠪᠠᠰᠠ ᠬᠡᠰᠡᠭ ᠮᠥᠩᠭᠦ ᠪᠠᠷ ᠢᠶᠠᠨ | ᠦᠨ᠎ᠡ ᠲᠥᠯᠥᠪᠦᠷᠢ ᠦᠭᠡᠢ ᠪᠠᠷ ᠴᠢᠰᠤ ᠵᠣᠷᠢᠭᠤᠯᠬᠤ᠂ ᠴᠢᠰᠤ ᠪᠦᠲᠦᠭᠡᠬᠦ ᠭᠤᠣᠯ ᠡᠰ ᠢᠶᠠᠨ ᠬᠠᠨᠳᠢᠪᠯᠠᠬᠤ᠂ ᠬᠥᠮᠥᠨ | ᠤ ᠪᠡᠶ᠎ᠡ ᠶᠢᠨ ᠡᠷᠬᠡᠳᠡᠨ ᠢᠶᠠᠨ ᠬᠠᠨᠳᠢᠪᠯᠡᠬᠤ ᠳᠤ ᠣᠷᠣᠯᠴᠠᠭᠰᠠᠨ ᠰᠠᠶᠢᠨ ᠳᠤᠷ᠎ᠠ ᠶᠢᠨ ᠠᠵᠢᠯᠯᠠᠭᠴᠢᠳ ᠲᠤ ᠭᠦᠨ | ᠬᠦᠨᠳᠦᠳᠬᠡᠯ ᠪᠠ ᠴᠢᠩ ᠰᠡᠳᠬᠢᠯ ᠤᠨ ᠲᠣᠬᠤᠨᠢᠭᠤᠯᠤᠯ ᠳᠡᠪᠰᠢᠭᠦᠯᠵᠦ᠂ ᠲᠡᠳᠡᠨ ᠤ ᠨᠡᠶᠢᠭᠡᠮ ᠳᠤ ᠭᠤᠶᠠᠴᠢ ᠦᠭᠡᠢ | ᠬᠤᠪᠢ ᠨᠡᠮᠡᠷᠢ ᠦᠵᠡᠭᠦᠯᠦᠭᠰᠡᠨ ᠳᠤ ᠲᠠᠯᠠᠷᠬᠠᠵᠤ ᠪᠠᠶᠢᠨ᠎ᠠ᠃ | ᠪᠤᠶᠠᠨ ᠢᠪᠡᠭᠡᠯ ᠤᠨ ᠵᠣᠭᠤᠰ ᠪᠥᠷᠢ ᠶᠢᠨ ᠬᠤᠶᠢᠨ᠎ᠠ ᠬᠥᠨ ᠵᠤᠵᠠᠭᠠᠨ ᠢᠳᠡᠭᠡᠯ ᠪᠠᠶᠢᠬᠤ ᠶᠢ ᠪᠢᠳᠡ ᠦᠨᠡᠨ | ᠰᠡᠳᠬᠢᠯ ᠠᠴᠠ ᠪᠠᠨ ᠮᠡᠳᠡᠵᠥ ᠪᠠᠶᠢᠨ᠎ᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠯᠠᠭᠠᠨ | ᠵᠠᠭᠠᠯᠮᠠᠶᠢᠲᠠᠨ ᠤ ᠨᠡᠶᠢᠭᠡᠮᠯᠢᠭ ᠨᠢ ᠢᠮᠠᠭᠲᠠ ᠴᠢᠩᠭ᠎ᠠ ᠨᠢᠮᠪᠠᠢ᠂ ᠬᠠᠷᠢᠭᠤᠴᠠᠯᠭ᠎ᠠ ᠲᠠᠢ᠂ ᠢᠯᠡ ᠲᠣᠳᠣ ᠣᠪᠣᠷ ᠢᠶᠠᠷ | ᠡᠳᠡᠭᠡᠷ ᠬᠠᠨᠳᠢᠪ ᠤᠨ ᠮᠥᠩᠭᠦ ᠶᠢ ᠬᠠᠮᠢᠶᠠᠷᠤᠨ ᠬᠡᠷᠡᠭᠯᠡᠵᠦ᠂ ᠵᠣᠭᠤᠰ ᠮᠥᠩᠭᠦ ᠨᠢᠭᠡᠪᠦᠷᠢ ᠶᠢ ᠴᠥᠮ ᠵᠠᠩᠭᠢᠯᠠᠭ᠎ᠠ ᠶᠢᠨ | ᠭᠠᠵᠠᠷ ᠲᠤᠨᠢ ᠬᠡᠷᠡᠭᠯᠡᠬᠦ ᠶᠢ ᠪᠠᠲᠤᠯᠠᠵᠤ᠂ ᠬᠠᠮᠤᠭ ᠤᠨ ᠬᠡᠷᠡᠭᠴᠡᠭᠡ ᠲᠠᠢ ᠬᠥᠮᠦᠰ ᠲᠤ ᠦᠨᠡᠨ ᠬᠦ ᠬᠠᠪᠰᠤᠷᠤᠯᠭ᠎ᠠ | ᠠᠪᠴᠢᠷᠠᠵᠤ᠂ ᠬᠠᠶᠢᠷ᠎ᠠ ᠬᠠᠯᠠᠮᠵᠢ ᠪᠠᠷ ᠳᠠᠮᠵᠢᠭᠤᠯᠬᠤ ᠭᠤᠭᠴᠤᠭ᠎ᠠ ᠨᠢᠭᠡᠪᠦᠷᠢ ᠶᠢ ᠴᠥᠮ ᠲᠣᠳᠣᠷᠬᠠᠢ᠂ ᠬᠠᠯᠠᠭᠤᠨ | ᠳᠤᠯᠠᠭᠠᠨ᠂ ᠬᠦᠴᠦᠨ ᠲᠠᠢ ᠪᠣᠯᠭᠠᠪᠠ᠃ | ᠢᠷᠡᠭᠡᠳᠦᠶ ᠪᠠᠨ ᠪᠠᠷᠠᠯᠠᠬᠤᠶ᠎ᠠ᠂ ᠪᠢᠳᠡ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠥᠮᠦᠯᠢᠭ ᠶᠣᠰᠣ᠂ | ᠲᠥᠪ ᠭᠤᠤᠯᠴᠢ᠂ ᠬᠡᠪ ᠢᠶᠠᠨ ᠰᠠᠬᠢᠬᠤ᠂ ᠪᠡᠶ᠎ᠡ ᠪᠠᠨ ᠳᠠᠭᠠᠭᠠᠬᠤ᠂ ᠰᠠᠶᠢᠨ ᠳᠤᠷ᠎ᠠ ᠶᠢᠨ ᠦᠢᠯᠡᠴᠢᠯᠡᠭᠡ᠂ ᠨᠢᠭᠡᠳᠦᠯᠲᠡᠶ | ᠂ ᠨᠡᠶᠢᠳᠡᠮ ᠪᠠᠶᠢᠬᠤ ᠲᠤᠯᠤᠭᠠᠨ ᠦᠨᠳᠦᠰᠦᠨ ᠵᠠᠷᠴᠢᠮ ᠢ ᠦᠷᠭᠦᠯᠵᠢᠯᠡᠨ ᠪᠠᠲᠤ ᠰᠠᠬᠢᠵᠤ᠂ ︽ᠲᠦᠭᠡᠮᠡᠯ ᠬᠠᠶᠢᠷ᠎ᠠ ᠶᠢᠨ | ᠨᠢᠭᠡ ᠡᠳᠦᠷ ᠤᠨ ᠬᠠᠨᠳᠢᠪᠯᠠᠯ︾ ᠤᠨ ᠠᠵᠢᠯᠯᠠᠭ᠎ᠠ ᠶᠢᠨ ᠵᠣᠬᠢᠶᠠᠨ ᠪᠠᠶᠢᠭᠤᠯᠤᠯᠲᠠ ᠪᠠ ᠬᠡᠷᠡᠭᠵᠢᠭᠦᠯᠦᠯᠲᠡ ᠶᠢ | ᠲᠠᠰᠤᠷᠠᠯᠲᠠ ᠥᠬᠡᠶ ᠰᠢᠯᠢᠳᠡᠭᠵᠢᠭᠦᠯᠵᠦ᠂ ᠠᠪᠤᠷᠠᠨ ᠲᠤᠰᠠᠯᠠᠬᠤ ᠬᠦᠷᠢᠶ᠎ᠡ ᠶᠢ ᠥᠷᠭᠡᠳᠬᠡᠨ᠂ ᠠᠪᠤᠷᠠᠨ ᠲᠤᠰᠠᠯᠠᠬᠤ | ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠨᠠᠩ ᠬᠠᠯᠠᠭᠤᠨ ᠳᠤᠯᠠᠭᠠᠨ᠂ ᠡᠶ᠎ᠡ ᠵᠣᠬᠢᠴᠠᠩᠭᠤᠶ᠂ ᠰᠠᠶᠢᠨ ᠰᠠᠶᠢᠬᠠᠨ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠶᠢ ᠪᠥᠲᠥᠭᠡᠨ ᠪᠠᠶᠢᠭᠤᠯᠬᠤ ᠶᠢᠨ ᠲᠥᠯᠥᠭᠡ ᠴᠥᠬᠦᠷᠡᠰᠢ ᠥᠬᠡᠶ | ᠴᠢᠷᠮᠠᠶᠢᠨ᠎ᠠ᠃ | ᠪᠦᠬᠦ ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ ᠪᠣᠯᠤᠨ ᠬᠥᠮᠦᠰ ᠤᠨ 2024 ᠣᠨ ᠤ ︽ᠲᠦᠭᠡᠮᠡᠯ | ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾ ᠤᠨ ᠠᠵᠢᠯᠯᠠᠭ᠎ᠠ ᠳᠤᠮᠳᠠᠬᠢ ᠭᠠᠷᠮᠠᠭᠠᠢ ᠬᠤᠪᠢ ᠨᠡᠮᠡᠷᠢ ᠳᠤ ᠳᠠᠬᠢᠨᠲᠠ | ᠲᠠᠯᠠᠷᠬᠠᠵᠤ᠂ ᠬᠠᠶᠢᠷ᠎ᠠ ᠬᠠᠯᠠᠮᠵᠢ ᠶᠢᠨ ᠬᠦᠴᠦᠨ ᠴᠢᠳᠠᠯ ᠥᠨᠢ ᠡᠭᠦᠷᠢᠳᠡ ᠡᠨᠡ ᠬᠡᠰᠡᠭ ᠭᠠᠵᠠᠷ ᠳᠡᠭᠡᠷ᠎ᠡ ᠭᠡᠷᠡᠯ | ᠭᠢᠯᠪᠠᠭ᠎ᠠ ᠪᠠᠨ ᠰᠠᠴᠤᠷᠠᠭᠤᠯᠵᠤ᠂ ᠢᠷᠡᠭᠡᠳᠦᠢ ᠶᠢᠨ ᠡᠳᠦᠷ ᠤᠳ ᠲᠤ ᠲᠡᠭᠡᠨ ᠦᠷᠭᠦᠯᠵᠢᠯᠡᠨ ᠤᠯᠠᠨ ᠲᠠᠢ ᠭᠠᠷ | ᠬᠤᠯᠪᠣᠨ ᠬᠠᠮᠲᠤᠪᠠᠷ ᠤᠷᠤᠭᠰᠢᠯᠠᠵᠤ᠂ ᠨᠡᠩ ᠤᠯᠠᠨ ᠬᠠᠶᠢᠷ᠎ᠠ ᠪᠠ ᠬᠦᠰᠡᠯ ᠡᠷᠡᠮᠡᠯᠵᠡᠯ ᠢ ᠰᠠᠴᠤᠬᠤ ᠶᠢ ᠬᠦᠰᠡᠵᠦ | ᠪᠠᠶᠢᠨ᠎ᠠ᠃ | |