ᠠᠷᠠᠳ ᠤᠨ ᠳᠥᠯᠦᠭᠡᠯᠡᠭᠴᠢᠳ ᠤᠨ ᠴᠤᠭ ᠵᠢᠪᠬᠤᠭ᠎ᠠ
ᠨᠡᠶᠢᠲᠡᠯᠡᠭᠰᠡᠨ ᠴᠠᠭ᠄
2025/1/12
      ᠰᠢᠵᠢᠷ᠄ ᠠᠷᠠᠳ ᠤᠨ ᠰᠠᠨᠠᠯ ᠢ ᠰᠣᠨᠣᠰᠴᠤ ᠦᠨᠳᠦᠰᠦᠨ ᠱᠠᠲᠤᠨ ᠤ ᠠᠷᠠᠳ ᠲᠦᠮᠡᠨ ᠤ ᠲᠥᠯᠥᠭᠡ ᠦᠢᠯᠡᠴᠢᠯᠡᠨ᠎ᠡ      ᠲᠠᠷᠬᠠᠨ ᠮᠤᠤᠮᠢᠩᠭᠠᠨ ᠤ ᠥᠷᠭᠡᠨ ᠠᠭᠤᠳᠠᠮ ᠳᠠᠯ᠎ᠠ ᠨᠤᠲᠤᠭ ᠲᠤ ᠬᠥᠭᠵᠢᠯᠲᠡ ᠶᠢᠨ ᠠᠶᠠᠯᠭᠤ ᠰᠣᠨᠣᠰᠳᠠᠵᠤ᠂ ᠡᠷᠡᠯᠬᠡᠭᠯᠡᠨ ᠤᠷᠤᠭᠰᠢᠯᠠᠬᠤ ᠬᠠᠩᠭᠢᠨᠠᠮ᠎ᠠ ᠳᠠᠭᠤᠨ  ᠴᠤᠤᠷᠢᠶᠠᠳᠤᠨ᠎ᠠ᠃ ᠡᠨᠡᠬᠦ ᠬᠦᠰᠡᠯ ᠡᠷᠡᠮᠡᠯᠵᠡᠯ ᠢᠶᠠᠷ ᠪᠢᠯᠬᠠᠭᠰᠠᠨ ᠬᠠᠯᠠᠭᠤᠨ ᠬᠥᠷᠥᠰᠥᠨ ᠳᠤ ᠨᠤᠲᠤᠭ ᠤᠰᠤ ᠲᠠᠢ ᠪᠠᠨ ᠰᠡᠳᠬᠢᠯ ᠵᠢᠷᠦᠬᠡ ᠪᠠᠨ ᠬᠤᠯᠪᠤᠭᠰᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠬᠥᠭᠵᠢᠶᠡᠨᠲᠡᠢ ᠠᠵᠢᠯᠯᠠᠵᠤ᠂ ᠴᠠᠭ ᠢᠮᠠᠭᠲᠠ ᠠᠷᠠᠳ ᠤᠯᠠᠨ ᠤ ᠠᠮᠢᠳᠤᠷᠠᠯ ᠳᠤ ᠰᠠᠨᠠᠭ᠎ᠠ ᠰᠡᠳᠬᠢᠯ ᠲᠠᠯᠪᠢᠵᠤ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠲᠠᠷᠬᠠᠨ ᠮᠤᠤᠮᠢᠩᠭᠠᠨ ᠤ ᠴᠢᠨᠠᠷ ᠰᠠᠶᠢᠲᠠᠢ ᠬᠥᠭᠵᠢᠯᠲᠡ ᠳᠤ ᠥᠪᠡᠷ ᠤᠨ ᠬᠦᠴᠦᠨ ᠴᠢᠳᠠᠯ ᠢᠶᠠᠨ ᠡᠷᠭᠦᠵᠦ ᠶᠠᠪᠤᠨ᠎ᠠ᠃      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ︽ᠬᠤᠶᠠᠷ ᠬᠤᠷᠠᠯ︾ ᠤᠳᠠᠯ ᠥᠬᠡᠶ ᠬᠤᠷᠠᠯᠳᠤᠬᠤ ᠬᠡᠵᠥ ᠪᠠᠶᠢᠭ᠎ᠠ ᠳᠠᠰᠢᠷᠠᠮ ᠪᠠᠷ᠂ ︽ᠪᠠᠭᠠᠳᠤᠷᠯᠢᠭ ᠲᠠᠷᠬᠠᠨ ᠮᠤᠤᠮᠢᠩᠭᠠᠨ︾  ᠤ ᠣᠯᠠᠨ ᠨᠡᠶᠢᠲᠡ ᠶᠢᠨ ᠳ᠋ᠤᠭᠠᠷ ᠲᠤ  ᠪᠠᠨ ︽ᠠᠷᠠᠳ ᠤᠨ ᠳᠥᠯᠦᠭᠡᠯᠡᠭᠴᠢᠳ ᠤᠨ ᠴᠤᠭ ᠵᠢᠪᠬᠤᠭ᠎ᠠ︾ ᠲᠤᠰᠬᠠᠢ ᠪᠤᠯᠤᠩ ᠭᠠᠷᠭᠠᠵᠤ᠂ ᠲᠠᠨ ᠢ ᠳᠠᠭᠠᠭᠤᠯᠤᠨ ᠲᠥᠯᠥᠭᠡᠯᠡᠭᠴᠢᠳ ᠤᠨ ᠴᠤᠭ ᠵᠢᠪᠬᠤᠭ᠎ᠠ ᠪᠣᠯᠤᠨ ᠡᠭᠦᠷᠭᠡᠯᠡᠯ ᠢ ᠣᠶᠢᠯᠠᠭᠠᠭᠤᠯᠪᠠ᠃ ᠥᠨᠥᠳᠥᠷ ‍ᠤᠨ‌‍ᠳᠤᠭᠠᠷ ᠲᠤ ︽ᠰᠢᠵᠢᠷ᠄ ᠠᠷᠠᠳ ᠤᠨ ᠰᠠᠨᠠᠯ ᠢ ᠰᠣᠨᠣᠰᠴᠤ ᠦᠨᠳᠦᠰᠦᠨ ᠱᠠᠲᠤᠨ ᠤ ᠠᠷᠠᠳ ᠲᠦᠮᠡᠨ ᠤ ᠲᠥᠯᠥᠭᠡ ᠦᠢᠯᠡᠴᠢᠯᠡᠨ᠎ᠡ︾ ᠲᠠᠢ ᠵᠤᠯᠭᠠᠶ᠎ᠠ᠃      ᠨᠢᠭᠡᠨ ᠠᠷᠠᠳ ᠤᠨ ᠲᠥᠯᠥᠭᠡᠯᠡᠭᠴᠢ ᠪᠣᠯᠤᠭᠰᠠᠨ  ᠨᠢ᠂ ᠰᠢᠵᠢᠷ ᠲᠤ ᠲᠦᠢᠯ ᠤᠨ ᠢᠷᠠᠭᠤ ᠠᠯᠳᠠᠷᠲᠠᠢ ᠪᠥᠭᠡᠳ ᠣᠮᠣᠭᠰᠢᠯᠲᠠᠢ ᠰᠠᠨᠠᠭᠳᠠᠪᠠ᠃ ᠠᠷᠠᠳ ᠲᠦᠮᠡᠨ ᠤ ᠰᠡᠳᠬᠢᠯ ᠤᠨ ᠲᠠᠭᠤᠨ ᠢ ᠰᠣᠨᠣᠰᠴᠤ᠂ ᠣᠯᠠᠨ ᠲᠦᠮᠡᠨ ᠤ ᠪᠠᠴᠢᠮᠳᠠᠵᠤ ᠪᠠᠶᠢᠭ᠎ᠠ ᠵᠦᠢᠯ ᠳᠤ ᠪᠠᠴᠢᠮᠳᠡᠨ ᠰᠠᠨᠳᠣᠷᠴᠤ᠂ ᠣᠯᠠᠨ ᠲᠦᠮᠡᠨ ᠤ ᠪᠤᠳᠤᠵᠤ ᠪᠠᠶᠢᠭ᠎ᠠ ᠵᠦᠢᠯ ᠢ ᠪᠤᠳᠤᠨ᠂ ᠠᠷᠠᠳ ᠣᠯᠠᠨ ᠤ ᠪᠠᠴᠢᠮᠳᠠᠵᠥ ᠬᠥᠴᠡᠷᠳᠡᠵᠥ ᠵᠤᠪᠠᠨᠢᠵᠥ ᠬᠥᠰᠡᠭᠰᠡᠨ ᠢ ᠬᠤᠰᠢᠭᠤᠨ ᠨᠠᠮ ᠤᠨ ᠬᠤᠷᠢᠶ᠎ᠠ ᠶᠢᠨ ᠳᠥᠯᠥᠪᠵᠢᠬᠦᠯᠥᠯᠭᠡ᠂ ᠵᠠᠰᠠᠭ ᠤᠨ ᠣᠷᠳᠣᠨ ᠤ ᠠᠵᠢᠯ ᠲᠠᠢ ᠨᠢᠭᠲᠠ ᠤᠶᠠᠯᠳᠤᠭᠤᠯᠵᠤ᠂ ᠠᠷᠠᠳ ᠣᠯᠠᠨ ᠳᠤ ᠵᠣᠯ ᠵᠢᠷᠭᠠᠯ ᠢ ᠡᠳ᠋ᠯᠡᠭᠦᠯᠦᠨ᠎ᠡ᠃ 2024 ᠣᠨ ᠳᠤ᠂ ᠰᠢ ᠾᠧ ᠰᠢᠶᠠᠩ ᠨᠢ ᠨᠠᠮ ᠤᠨ ᠡᠭᠦᠷ ᠠᠴᠠ ᠳᠠᠭᠠᠭᠤᠯᠤᠨ ᠬᠤᠷᠰᠢᠶᠠᠵᠢᠯ ᠢ ᠡᠷᠬᠢᠯᠡᠬᠦ ᠪᠠᠷ ᠭᠠᠷᠳᠠᠴᠠ ᠪᠣᠯᠭᠠᠵᠤ᠂ 568 ᠲᠠᠷᠢᠶᠠᠴᠢᠨ ᠡᠷᠦᠬᠡ᠂ ᠲᠦᠮᠡ ᠭᠠᠷᠤᠢ ᠮᠦ ᠭᠠᠵᠠᠷ ᠰᠢᠷᠣᠢ ᠶᠢ ᠰᠢᠩᠭᠡᠭᠡᠨ ᠠᠪᠴᠤ᠂ ︽ᠨᠢᠭᠡᠳᠦᠯᠲᠡᠢ ᠲᠠᠷᠢᠬᠤ︾ ᠠᠵᠢᠯᠯᠠᠭ᠎ᠠ ᠥᠷᠨᠢᠭᠦᠯᠵᠦ᠂ ᠲᠠᠷᠢᠮᠠᠯ ᠤᠨ ᠡᠭᠦᠯᠳᠡᠷ ᠢ ᠤᠤᠯ ᠤᠨ ᠲᠠᠩ ᠭᠠᠭᠴᠠ ᠨᠡᠷᠡᠨ ᠬᠤᠸᠠᠷ᠂ ᠡᠷᠳᠡᠨᠢ ᠰᠢᠰᠢ ᠪᠠᠶᠢᠭᠰᠠᠨ ᠠᠴᠠ ᠠᠭᠠᠵᠢᠮ ᠢᠶᠠᠷ ᠤᠳᠤ ᠶᠢᠨ ᠤᠯᠠᠨ ᠡᠰᠢᠲᠦ ᠬᠠᠭᠤᠷᠠᠢ ᠭᠠᠵᠠᠷ ᠤᠨ ᠨᠣᠬᠠᠢ ᠶᠢᠨ ᠬᠤᠰᠢᠭᠤ ᠶᠢᠨ ᠡᠪᠡᠰᠦ᠂ ᠬᠤᠨᠴᠢᠷ᠂ ᠬᠠᠪᠲᠠᠰᠤ ᠶᠢᠨ ᠬᠦᠬᠡ ᠦᠨᠳᠦᠰᠦ᠂ ᠪᠧᠢ ᠪᠧᠢ ᠯᠠᠩᠭᠤᠸᠠ ᠶᠢ ᠣᠷᠣᠭᠤᠯᠤᠨ ᠠᠪᠴᠢᠷᠠᠵᠤ᠂ ᠠᠰᠢᠭ ᠬᠤᠪᠢᠶᠠᠷᠢᠯᠠᠭᠰᠠᠨ ᠵᠣᠭᠤᠰ ᠤᠨ ᠲᠤᠭ᠎ᠠ ᠨᠢ 300 ᠭᠠᠷᠤᠢ ᠲᠦᠮᠡᠨ ᠲᠥᠭᠦᠷᠢᠭ ᠲᠤ ᠬᠥᠷᠴᠡᠢ︔ ᠡᠭᠦᠨ ᠤ ᠬᠠᠮᠲᠤ 100 ᠭᠠᠷᠤᠢ ᠲᠠᠷᠢᠶᠠᠴᠢᠨ ᠡᠷᠦᠬᠡ ᠶᠢᠨ2000 ᠭᠠᠷᠤᠢ ᠬᠤᠨᠢ ᠶᠢ ︽ᠨᠢᠭᠡᠳᠦᠯᠲᠡᠢ ᠲᠡᠵᠢᠭᠡᠵᠦ︾᠂ ᠨᠢᠭᠡᠳᠦᠯᠲᠡᠢ ᠬᠠᠮᠢᠶᠠᠷᠬᠤ᠂ ᠨᠢᠭᠡᠳᠦᠯᠲᠡᠢ ᠲᠡᠵᠢᠭᠡᠨ ᠦᠷᠡᠵᠢᠭᠦᠯᠬᠦ᠂ ᠨᠢᠭᠡᠳᠦᠯᠲᠡᠢ ᠬᠢᠵᠢᠭ ᠰᠡᠷᠭᠡᠶᠢᠯᠡᠬᠦ᠂ ᠨᠢᠭᠡᠳᠦᠯᠲᠡᠢ ᠪᠣᠷᠣᠯᠠᠭᠤᠯᠬᠤ ᠵᠠᠭᠪᠤᠷ ᠢᠶᠠᠷ ᠲᠡᠵᠢᠭᠡᠨ ᠦᠷᠡᠵᠢᠭᠦᠯᠬᠦ ᠶᠢᠨ ᠬᠤᠴᠣᠷᠤᠩᠭᠤᠢ ᠠᠰᠠᠭᠤᠳᠠᠯ ᠢ ᠰᠢᠢᠳᠪᠦᠷᠢᠯᠡᠵᠦ᠂ ᠲᠠᠯ᠎ᠠ ᠨᠤᠲᠤᠭ ᠤᠨ ᠠᠮᠢ ᠠᠬᠤᠢ ᠨᠡᠩ ᠰᠠᠶᠢᠬᠠᠨ᠂ ᠠᠵᠤ ᠦᠢᠯᠡᠰ ᠤᠨ ᠤᠶᠠᠨ ᠬᠠᠲᠠᠨ ᠴᠢᠨᠠᠷ ᠨᠡᠩ ᠴᠢᠩᠭ᠎ᠠ᠂ ᠤᠯᠠᠨ ᠲᠦᠮᠡᠨ ᠤ ᠣᠷᠣᠯᠭ᠎ᠠ ᠨᠡᠩ  ᠥᠨᠳᠥᠷ ᠮᠠᠯ ᠠᠵᠤ ᠠᠬᠤᠢ ᠶᠢᠨ ᠤᠳᠤ ᠦᠶ᠎ᠡ ᠶᠢᠨ ᠬᠥᠭᠵᠢᠯᠲᠡ ᠶᠢᠨ ᠪᠠᠶᠢᠷᠢᠰᠢᠯ ᠢ ᠴᠣᠭᠴᠠᠯᠠᠨ ᠪᠠᠶᠢᠭᠤᠯᠪᠠ᠃      2025 ᠣᠨ ᠳᠤ᠂ ᠰᠢᠵᠢᠷ ᠠᠷᠠᠳ ᠤᠨ ᠲᠥᠯᠥᠭᠡᠯᠡᠭᠴᠢ ᠶᠢᠨ ᠣᠯᠠᠨ ᠲᠦᠮᠡᠨ ᠲᠠᠢ ᠨᠢᠭᠲᠠ ᠬᠠᠷᠢᠯᠴᠠᠬᠤ ᠳᠠᠪᠠᠭᠤᠯᠢᠭ ᠢᠶᠠᠨ ᠦᠷᠭᠦᠯᠵᠢᠯᠡᠨ ᠪᠠᠳᠠᠷᠠᠭᠤᠯᠵᠤ᠂ ᠨᠠᠩ ᠣᠯᠠᠨ ᠮᠠᠯᠴᠢᠨ ᠲᠠᠷᠢᠶᠠᠴᠢᠨ ᠤ ᠬᠤᠷᠰᠢᠶ᠎ᠠ ᠳᠤ ᠬᠤᠪᠢ ᠣᠷᠣᠬᠤ ᠶᠢ ᠵᠣᠷᠢᠭᠵᠢᠭᠤᠯᠵᠤ᠂ ︽ᠨᠢᠭᠡᠳᠦᠯᠲᠡᠶ ᠳᠠᠷᠢᠬᠤ︾᠂ ︽ᠨᠢᠭᠡᠳᠦᠯᠲᠡᠶ ᠲᠡᠵᠢᠭᠡᠬᠦ︾ ᠬᠤᠤᠰ ᠬᠦᠷᠳᠦ ᠪᠠᠷ ᠬᠥᠳᠡᠯᠭᠡᠭᠦᠷ ᠪᠣᠯᠭᠠᠭᠰᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠵᠠᠭᠪᠤᠷ ᠢ ᠪᠣᠶ ᠪᠣᠯᠭᠠᠵᠤ᠂ ᠲᠣᠰᠬᠤᠨ ᠤ ᠬᠠᠮᠲᠤ ᠨᠡᠶᠢᠲᠡ ᠠᠰᠢᠭ ᠬᠤᠨᠵᠢᠪᠣᠷᠢ ᠲᠠᠢ᠂ ᠲᠠᠷᠢᠶᠠᠴᠢᠳ ᠠᠰᠢᠭ ᠭᠥᠷᠳᠡᠬᠦ ᠰᠠᠶᠢᠨ ᠨᠥᠬᠦᠴᠡᠯᠳᠦᠯ ᠢ ᠪᠡᠶᠡᠯᠡᠭᠦᠯᠦᠨ᠎ᠡ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号