ᠦ᠋ ᠨᠢᠩ᠄ ᠭᠡᠰᠢᠭᠦᠳ ᠤᠨ ᠬᠦᠴᠦᠨ ᠢ ᠪᠠᠳᠠᠷᠠᠭᠤᠯᠵᠤ ᠬᠢᠯᠢ ᠶᠢᠨ ᠪᠣᠭᠤᠮᠲᠠ ᠶᠢᠨ ᠴᠢᠨᠠᠷ ᠰᠠᠶᠢᠲᠠᠶ | ᠬᠥᠭᠵᠢᠯᠲᠡ ᠳᠤ ᠬᠦᠴᠦᠨ ᠨᠡᠮᠡᠷᠢᠯᠡᠪᠡ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ︽ᠬᠤᠶᠠᠷ ᠬᠤᠷᠠᠯ︾ ᠤᠳᠠᠯ ᠥᠬᠡᠶ ᠬᠤᠷᠠᠯᠳᠤᠬᠤ | ᠭᠡᠵᠦ ᠪᠣᠶ᠂ ᠥᠩᠭᠡᠷᠡᠭᠰᠡᠨ ᠨᠢᠭᠡ ᠵᠢᠯ ᠢ ᠡᠷᠭᠢᠴᠡᠭᠦᠯᠬᠦ ᠳᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ | ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠭᠤᠤᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠤ ᠰᠢᠨ᠎ᠡ ᠶᠢ ᠡᠭᠦᠳᠴᠦ᠂ ᠪᠣᠳᠠᠲᠠᠢ ᠶᠢ ᠡᠷᠬᠢᠮᠯᠡᠨ ᠰᠠᠨᠠᠯ | ᠰᠠᠨᠠᠭᠤᠯᠭ᠎ᠠ ᠲᠤᠷᠠᠳᠴᠤ᠂ | ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠤᠨ ᠲᠦᠯᠦᠭᠡ ᠦᠭᠡ ᠭᠡᠯᠡᠵᠦ᠂ ᠬᠤᠲᠠ ᠪᠠᠯᠭᠠᠰᠤᠨ ᠤ ᠬᠥᠭᠵᠢᠯᠲᠡ ᠳᠤ | ᠠᠷᠭ᠎ᠠ ᠤᠬᠠᠭᠠᠨ ᠭᠠᠷᠭᠠᠨ᠂ ᠤᠯᠤᠰ ᠲᠦᠷᠦ ᠶᠢᠨ ᠵᠦᠪᠯᠡᠯᠭᠡᠨ ᠤ ᠦᠢᠯᠡᠰ ᠲᠤ ᠥᠩᠭᠡ ᠭᠢᠯᠪᠠᠭ᠎ᠠ ᠨᠡᠮᠡᠷᠢᠯᠡᠪᠡ᠃ | ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠠᠵᠢᠯ ᠤᠨ ᠪᠠᠶᠢᠷᠢ ᠪᠠᠨ ᠬᠠᠶᠢᠷᠠᠯᠠᠵᠤ ᠦᠢᠯᠡᠰ ᠢᠶᠠᠨ | ᠳᠡᠭᠡᠳᠦᠯᠡᠬᠦ ᠶᠢᠨ ᠲᠥᠯᠥᠭᠡ᠂ ᠰᠢᠷᠭᠠᠭᠤ ᠬᠠᠲᠠᠭᠤᠵᠢᠯᠲᠠᠶ ᠪᠠᠷ ᠠᠳᠠᠯ ᠦᠢᠯᠡᠰ ᠴᠣᠭᠴᠠᠯᠠᠬᠤ᠂ ᠠᠷᠠᠳ ᠤᠨ | ᠲᠥᠯᠥᠭᠡ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠤᠭ ᠵᠢᠪᠬᠤᠭ᠎ᠠ ᠶᠢ ᠪᠠᠳᠠᠷᠠᠭᠠᠨ ︽ ᠪᠠᠭᠠᠳᠤᠷᠯᠢᠭ | ᠲᠠᠷᠬᠠᠨ ᠮᠤᠤᠮᠢᠩᠭᠠᠨ︾ ᠤ ᠣᠯᠠᠨ ᠨᠡᠶᠢᠲᠡ ᠶᠢᠨ ᠳ᠋ᠤᠭᠠᠷ ᠢ ᠲᠤᠰᠬᠠᠶᠢᠯᠠᠨ ᠨᠡᠭᠡᠭᠡᠪᠡ᠃ | ︽ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠴᠤᠭ ᠵᠢᠪᠬᠤᠭ᠎ᠠ︾ ᠲᠤᠰᠬᠠᠶ ᠪᠤᠯᠤᠩ ᠲᠡᠳᠡᠨ ᠤ | ᠲᠤᠰᠢᠶᠠᠯ ᠢᠶᠠᠨ ᠭᠦᠢᠴᠡᠳᠭᠡᠭᠰᠡᠨᠰᠡᠳᠬᠢᠯ ᠤᠨ ᠳᠠᠭᠤᠨ ᠢ ᠲᠡᠮᠳᠡᠭᠯᠡᠨ᠂ ᠥᠨᠥᠳᠥᠷ ᠪᠢᠳᠡ ᠤᠯᠤᠰ ᠲᠦᠷᠦ ᠶᠢᠨ | ᠵᠥᠪᠯᠡᠯᠭᠡᠨ ᠤ ᠭᠡᠰᠢᠭᠦᠨᠦ᠋ ᠨᠢᠩ ᠲᠠᠢ ᠲᠠᠨᠢᠯᠴᠠᠶ᠎ᠠ ᠃ | ᠦ᠋ ᠨᠢᠩ ᠪᠤᠭᠤᠲᠤ ᠶᠢᠨ ᠪᠣᠭᠤᠮᠲᠠ ᠶᠢᠨ ᠬᠢᠨᠠᠨ ᠬᠠᠮᠢᠶᠠᠷᠤᠯᠲᠠ ᠶᠢᠨ ᠬᠤᠶᠠᠳᠤᠭᠠᠷ ᠰᠠᠯᠠᠭᠠᠨ ᠤ ᠳᠡᠳ᠋ | ᠳᠠᠷᠤᠭ᠎ᠠ᠂ 2015 ᠣᠨ ᠳᠤ ᠮᠠᠨᠳᠤᠯ ᠪᠣᠭᠤᠮᠲᠠ ᠪᠦᠳᠦᠨᠵᠢ ᠵᠢᠯ ᠢᠶᠠᠷ ᠪᠤᠭᠤᠮᠳᠠ ᠨᠡᠭᠡᠭᠡᠭᠰᠡᠨ ᠠᠴᠠ ᠨᠠᠰᠢ᠂ | ᠪᠣᠭᠤᠮᠲᠠ ᠶᠢᠨ ᠨᠢᠭᠡᠳᠦᠭᠡᠷ ᠹᠷᠣᠨᠲ ᠲᠤ ᠠᠵᠢᠯᠯᠠᠭᠰᠠᠭᠠᠷ ᠢᠷᠡᠵᠠᠢ᠃ | ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠪᠣᠯᠤᠭᠰᠠᠨ ᠤ ᠬᠤᠪᠢ ᠳᠤ᠂ ᠦ᠋ ᠨᠢᠩ ᠤᠯᠤᠰ ᠲᠦᠷᠦ ᠶᠢᠨ | ᠵᠥᠪᠯᠡᠯᠭᠡᠨ ᠤ ᠭᠡᠰᠢᠭᠦᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ᠂ ᠪᠣᠭᠤᠮᠲᠠ ᠶᠢᠨ ᠬᠢᠨᠠᠯᠲᠠ | ᠬᠠᠮᠢᠶᠠᠷᠤᠯᠲᠠ ᠶᠢᠨ ᠠᠵᠢᠯ ᠤᠨ ᠪᠣᠳᠠᠲᠤ ᠪᠠᠶᠢᠳᠠᠯ ᠳᠤ ᠰᠠᠭᠤᠷᠢᠯᠠᠵᠤ᠂ ᠮᠠᠨᠳᠤᠯ ᠪᠣᠭᠤᠮᠲᠠ ᠶᠢᠨ ᠬᠥᠭᠵᠢᠯᠲᠡ ᠶᠢᠨ | ᠶᠠᠪᠤᠴᠠ ᠳᠤ ᠲᠤᠯᠭᠠᠷᠠᠵᠤ ᠪᠠᠶᠢᠭ᠎ᠠ ᠲᠦᠭᠵᠢᠷᠡᠯ ᠪᠠ ᠬᠦᠴᠢᠷ ᠠᠰᠠᠭᠤᠳᠠᠯ ᠢ ᠭᠦᠨᠵᠡᠭᠡᠢ ᠵᠠᠳᠠᠯᠵᠤ᠂ ᠠᠯᠢ ᠤᠯᠠᠨ | ᠵᠦᠢ ᠵᠣᠬᠢᠰᠲᠠᠢ ᠰᠠᠨᠠᠭᠤᠯᠭ᠎ᠠ ᠳᠤᠷᠠᠳᠪᠠ᠃ ᠲᠡᠷᠡ ᠬᠠᠮᠲᠤ ᠠᠵᠢᠯᠯᠠᠭᠰᠠᠳ ᠲᠠᠢ ᠪᠠᠨ ᠪᠣᠭᠤᠮᠲᠠ ᠶᠢᠨ ᠨᠢᠭᠡᠳᠦᠭᠡᠷ | ᠹᠷᠣᠨᠲ ᠲᠤ ᠪᠦᠬᠦ ᠤᠯᠤᠰ ᠤᠨ ᠭᠠᠳᠠᠭᠠᠳᠤ ᠠᠴᠠ ᠣᠷᠣᠭᠤᠯᠤᠭᠰᠠᠨ ᠨᠡᠭᠦᠷᠡᠰᠦ ᠶᠢ ᠰᠢᠯᠭᠠᠨ ᠪᠠᠶᠢᠴᠠᠭᠠᠵᠤ ᠢᠲᠡᠭᠡᠮᠵᠢ | ᠠᠪᠬᠤ ᠠᠩᠬᠠᠳᠤᠭᠠᠷ ᠪᠦᠯᠦᠭ ᠲᠤᠬᠠᠶᠢᠯᠠᠭᠰᠠᠨ ᠠᠵᠢᠯ ᠢ ᠲᠤᠷᠰᠢᠨ ᠥᠷᠨᠢᠭᠦᠯᠵᠦ᠂ ᠣᠶᠤᠨᠴᠢ ᠪᠣᠭᠤᠮᠲᠠ ᠶᠢᠨ | ᠬᠢᠨᠠᠯᠲᠠ ᠬᠠᠮᠢᠶᠠᠷᠤᠯᠲᠠ ᠶᠢᠨ ᠠᠵᠢᠯ ᠤᠨ ᠲᠠᠪᠴᠠᠩ ᠢ ᠰᠦᠯᠵᠢᠶᠡᠨ ᠳᠤ ᠣᠷᠣᠭᠤᠯᠤᠨ ᠠᠵᠢᠯᠯᠠᠭᠤᠯᠵᠤ᠂ | ᠪᠣᠭᠤᠮᠲᠠ ᠶᠢᠨ ᠬᠠᠯᠳᠠᠪᠤᠷᠢᠲᠤ ᠡᠪᠡᠳᠴᠢᠨ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠢ | ᠦᠷᠭᠦᠯᠵᠢᠯᠡᠨ ᠲᠡᠭᠦᠯᠳᠡᠷᠵᠢᠭᠦᠯᠪᠡ᠃ 2024 ᠣᠨ ᠳᠤ᠂ ᠡᠨᠡ ᠬᠦ ᠰᠢᠷᠢᠰ ᠴᠢᠬᠤᠯᠠ ᠥᠭᠡᠷᠡᠴᠢᠯᠡᠯᠲᠡ ᠶᠢᠨ ᠠᠷᠭ᠎ᠠ | ᠬᠡᠮᠵᠢᠶ᠎ᠡ ᠮᠠᠨᠳᠤᠯ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢ 800 ᠲᠦᠮᠡᠨ ᠲᠣᠨ ᠢ | ᠳᠠᠪᠠᠭᠤᠯᠬᠤ ᠳᠤ ᠬᠦᠴᠦᠨ ᠨᠡᠮᠡᠷᠢᠯᠡᠵᠦ᠂ ᠪᠣᠭᠤᠮᠲᠠ ᠶᠢᠨ ᠨᠡᠭᠡᠭᠡᠯᠭᠡ ᠠᠴᠠ ᠨᠠᠭᠠᠰᠢᠬᠢ ᠬᠠᠮᠤᠭ ᠤᠨ ᠥᠨᠳᠥᠷ | ᠲᠡᠮᠳᠡᠭᠯᠡᠯ ᠢ ᠡᠭᠦᠳᠪᠡ᠃ | 2025 ᠤᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯ ᠬᠤᠷᠢᠶᠠᠬᠤ | ᠵᠢᠯ ᠪᠣᠯᠤᠨ᠎ᠠ᠂ ᠦ᠋ ᠨᠢᠩ ᠦᠷᠭᠦᠯᠵᠢᠯᠡᠨ ᠴᠢᠳᠠᠮᠠᠭᠠᠶ ᠪᠠᠷ ᠰᠡᠳᠬᠢᠵᠦ ᠴᠢᠳᠠᠮᠠᠭᠠᠶ ᠪᠠᠷ ᠶᠠᠪᠤᠳᠠᠯ ᠪᠦᠲᠦᠭᠡᠬᠦ ᠳᠡᠭᠡᠷ᠎ᠡ | ᠬᠦᠴᠦ ᠲᠠᠯᠪᠢᠵᠤ᠂ ᠮᠠᠨᠳᠤᠯ ᠪᠣᠭᠤᠮᠲᠠ ᠶᠢᠨ ᠴᠢᠨᠠᠷ ᠰᠠᠶᠢᠲᠠᠶ ᠬᠥᠭᠵᠢᠯᠲᠡ ᠳᠤ ᠨᠠᠩ ᠣᠯᠠᠨ ᠪᠣᠳᠠᠲᠠᠶ ᠶᠢ | ᠡᠷᠬᠢᠮᠯᠡᠭᠰᠡᠨ ᠪᠦᠲᠦᠮᠵᠢᠲᠡᠶ ᠰᠠᠨᠠᠭᠤᠯᠭ᠎ᠠ ᠲᠤᠷᠠᠳᠬᠤ ᠪᠤᠯᠤᠨ᠎ᠠ᠃ |