ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠴᠤᠭ ᠵᠢᠪᠬᠤᠭ᠎ᠠ
ᠨᠡᠶᠢᠲᠡᠯᠡᠭᠰᠡᠨ ᠴᠠᠭ᠄
2025/1/12
      ᠤᠳᠤᠨᠳᠤᠶᠠᠭ᠎ᠠ᠄ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ ᠠᠷᠠᠳ ᠲᠦᠮᠡᠨ ᠳᠤ  ᠦᠢᠯᠡᠴᠢᠯᠡᠨ ᠪᠣᠳᠠᠲᠠᠢ ᠠᠵᠢᠯᠯᠠᠵᠤ ᠬᠥᠭᠵᠢᠯᠲᠡ ᠶᠢ ᠠᠬᠢᠭᠤᠯᠤᠨ᠎ᠠ      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ︽ᠬᠤᠶᠠᠷ ᠬᠤᠷᠠᠯ︾ ᠤᠳᠠᠯ ᠥᠬᠡᠶ ᠬᠤᠷᠠᠯᠳᠤᠬᠤ ᠭᠡᠵᠦ ᠪᠣᠶ᠂ ᠥᠩᠭᠡᠷᠡᠭᠰᠡᠨ ᠨᠢᠭᠡ ᠵᠢᠯ ᠢ ᠡᠷᠭᠢᠴᠡᠭᠦᠯᠬᠦ ᠳᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠭᠤᠤᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠤ ᠰᠢᠨ᠎ᠡ ᠶᠢ ᠡᠭᠦᠳᠴᠦ᠂ ᠪᠣᠳᠠᠲᠠᠢ ᠶᠢ ᠡᠷᠬᠢᠮᠯᠡᠨ ᠰᠠᠨᠠᠯ ᠰᠠᠨᠠᠭᠤᠯᠭ᠎ᠠ ᠲᠤᠷᠠᠳᠴᠤ᠂ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠤᠨ ᠲᠦᠯᠦᠭᠡ ᠦᠭᠡ ᠭᠡᠯᠡᠵᠦ᠂ ᠬᠤᠲᠠ ᠪᠠᠯᠭᠠᠰᠤᠨ ᠤ ᠬᠥᠭᠵᠢᠯᠲᠡ ᠳᠤ ᠠᠷᠭ᠎ᠠ ᠤᠬᠠᠭᠠᠨ  ᠭᠠᠷᠭᠠᠨ᠂ ᠤᠯᠤᠰ ᠲᠦᠷᠦ ᠶᠢᠨ ᠵᠦᠪᠯᠡᠯᠭᠡᠨ ᠤ ᠦᠢᠯᠡᠰ ᠲᠤ ᠥᠩᠭᠡ ᠭᠢᠯᠪᠠᠭ᠎ᠠ  ᠨᠡᠮᠡᠷᠢᠯᠡᠪᠡ᠃      ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠠᠵᠢᠯ ᠤᠨ ᠪᠠᠶᠢᠷᠢ ᠪᠠᠨ ᠬᠠᠶᠢᠷᠠᠯᠠᠵᠤ ᠦᠢᠯᠡᠰ ᠢᠶᠠᠨ ᠳᠡᠭᠡᠳᠦᠯᠡᠬᠦ ᠶᠢᠨ ᠲᠥᠯᠥᠭᠡ᠂ ᠰᠢᠷᠭᠠᠭᠤ ᠬᠠᠲᠠᠭᠤᠵᠢᠯᠲᠠᠶ ᠪᠠᠷ ᠠᠳᠠᠯ ᠦᠢᠯᠡᠰ ᠴᠣᠭᠴᠠᠯᠠᠬᠤ᠂ ᠠᠷᠠᠳ ᠤᠨ ᠲᠥᠯᠥᠭᠡ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠤᠭ ᠵᠢᠪᠬᠤᠭ᠎ᠠ ᠶᠢ ᠪᠠᠳᠠᠷᠠᠭᠠᠨ ︽  ᠪᠠᠭᠠᠳᠤᠷᠯᠢᠭ ᠲᠠᠷᠬᠠᠨ ᠮᠤᠤᠮᠢᠩᠭᠠᠨ︾  ᠤ ᠣᠯᠠᠨ ᠨᠡᠶᠢᠲᠡ ᠶᠢᠨ ᠳ᠋ᠤᠭᠠᠷ ᠢ ᠲᠤᠰᠬᠠᠶᠢᠯᠠᠨ ᠨᠡᠭᠡᠭᠡᠪᠡ᠃      ︽ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠴᠤᠭ ᠵᠢᠪᠬᠤᠭ᠎ᠠ︾ ᠲᠤᠰᠬᠠᠶ ᠪᠤᠯᠤᠩ ᠲᠡᠳᠡᠨ ᠤ ᠲᠤᠰᠢᠶᠠᠯ ᠢᠶᠠᠨ ᠭᠦᠢᠴᠡᠳᠭᠡᠭᠰᠡᠨ‌‍ᠰᠡᠳᠬᠢᠯ ᠤᠨ ᠳᠠᠭᠤᠨ ᠢ ᠲᠡᠮᠳᠡᠭᠯᠡᠨ᠂ ᠥᠨᠥᠳᠥᠷ ᠪᠢᠳᠡ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤᠳᠤᠨᠳᠤᠶᠠᠭ᠎ᠠ  ᠲᠠᠢ ᠲᠠᠨᠢᠯᠴᠠᠶ᠎ᠠ ᠃      ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠣᠯᠤᠭᠰᠠᠨ ᠤ ᠬᠤᠪᠢ ᠳᠤ᠂  ᠪᠠᠶᠢᠭᠠᠯᠢ ᠶᠢᠨ ᠡᠬᠢ ᠪᠠᠶᠠᠯᠢᠭ ᠤᠨ ᠠᠵᠢᠯᠲᠠᠨ ᠤᠳᠤᠨᠳᠤᠶᠠᠭ᠎ᠠ 2024 ᠣᠨ ᠳᠤ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠶ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠠᠬ᠎ᠠ ᠳᠡᠯᠭᠡᠭᠦᠷ ᠲᠤ ᠣᠷᠣᠭᠤᠯᠬᠤ ᠲᠤᠷᠰᠢᠯᠲᠠ ᠶᠢᠨ ᠴᠡᠭ ᠤᠨ ᠬᠡᠷᠡᠭᠵᠢᠭᠦᠯᠬᠦ ᠲᠥᠰᠦᠯ︾ ︽ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠶ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠠᠬ᠎ᠠ ᠳᠡᠯᠭᠡᠭᠦᠷ ᠲᠤ ᠣᠷᠣᠭᠤᠯᠬᠤ ᠲᠤᠷᠰᠢᠯᠲᠠ ᠶᠢᠨ ᠴᠡᠭ ᠤᠨ ᠠᠵᠢᠯ ᠤᠨ ᠬᠠᠮᠢᠶᠠᠷᠤᠯᠲᠠ ᠶᠢᠨ ᠠᠷᠭ᠎ᠠ︾ ᠶᠢ ᠠᠬᠢᠭᠤᠯᠤᠨ ᠨᠡᠶᠢᠲᠡᠯᠡᠵᠦ᠂ ᠬᠠᠮᠲᠤ ᠶᠢᠨ ᠡᠵᠡᠩᠨᠡᠯᠲᠡ ᠶᠢᠨ ᠴᠢᠨᠠᠷᠲᠠᠶ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ 8 ᠬᠡᠰᠡᠭ᠂ 233.08 ᠮᠦ  ᠭᠠᠵᠠᠷ ᠰᠢᠷᠤᠢ ᠶᠢ  ᠰᠢᠯᠵᠢᠬᠦᠯᠦᠨ ᠬᠤᠳᠠᠯᠳᠤᠬᠤ  ᠶᠢ ᠳᠥᠯᠭᠢᠨ ᠠᠬᠢᠭᠤᠯᠪᠠ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠢ ᠰᠢᠭᠤᠢ ᠶᠢᠨ ᠡᠷᠬᠡ᠂ ᠬᠥᠳᠡᠭᠡ ᠲᠣᠰᠬᠤᠨ ᠤ ᠭᠠᠵᠠᠷ ᠰᠢᠷᠣᠢ ᠶᠢᠨ ᠳᠠᠭᠠᠭᠠᠴᠢᠯᠠᠨ ᠡᠵᠡᠩᠨᠡᠬᠦ ᠡᠷᠬᠡ ᠪᠣᠯᠤᠨ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢ ᠦᠯᠦ ᠬᠥᠳᠡᠯᠬᠦ ᠬᠥᠷᠥᠩᠭᠡ ᠶᠢᠨ ᠳᠠᠩᠰᠠᠯᠠᠯᠲᠠ ᠳᠤ ᠣᠷᠣᠭᠤᠯᠬᠤ ᠶᠢ ᠭᠦᠨᠵᠡᠭᠡᠢ ᠠᠬᠢᠭᠤᠯᠵᠤ᠂ ᠭᠤᠷᠪᠠᠨ ᠲᠦᠷᠦᠯ ᠤᠨ ᠦᠯᠦ ᠬᠥᠳᠡᠯᠬᠦ ᠬᠦᠷᠦᠩᠭᠡ ᠶᠢᠨ ᠡᠷᠬᠡ ᠶᠢᠨ ᠦᠨᠡᠮᠯᠡᠯ ᠣᠯᠭᠤᠬᠤ ᠳᠤ ᠪᠠᠲᠤ ᠪᠠᠬᠢ ᠰᠠᠭᠤᠷᠢ ᠶᠢ ᠲᠠᠯᠪᠢᠵᠠᠢ᠃      ᠤᠳᠤᠨᠳᠤᠶᠠᠭ᠎ᠠ ᠤᠷᠢᠳ ᠬᠤᠵᠢᠳ ︽ᠮᠠᠯᠵᠢᠬᠤ ᠣᠷᠣᠨ ᠤ ᠨᠤᠲᠤᠭ ᠪᠡᠯᠴᠢᠭᠡᠷ ᠢ ᠬᠦᠷᠢᠶᠡᠯᠡᠬᠦ ᠲᠤᠬᠠᠢ ᠰᠠᠨᠠᠭᠤᠯᠭ᠎ᠠ︾᠂ ︽ᠲᠠᠷᠢᠶᠠᠨ ᠭᠠᠵᠠᠷ ᠤᠨ ᠠᠮᠤ ᠪᠤᠳᠠᠭᠠᠨ ᠤ ᠠᠮᠤᠷ ᠲᠦᠪᠰᠢᠨ ᠢ ᠬᠠᠮᠠᠭᠠᠯᠠᠬᠤ ᠲᠤᠬᠠᠢ ᠰᠠᠨᠠᠭᠤᠯᠭ᠎ᠠ︾᠂ ︽ᠬᠢᠯᠢ ᠬᠢᠵᠠᠭᠠᠷ ᠣᠷᠣᠨ ᠤ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠬᠤ ᠲᠤᠬᠠᠢ ᠰᠠᠨᠠᠭᠤᠯᠭ᠎ᠠ︾ ᠵᠡᠷᠭᠡ ᠠᠷᠠᠳ ᠤᠨ ᠠᠮᠢᠳᠤᠷᠠᠯ ᠤᠨ ᠠᠰᠠᠭᠤᠳᠠᠯ ᠢ ᠲᠤᠰᠬᠠᠭᠰᠠᠨ ᠰᠠᠨᠠᠯ ᠳᠤᠷᠠᠳᠤᠯᠭ᠎ᠠ ᠶᠢ ᠲᠤᠭᠤᠷᠪᠢᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠴᠢᠬᠤᠯᠠᠴᠢᠯᠠᠯ ᠪᠠ ᠨᠠᠶᠢᠳᠠᠪᠤᠷᠢᠵᠢᠭᠤᠯᠤᠯᠲᠠ ᠶᠢ ᠣᠯᠵᠠᠢ᠃      ᠬᠤᠶᠢᠰᠢᠳᠠ᠂ ᠤᠳᠤᠨᠳᠤᠶᠠᠭ᠎ᠠ ᠡᠭᠦᠷᠭᠡ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ᠂ ᠠᠷᠠᠳ ᠤᠯᠠᠨ ᠤ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠢ ᠦᠷᠭᠦᠯᠵᠢᠯᠡᠨ ᠠᠩᠬᠠᠷᠴᠤ᠂ ᠲᠡᠳᠡᠨ ᠢ ᠬᠠᠪᠰᠤᠷᠤᠨ ᠠᠰᠠᠭᠤᠳᠠᠯ ᠢ ᠨᠢ ᠰᠢᠢᠳᠪᠦᠷᠢᠯᠡᠵᠦ᠂ ᠪᠣᠳᠠᠲᠠᠢ ᠶᠠᠪᠤᠳᠠᠯ᠂ ᠰᠠᠶᠢᠨ ᠶᠠᠪᠤᠳᠠᠯ ᠬᠢᠵᠦ᠂  ᠦᠵᠡᠰᠬᠦᠯᠡᠩᠳᠦ ᠰᠠᠶᠢᠬᠠᠨ ᠲᠠᠷᠬᠠᠨ ᠮᠤᠤᠮᠢᠩᠭᠠᠨ ᠢᠶᠠᠨ ᠴᠤᠭᠴᠠᠯᠠᠨ ᠪᠠᠶᠢᠭᠤᠯᠬᠤ ᠳᠤ ᠥᠪᠡᠷ ᠤᠨ  ᠬᠦᠴᠦᠨ ᠴᠢᠳᠠᠯ ᠢᠶᠠᠨ  ᠡᠷᠬᠦᠨ᠎ᠡ ᠭᠡᠵᠦ ᠢᠯᠡᠳᠬᠡᠪᠡ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号