ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠴᠤᠭ ᠵᠢᠪᠬᠤᠭ᠎ᠠ
ᠨᠡᠶᠢᠲᠡᠯᠡᠭᠰᠡᠨ ᠴᠠᠭ᠄
2025/1/12
      ᠸᠠᠩ ᠶᠠ ᠨᠠᠨ᠄ ᠤᠯᠠᠨ ᠲᠦᠮᠡᠨ ᠤ ᠳᠡᠷᠭᠡᠳᠡᠬᠢ ᠤᠴᠢᠷ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠲᠤᠰᠢᠶᠠᠯ ᠬᠠᠷᠢᠭᠤᠴᠠᠯᠭ᠎ᠠ  ᠶᠢᠨ ︽ᠬᠦᠴᠦᠯᠡᠬᠦ ᠴᠡᠭ︾ ᠢ ᠦᠨᠡᠨᠬᠦ  ᠡᠷᠢᠵᠤ ᠤᠯᠪᠠ      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ︽ᠬᠤᠶᠠᠷ ᠬᠤᠷᠠᠯ︾ ᠤᠳᠠᠯ ᠥᠬᠡᠶ ᠬᠤᠷᠠᠯᠳᠤᠬᠤ ᠭᠡᠵᠦ ᠪᠣᠶ᠂ ᠥᠩᠭᠡᠷᠡᠭᠰᠡᠨ ᠨᠢᠭᠡ ᠵᠢᠯ ᠢ ᠡᠷᠭᠢᠴᠡᠭᠦᠯᠬᠦ ᠳᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠭᠤᠤᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠤ ᠰᠢᠨ᠎ᠡ ᠶᠢ ᠡᠭᠦᠳᠴᠦ᠂ ᠪᠣᠳᠠᠲᠠᠢ ᠶᠢ ᠡᠷᠬᠢᠮᠯᠡᠨ ᠰᠠᠨᠠᠯ ᠰᠠᠨᠠᠭᠤᠯᠭ᠎ᠠ ᠲᠤᠷᠠᠳᠴᠤ᠂ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠤᠨ ᠲᠦᠯᠦᠭᠡ ᠦᠭᠡ ᠭᠡᠯᠡᠵᠦ᠂ ᠬᠤᠲᠠ ᠪᠠᠯᠭᠠᠰᠤᠨ ᠤ ᠬᠥᠭᠵᠢᠯᠲᠡ ᠳᠤ ᠠᠷᠭ᠎ᠠ ᠤᠬᠠᠭᠠᠨ  ᠭᠠᠷᠭᠠᠨ᠂ ᠤᠯᠤᠰ ᠲᠦᠷᠦ ᠶᠢᠨ ᠵᠦᠪᠯᠡᠯᠭᠡᠨ ᠤ ᠦᠢᠯᠡᠰ ᠲᠤ ᠥᠩᠭᠡ ᠭᠢᠯᠪᠠᠭ᠎ᠠ  ᠨᠡᠮᠡᠷᠢᠯᠡᠪᠡ᠃      ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠠᠵᠢᠯ ᠤᠨ ᠪᠠᠶᠢᠷᠢ ᠪᠠᠨ ᠬᠠᠶᠢᠷᠠᠯᠠᠵᠤ ᠦᠢᠯᠡᠰ ᠢᠶᠠᠨ ᠳᠡᠭᠡᠳᠦᠯᠡᠬᠦ ᠶᠢᠨ ᠲᠥᠯᠥᠭᠡ᠂ ᠰᠢᠷᠭᠠᠭᠤ ᠬᠠᠲᠠᠭᠤᠵᠢᠯᠲᠠᠶ ᠪᠠᠷ ᠠᠳᠠᠯ ᠦᠢᠯᠡᠰ ᠴᠣᠭᠴᠠᠯᠠᠬᠤ᠂ ᠠᠷᠠᠳ ᠤᠨ ᠲᠥᠯᠥᠭᠡ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠤᠭ ᠵᠢᠪᠬᠤᠭ᠎ᠠ ᠶᠢ ᠪᠠᠳᠠᠷᠠᠭᠠᠨ       ︽  ᠪᠠᠭᠠᠳᠤᠷᠯᠢᠭ ᠲᠠᠷᠬᠠᠨ ᠮᠤᠤᠮᠢᠩᠭᠠᠨ︾  ᠤ ᠣᠯᠠᠨ ᠨᠡᠶᠢᠲᠡ ᠶᠢᠨ ᠳ᠋ᠤᠭᠠᠷ ᠢ ᠲᠤᠰᠬᠠᠶᠢᠯᠠᠨ ᠨᠡᠭᠡᠭᠡᠪᠡ᠃    ︽ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠴᠤᠭ ᠵᠢᠪᠬᠤᠭ᠎ᠠ︾ ᠲᠤᠰᠬᠠᠶ ᠪᠤᠯᠤᠩ ᠲᠡᠳᠡᠨ ᠤ ᠲᠤᠰᠢᠶᠠᠯ ᠢᠶᠠᠨ ᠭᠦᠢᠴᠡᠳᠭᠡᠭᠰᠡᠨ‌‍ᠰᠡᠳᠬᠢᠯ ᠤᠨ ᠳᠠᠭᠤᠨ ᠢ ᠲᠡᠮᠳᠡᠭᠯᠡᠨ᠂ ᠥᠨᠥᠳᠥᠷ ᠪᠢᠳᠡ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ‌‍ᠸᠠᠩ ᠶᠠ ᠨᠠᠨ ᠲᠠᠢ ᠲᠠᠨᠢᠯᠴᠠᠶ᠎ᠠ ᠃      ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠪᠣᠯᠤᠭᠰᠠᠨ ᠤ ᠬᠤᠪᠢ ᠳᠤ᠂ ᠸᠠᠩ ᠶᠠ ᠨᠠᠨ ᠪᠣᠳᠠᠲᠤ ᠠᠵᠢᠯᠯᠠᠭ᠎ᠠ ᠪᠠᠷ ᠢᠶᠠᠨ ᠭᠡᠰᠢᠭᠦᠳ ᠤᠨ ᠪᠣᠳᠠᠲᠠᠢ ᠠᠵᠢᠯᠯᠠᠬᠤ᠂ ᠬᠠᠷᠢᠭᠤᠴᠠᠯᠭ᠎ᠠ ᠪᠠ ᠡᠭᠦᠷᠭᠡᠯᠡᠯ ᠢ ᠪᠢᠴᠢᠭᠯᠡᠵᠦ᠂ ᠭᠡᠰᠢᠭᠦᠳ ᠤᠨ ᠡᠭᠦᠷᠭᠡ ᠴᠢᠳᠠᠪᠬᠢ ᠶᠢᠨ ᠦᠢᠯᠡᠳᠦᠯ ᠢ ᠢᠳᠡᠪᠬᠢᠲᠡᠢ ᠪᠠᠳᠠᠷᠠᠭᠤᠯᠪᠠ᠃ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ᠂ ᠲᠡᠷᠡ ᠢᠮᠠᠭᠲᠠ ᠠᠷᠠᠳ ᠤᠨ ᠠᠮᠢᠳᠤᠷᠠᠯ ᠤᠨ ᠪᠣᠳᠠᠲᠤ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠨᠠᠰᠤᠲᠠᠶᠢᠴᠤᠳ ᠪᠠ ᠨᠢᠯᠬᠠᠰ︾ ᠤᠨ  ᠲᠤᠳᠤᠷᠠᠬᠢ  ᠨᠠᠰᠤᠳᠠᠶᠢᠴᠤᠳ ᠭᠡᠬᠦ  ᠭᠤᠣᠯᠳᠠᠯᠭ᠎ᠠ ᠶᠢ ᠠᠳᠬᠤᠵᠤ᠂ ᠤᠯᠠᠨ ᠲᠦᠮᠡᠨ ᠤ ᠠᠵᠢᠯᠯᠠᠭᠠᠨ ᠤ ᠲᠠᠯᠠᠪᠤᠷ ᠠᠴᠠ ᠨᠡᠯᠢᠶᠡᠳ ᠬᠤᠯᠠ ᠪᠠᠶᠢᠬᠤ ᠠᠰᠠᠭᠤᠳᠠᠯ ᠤᠨ ᠲᠣᠭᠤᠷᠢᠨ ᠳᠤ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠡᠢ᠃ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠢᠳᠡᠪᠬᠢᠲᠡᠶ ᠪᠠᠷ ᠠᠩᠬᠠᠨ ᠤ ᠪᠠᠶᠢᠳᠠᠯ ᠪᠠ ᠦᠨ᠎ᠡ ᠥᠷᠲᠡᠭ ᠲᠠᠢ ᠰᠠᠨᠠᠯ ᠰᠠᠨᠠᠭᠤᠯᠭ᠎ᠠ ᠶᠢ ᠲᠤᠰᠬᠠᠵᠤ᠂ ︽ᠵᠠᠰᠠᠭ︾ ᠤᠨ ᠡᠨᠧᠷᠭᠢ ᠶᠢ ᠲᠠᠰᠤᠷᠠᠯᠳᠠ ᠦᠭᠡᠢ ᠳᠠᠮᠵᠢᠭᠤᠯᠵᠤ᠂ ᠰᠢᠨ᠎ᠡ ᠴᠠᠭ ᠦᠶ᠎ᠡ ᠶᠢᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠢᠨ᠎ᠡ ᠪᠠᠶᠢᠳᠠᠯ ᠢ ᠢᠯᠡᠷᠡᠬᠦᠯᠪᠡ᠃ ᠡᠯ᠎ᠡ ᠲᠠᠯ᠎ᠠ ᠶᠢᠨ ᠴᠢᠷᠮᠠᠶᠢᠯᠭ᠎ᠠ ᠪᠠᠷ ᠳᠡᠮᠵᠢᠨ᠂ ᠪᠠᠲᠤᠬᠠᠭᠠᠯᠭ᠎ᠠ ᠪᠠᠯᠭᠠᠰᠤ 86 ᠲᠦᠮᠡᠨ ᠲᠥᠭᠦᠷᠢᠭ ᠤᠨ ᠪᠡᠯᠡ ᠣᠷᠣᠭᠤᠯᠵᠤ ᠪᠠᠶᠠᠨ ᠵᠡᠬᠦᠨ ᠲᠣᠭᠤᠷᠢᠭ᠂ ᠵᠢᠦ ᠯᠦᠩ ᠱᠠᠨ ᠵᠤᠸᠠᠩ ᠲᠤᠭᠤᠷᠢᠭ᠂ ᠳᠤᠯᠠᠭᠠᠨ ᠭᠡᠷ ᠵᠡᠷᠭᠡ  ᠲᠣᠭᠤᠷᠢᠭ ᠲᠤ 7 ᠰᠢᠭᠢᠳᠬᠡᠯᠳᠦ ᠬᠡᠯᠪᠡᠷᠢ ᠶᠢᠨ ᠠᠷᠠᠳ ᠲᠤ ᠲᠦᠬᠦᠮ ᠦᠵᠡᠭᠦᠯᠬᠦ ᠠᠵᠢᠯᠯᠠᠭᠠᠨ ᠤ ᠲᠠᠰᠤᠭ ᠪᠠᠶᠢᠭᠤᠯᠵᠤ᠂ ᠨᠠᠰᠤᠲᠠᠶᠢᠴᠤᠳ ᠤᠨ ᠦᠵᠡᠯ ᠰᠠᠨᠠᠭ᠎ᠠ ᠪᠠᠨ ᠰᠣᠯᠢᠯᠴᠠᠬᠤ᠂ ᠨᠥᠬᠦᠷᠯᠡᠯ ᠢᠶᠠᠨ ᠨᠡᠮᠡᠭᠳᠡᠭᠦᠯᠬᠦ᠂ ᠬᠠᠷᠢᠯᠴᠠᠨ ᠠᠬᠢᠭᠤᠯᠵᠤ ᠬᠠᠮᠲᠤᠪᠠᠷ ᠤᠷᠤᠭᠰᠢᠯᠠᠬᠤ ᠶᠡᠷᠦᠩᠬᠡᠶᠢᠯᠡᠭᠰᠡᠨ ᠴᠢᠨᠠᠷᠲᠠᠢ ᠲᠠᠪᠴᠠᠩ ᠬᠠᠩᠭᠠᠵᠤ᠂ ᠨᠠᠰᠤᠲᠠᠶᠢᠴᠤᠳ ᠤᠨ ᠤᠯᠠᠨ ᠶᠠᠩᠵᠤ ᠶᠢᠨ᠂ ᠤᠯᠠᠨ ᠲᠡᠰ ᠳᠠᠪᠬᠤᠷᠭ᠎ᠠ ᠶᠢᠨ ᠨᠠᠰᠤᠵᠢᠯ ᠤᠨ ᠦᠢᠯᠡᠴᠢᠯᠡᠭᠡᠨ ᠤ ᠬᠡᠷᠡᠭᠴᠡᠭᠡ ᠶᠢ ᠭᠦᠢᠴᠡᠳ ᠬᠠᠩᠭᠠᠵᠤ᠂ ᠨᠠᠰᠤᠲᠠᠶᠢᠴᠤᠳ ᠤᠨ ᠡᠳᠦᠷ ᠲᠤᠳᠤᠮ ᠤᠨ ᠠᠮᠢᠳᠤᠷᠠᠯ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠪᠡ᠃    ᠣᠯᠠᠨ ᠲᠦᠮᠡᠨ ᠤ ᠬᠦᠰᠡᠯ ᠡᠷᠡᠮᠡᠯᠵᠡᠯ ᠪᠣᠯ ᠳᠠᠷᠤᠢ ᠲᠡᠭᠦᠨ ᠤ ᠡᠭᠦᠷᠭᠡ ᠲᠤᠰᠢᠶᠠᠯ ᠢᠶᠠᠨ ᠬᠦᠢᠴᠡᠳᠬᠡᠬᠦ ᠴᠢᠭᠯᠡᠯ ᠮᠥᠨ᠃ ᠬᠤᠶᠢᠰᠢᠳᠠ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠤᠮᠳᠠ᠂ ᠸᠠᠩ ᠶᠠ ᠨᠠᠨ ᠰᠤᠷᠤᠯᠴᠠᠯᠭ᠎ᠠ ᠶᠢ ᠲᠠᠰᠤᠷᠠᠯᠲᠠ ᠦᠭᠡᠢ ᠪᠠᠷᠢᠮᠲᠠᠯᠠᠵᠤ᠂ ᠦᠢᠯᠡᠳᠦᠯᠭᠡ  ᠠᠴᠠ ᠰᠤᠷᠤᠯᠴᠠᠵᠤ᠂ ᠤᠯᠠᠨ ᠲᠦᠮᠡᠨ ᠠᠴᠠ ᠰᠤᠷᠤᠯᠴᠠᠵᠤ᠂  ᠡᠯ᠎ᠡ ᠡᠲᠡᠭᠡᠳ ᠤᠨ  ᠤᠯᠠᠨ ᠲᠦᠮᠡᠨ ᠲᠠᠢ ᠰᠡᠳᠬᠢᠯ ᠲᠠᠯᠪᠢᠨ ᠬᠠᠷᠢᠯᠴᠠᠵᠤ᠂ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠰᠢᠨ᠎ᠡ ᠴᠠᠭ ᠦᠶ᠎ᠡ ᠶᠢᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠴᠤᠭ ᠵᠢᠪᠬᠤᠭ᠎ᠠ ᠶᠢ  ᠪᠠᠳᠠᠷᠠᠭᠤᠯᠤᠨ᠎ᠠ  ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号