ᠸᠠᠩ ᠵᠢᠶᠦ᠋ᠨ᠄ ᠰᠣᠶᠣᠯ ᠤᠨ ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠵᠤ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠨ ᠵᠢᠳᠬᠦᠯ ᠴᠢᠷᠮᠠᠶᠢᠯᠭ᠎ᠠ ᠭᠠᠷᠭᠠᠨ᠎ᠠ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ︽ᠬᠤᠶᠠᠷ ᠬᠤᠷᠠᠯ︾ ᠤᠳᠠᠯ ᠥᠬᠡᠶ ᠬᠤᠷᠠᠯᠳᠤᠬᠤ | ᠭᠡᠵᠦ ᠪᠣᠶ᠂ ᠥᠩᠭᠡᠷᠡᠭᠰᠡᠨ ᠨᠢᠭᠡ ᠵᠢᠯ ᠢ ᠡᠷᠭᠢᠴᠡᠭᠦᠯᠬᠦ ᠳᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ | ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠭᠤᠤᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠤ ᠰᠢᠨ᠎ᠡ ᠶᠢ ᠡᠭᠦᠳᠴᠦ᠂ ᠪᠣᠳᠠᠲᠠᠢ ᠶᠢ ᠡᠷᠬᠢᠮᠯᠡᠨ ᠰᠠᠨᠠᠯ | ᠰᠠᠨᠠᠭᠤᠯᠭ᠎ᠠ ᠲᠤᠷᠠᠳᠴᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠤᠨ ᠲᠦᠯᠦᠭᠡ ᠦᠭᠡ ᠭᠡᠯᠡᠵᠦ᠂ ᠬᠤᠲᠠ | ᠪᠠᠯᠭᠠᠰᠤᠨ ᠤ ᠬᠥᠭᠵᠢᠯᠲᠡ ᠳᠤ ᠠᠷᠭ᠎ᠠ ᠤᠬᠠᠭᠠᠨ ᠭᠠᠷᠭᠠᠨ᠂ ᠤᠯᠤᠰ ᠲᠦᠷᠦ ᠶᠢᠨ ᠵᠦᠪᠯᠡᠯᠭᠡᠨ ᠤ ᠦᠢᠯᠡᠰ ᠲᠤ | ᠥᠩᠭᠡ ᠭᠢᠯᠪᠠᠭ᠎ᠠ ᠨᠡᠮᠡᠷᠢᠯᠡᠪᠡ᠃ | ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠠᠵᠢᠯ ᠤᠨ ᠪᠠᠶᠢᠷᠢ ᠪᠠᠨ ᠬᠠᠶᠢᠷᠠᠯᠠᠵᠤ ᠦᠢᠯᠡᠰ ᠢᠶᠠᠨ | ᠳᠡᠭᠡᠳᠦᠯᠡᠬᠦ ᠶᠢᠨ ᠲᠥᠯᠥᠭᠡ᠂ ᠰᠢᠷᠭᠠᠭᠤ ᠬᠠᠲᠠᠭᠤᠵᠢᠯᠲᠠᠶ ᠪᠠᠷ ᠠᠳᠠᠯ ᠦᠢᠯᠡᠰ ᠴᠣᠭᠴᠠᠯᠠᠬᠤ᠂ ᠠᠷᠠᠳ ᠤᠨ | ᠲᠥᠯᠥᠭᠡ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠤᠭ ᠵᠢᠪᠬᠤᠭ᠎ᠠ ᠶᠢ ᠪᠠᠳᠠᠷᠠᠭᠠᠨ ︽ ᠪᠠᠭᠠᠳᠤᠷᠯᠢᠭ | ᠲᠠᠷᠬᠠᠨ ᠮᠤᠤᠮᠢᠩᠭᠠᠨ︾ ᠤ ᠣᠯᠠᠨ ᠨᠡᠶᠢᠲᠡ ᠶᠢᠨ ᠳ᠋ᠤᠭᠠᠷ ᠢ ᠲᠤᠰᠬᠠᠶᠢᠯᠠᠨ ᠨᠡᠭᠡᠭᠡᠪᠡ᠃ | ︽ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠴᠤᠭ ᠵᠢᠪᠬᠤᠭ᠎ᠠ︾ ᠲᠤᠰᠬᠠᠶ ᠪᠤᠯᠤᠩ ᠲᠡᠳᠡᠨ ᠤ | ᠲᠤᠰᠢᠶᠠᠯ ᠢᠶᠠᠨ ᠭᠦᠢᠴᠡᠳᠭᠡᠭᠰᠡᠨᠰᠡᠳᠬᠢᠯ ᠤᠨ ᠳᠠᠭᠤᠨ ᠢ ᠲᠡᠮᠳᠡᠭᠯᠡᠨ᠂ ᠥᠨᠥᠳᠥᠷ ᠪᠢᠳᠡ ᠤᠯᠤᠰ ᠲᠦᠷᠦ ᠶᠢᠨ | ᠵᠥᠪᠯᠡᠯᠭᠡᠨ ᠤ ᠭᠡᠰᠢᠭᠦᠨ ᠸᠠᠩ ᠵᠢᠶᠦ᠋ᠨ ᠲᠠᠢ ᠲᠠᠨᠢᠯᠴᠠᠶ᠎ᠠ ᠃ | ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠣᠯᠤᠭᠰᠠᠨ ᠤ ᠬᠤᠪᠢ ᠳᠤ᠂ ᠡᠨᠡ ᠵᠢᠯ ᠠᠴᠠ ᠨᠠᠰᠢ᠂ ᠸᠠᠩ | ᠵᠢᠶᠦ᠋ᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ ᠶᠢᠨ ᠡᠯ᠎ᠡ ᠲᠥᠷᠥᠯ ᠤᠨ | ᠠᠵᠢᠯᠯᠠᠭ᠎ᠠ ᠳᠤ ᠢᠳᠡᠪᠬᠢᠲᠡᠶ ᠣᠷᠣᠯᠴᠠᠵᠤ᠂ ︽ᠲᠠᠷᠢᠶᠠᠯᠠᠩ ᠰᠣᠶᠣᠯ ᠵᠢᠭᠤᠯᠴᠢᠯᠠᠯ ᠠᠷᠠᠯᠵᠢᠶ᠎ᠠ ᠶᠢ | ᠠᠭᠤᠰᠤᠯᠴᠠᠭᠤᠯᠤᠨ ᠬᠥᠭᠵᠢᠭᠦᠯᠬᠦ︾ ᠪᠠ ︽ᠡᠷᠲᠡᠨ ᠤ ᠬᠤᠲᠠ ᠶᠢᠨ ᠡᠷᠲᠡᠨ ᠤ ᠬᠡᠷᠡᠮ ᠡᠷᠲᠡᠨ ᠤ ᠵᠠᠮ ᠢ ᠬᠠᠮᠠᠭᠠᠯᠠᠨ | ᠠᠰᠢᠭᠯᠠᠬᠤ︾ ᠬᠤᠶᠠᠷ ᠰᠡᠳᠦᠪ ᠢ ᠪᠡᠶᠡᠯᠡᠭᠦᠯᠬᠦ ᠳᠤ ᠣᠷᠣᠯᠴᠠᠵᠤ᠂ ᠰᠡᠳᠦᠪ ᠤᠨ ᠳᠤᠭᠤᠶᠢᠯᠠᠩ ᠤᠨ | ᠳᠤᠭᠤᠶᠢᠯᠠᠩ ᠤᠨ ᠳᠠᠷᠤᠭ᠎ᠠ ᠪᠣᠯᠤᠭᠰᠠᠨ ᠤ ᠬᠤᠪᠢ ᠳᠤ᠂ ᠳᠤᠭᠤᠶᠢᠯᠠᠩ ᠤᠨ ᠮᠡᠳᠡᠭᠦᠯᠦᠯᠲᠡ ᠪᠢᠴᠢᠪᠡ᠃ | ᠲᠡᠷᠡ ᠥᠪᠡᠷ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠴᠢᠳᠠᠪᠦᠷᠢᠳᠠᠨ ᠢ ᠵᠣᠬᠢᠶᠠᠨ ᠪᠠᠶᠢᠭᠤᠯᠬᠤ | ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠲᠠᠢ ᠬᠤᠯᠪᠣᠭᠠᠯᠠᠵᠤ | ᠂ ᠲᠣᠰ ᠲᠣᠰ ᠠᠶᠢᠪᠠᠭ᠎ᠠ ᠶᠢᠨ ᠶᠠᠷᠢᠶᠠᠨ ᠤ ᠲᠠᠪᠴᠠᠩ᠂ ᠬᠤᠰᠢᠭᠤᠨ ᠤ ᠨᠣᠮ ᠤᠨ ᠰᠠᠩ ᠤᠨ ᠶᠠᠷᠢᠶᠠᠨ ᠤ | ᠲᠠᠩᠬᠢᠮ ᠳᠤ ︽ᠲᠠᠯ᠎ᠠ ᠨᠤᠲᠤᠭ ᠤᠨ ᠬᠠᠳᠠᠨ ᠵᠢᠷᠤᠭ︾ ᠪᠠ ︽ᠲᠠᠯ᠎ᠠ ᠨᠤᠲᠤᠭ ᠤᠨ ᠰᠣᠶᠣᠯ︾ ᠤᠨ ᠲᠤᠰᠬᠠᠶ | ᠰᠡᠳᠦᠪᠲᠦ ᠲᠠᠶᠢᠯᠤᠮᠵᠢ ᠡᠷᠭᠢᠯᠡᠵᠦ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠣᠶᠣᠯ ᠤᠨ ᠠᠵᠢᠯ ᠤᠨ | ᠶᠠᠷᠢᠯᠴᠠᠬᠤ ᠬᠤᠷᠠᠯ ᠢ ᠭᠤᠷᠪᠠ ᠤᠳᠠᠭ᠎ᠠ ᠡᠷᠭᠢᠯᠡᠨ ᠬᠤᠷᠠᠯᠳᠤᠭᠤᠯᠵᠤ᠂ ᠵᠠᠩ ᠢ ᠵᠧᠦ᠂ ᠬᠤ᠋ ᠶᠦᠨ ᠬᠤᠶ᠂ | ᠹᠠᠩ ᠶᠢᠨ ᠯᠢᠶᠠᠩ ᠵᠡᠷᠭᠡ ᠲᠤᠯᠤᠭᠠᠨ ᠰᠣᠶᠣᠯ ᠤᠨ ᠵᠥᠪᠯᠡᠭᠴᠢ ᠶᠢ ᠤᠷᠢᠵᠤ᠂ 4 · 23 ᠳᠡᠯᠡᠬᠡᠶ ᠶᠢᠨ ᠨᠣᠮ | ᠤᠩᠰᠢᠬᠤ ᠡᠳᠦᠷ ᠤᠨ ᠠᠵᠢᠯᠯᠠᠭ᠎ᠠ ᠶᠢ ᠰᠡᠳᠦᠨ᠂ ᠲᠠᠷᠢᠶᠠᠯᠠᠬᠤ ᠣᠷᠣᠨ ᠤ ᠭᠤᠷᠪᠠᠨ ᠪᠠᠭ᠎ᠠ ᠰᠤᠷᠭᠠᠭᠤᠯᠢ ᠳᠤ 3 | ᠲᠦᠮᠡᠨ ᠲᠥᠭᠦᠷᠢᠭ ᠤᠨ ᠨᠣᠮ ᠬᠤᠳᠠᠯᠳᠤᠨ ᠠᠪᠴᠤ ᠥᠭᠴᠡᠶ᠃ | ᠪᠠᠭᠠᠲᠤᠷᠯᠢᠭ ᠲᠠᠷᠬᠠᠨ ᠮᠤᠤᠮᠢᠩᠭᠠᠨ ᠤ ᠪᠢᠴᠢᠯ ᠲᠠᠪᠴᠠᠩ ᠤᠨ ︽ᠭᠤᠪᠢ ᠶᠢᠨ ᠡᠮᠦᠨᠡᠳᠦ ᠶᠢᠨ ᠰᠠᠯᠬᠢ︾ | ᠲᠤᠰᠬᠠᠢ ᠪᠤᠯᠤᠩ ᠳᠤ ᠰᠠᠷ᠎ᠠ ᠪᠦᠷᠢ ᠨᠢᠭᠡ ᠬᠤᠭᠤᠴᠠᠭᠠᠨ ᠤ ᠰᠣᠶᠣᠯ ᠲᠡᠦᠬᠡ ᠶᠢᠨ ᠲᠦᠷᠦᠯ ᠤᠨ ᠵᠣᠬᠢᠶᠠᠯ ᠢ | ᠨᠡᠶᠢᠲᠡᠯᠡᠵᠦ᠂ ︽ ᠲᠡᠭᠷᠢ ᠭᠠᠵᠠᠷ ᠤᠨ ᠬᠠᠶᠠᠭᠠᠨ ᠳᠠᠬᠢ ᠲᠠᠷᠬᠠᠨ ᠮᠤᠤᠮᠢᠩᠭᠠᠨ ᠤ ᠬᠦᠮᠦᠰ︾ ᠭᠡᠬᠦ ᠲᠤᠰᠬᠠᠢ | ᠪᠤᠯᠤᠩ ᠳᠤ ᠨᠢᠭᠡ ᠪᠦᠯᠦᠭ ᠲᠠᠷᠬᠠᠨ ᠮᠤᠤᠮᠢᠩᠭᠠᠨ ᠨᠤᠳᠤᠭ ᠲᠠᠢ ᠰᠣᠶᠣᠯ ᠤᠷᠠᠯᠢᠭ ᠤᠨ ᠨᠡᠷᠡᠳᠦ ᠬᠥᠮᠦᠰ ᠤᠨ | ᠰᠦᠪᠡᠭᠴᠢ ᠶᠢ ᠬᠠᠩᠭᠠᠭᠰᠠᠨ ᠪᠠᠶᠢᠨ᠎ᠠ᠃ ︽ᠳᠠᠷᠬᠠᠨ ᠮᠤᠤᠮᠢᠩᠭᠠᠨ ᠢᠶᠠᠨ ᠬᠠᠶᠢᠷᠠᠯᠠᠨ ᠰᠣᠶᠣᠯ ᠵᠢᠭᠤᠯᠴᠢᠯᠠᠯ ᠳᠤ | ᠬᠤᠪᠢ ᠨᠡᠮᠡᠷᠢ ᠦᠵᠡᠭᠦᠯᠬᠦ︾ ᠶᠢ ᠢᠳᠡᠪᠬᠢᠲᠡᠶ ᠳᠠᠭᠠᠵᠤ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ | ᠠᠯᠪᠠᠨ ᠬᠡᠷ ᠲᠤ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠰᠠᠨᠠᠭᠤᠯᠭ᠎ᠠ ᠶᠢᠨ ᠡᠬᠡ ᠪᠢᠴᠢᠭ ᠬᠠᠩᠭᠠᠪᠠ᠃ | ᠲᠡᠭᠦᠨ ᠤ ᠪᠠᠶᠢᠭ᠎ᠠ ᠪᠠᠶᠢᠭᠤᠯᠭ᠎ᠠ ᠨᠢᠭᠡᠴᠡ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠳᠬ᠎ᠠ | ᠤᠷᠠᠯᠢᠭ ᠤᠨ ᠬᠤᠯᠪᠣᠭ᠎ᠠ 2024 ᠣᠨ ᠳᠤ ︽ᠥᠪᠡᠷᠲᠡᠭᠡᠨ ᠵᠠᠰᠠᠬᠤ ᠣᠷᠣᠨ ᠤ ᠤᠳᠬ᠎ᠠ ᠤᠷᠠᠯᠢᠭ ᠤᠨ | ᠤᠬᠠᠭᠤᠯᠭ᠎ᠠ ᠶᠢᠨ ᠲᠡᠷᠢᠭᠦᠨ ᠤ ᠬᠠᠮᠲᠤ︾ ᠪᠠᠷ ᠦᠨᠡᠯᠡᠭᠳᠡᠪᠡ᠃ |