1 ᠰᠠᠷ᠎ᠠ ᠶᠢᠨ 10 ᠤ ᠡᠳᠦᠷ ᠤᠨ ᠦᠳᠡ ᠶᠢᠨ ᠡᠮᠦᠨ᠎ᠡ᠂ ᠪᠤᠭᠤᠲᠤ ᠬᠤᠲᠠ ᠶᠢᠨ ᠤᠯᠠᠭᠠᠨ ᠵᠠᠭᠠᠯᠮᠠᠶᠢᠲᠠᠨ ᠤ | ᠨᠡᠶᠢᠭᠡᠮᠯᠢᠭ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠢ | ᠲᠥᠯᠥᠭᠡᠯᠡᠨ ᠮᠠᠨᠳᠤᠯ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠳᠤ ᠲᠦᠷᠭᠡᠨ ᠠᠪᠤᠷᠠᠯᠳᠠ ᠶᠢᠨ ᠲᠡᠷᠭᠡ | ᠬᠠᠨᠳᠢᠪᠯᠠᠬᠤ ᠶᠣᠰᠣᠯᠠᠯ ᠮᠠᠨᠳᠤᠯ ᠪᠠᠯᠭᠠᠰᠤᠨ ᠤ ᠶᠡᠷᠦᠩᠬᠡᠶ ᠬᠡᠯᠲᠡᠰ ᠤᠨ ᠠᠵᠤ ᠠᠬᠤᠶ ᠶᠢᠨ ᠬᠦᠷᠢᠶᠡᠯᠡᠩ ᠳᠤ ᠲᠡᠭᠦᠰ | ᠠᠮᠵᠢᠯᠲᠠ ᠲᠠᠢ ᠶᠠᠪᠤᠭᠳᠠᠵᠤ᠂ ᠲᠤᠬᠠᠶ ᠶᠢᠨ ᠲᠠᠯᠠᠪᠤᠷ ᠲᠤ ᠨᠢᠭᠡ ᠲᠦᠷᠭᠡᠨ ᠠᠪᠤᠷᠠᠯᠳᠠ ᠶᠢᠨ ᠲᠡᠷᠭᠡ ᠬᠠᠨᠳᠢᠪᠯᠠᠭᠰᠠᠨ | ᠪᠥᠭᠡᠳ ᠮᠠᠨᠳᠤᠯ ᠪᠠᠯᠭᠠᠰᠤᠨ ᠤ ᠬᠠᠷᠢᠶ᠎ᠠ ᠲᠣᠭᠤᠷᠢᠭ ᠤᠨ ᠬᠠᠮᠢᠶ᠎ᠠ ᠪᠥᠬᠦᠶ ᠪᠠᠶᠢᠭᠤᠯᠭ᠎ᠠ ᠨᠢᠭᠡᠴᠡ ᠳᠤ | ᠲᠣᠬᠤᠨᠢᠭᠤᠯᠬᠤ ᠪᠣᠳᠠᠰ ᠬᠦᠷᠭᠡᠪᠡ᠃ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠨᠠᠮ ᠤᠨ | ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠳᠠᠷᠤᠭ᠎ᠠ ᠰᠤ᠋ ᠺᠠᠶ ᠹᠧᠩ᠂ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠡᠷ᠎ᠡ ᠳᠤᠷᠠᠳᠤᠭᠰᠠᠨ ᠳᠡᠳ᠋ ᠡᠷᠬᠢᠯᠡᠭᠴᠢ᠂ | ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠢᠨᠠᠭᠴᠢᠳ ᠤᠨ ᠵᠥᠪᠯᠡᠯ ᠤᠨ ᠨᠡᠷ᠎ᠡ ᠳᠤᠷᠠᠳᠤᠭᠳᠠᠭᠰᠠᠨ | ᠬᠡᠷᠡᠭ ᠬᠢᠨᠠᠭᠴᠢ ᠶᠢᠨ ᠳᠠᠷᠤᠭ᠎ᠠ ᠶᠣᠣ ᠬᠤᠶ ᠵᠢᠩ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠠᠳ ᠤᠨ | ᠵᠠᠰᠠᠭ ᠤᠨ ᠣᠷᠳᠣᠨ ᠤ ᠳᠡᠳ᠋ ᠳᠠᠷᠤᠭ᠎ᠠ᠂ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠳᠠᠷᠤᠭ᠎ᠠ ᠡᠤ | ᠮᠧᠶ ᠯᠢᠨ᠂ ᠮᠠᠨᠳᠤᠯ ᠬᠢᠯᠢ ᠶᠢᠨ ᠬᠠᠮᠠᠭᠠᠯᠠᠯᠲᠠ ᠶᠢᠨ ᠲᠣᠮᠢᠯᠠᠭᠰᠠᠨ ᠰᠠᠯᠪᠤᠷᠢ᠂ ᠪᠣᠭᠤᠮᠲᠠ ᠶᠢᠨ ᠠᠯᠪᠠᠨ ᠬᠡᠷ᠂ | ᠮᠠᠨᠳᠤᠯ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ ᠬᠠᠮᠢᠶ᠎ᠠ ᠪᠥᠬᠦᠶ ᠬᠥᠮᠦᠰ ᠶᠣᠰᠣᠯᠠᠯ ᠳᠤ ᠣᠷᠣᠯᠴᠠᠵᠤ᠂ | ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠨᠠᠮ ᠤᠨ ᠡᠭᠦᠷ ᠤᠨ ᠱᠦᠵᠢ᠂ ᠪᠠᠶᠢᠩᠭᠤ ᠶᠢᠨ ᠳᠡᠳ᠋ | ᠳᠠᠷᠤᠭ᠎ᠠ ᠸᠠᠩ ᠹᠠᠩ ᠪᠡᠯᠡᠭᠯᠡᠨ ᠬᠦᠷᠭᠡᠬᠦ ᠶᠣᠰᠣᠯᠠᠯ ᠢ ᠡᠷᠭᠢᠯᠡᠪᠡ᠃ | ᠪᠡᠯᠡᠭᠯᠡᠨ ᠬᠦᠷᠭᠡᠬᠦ ᠶᠣᠰᠣᠯᠠᠯ ᠳᠡᠭᠡᠷ᠎ᠡ᠂ ᠮᠠᠨᠳᠤᠯ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ | ᠪᠠᠯᠭᠠᠰᠤᠨ ᠳᠠᠷᠤᠭ᠎ᠠ ᠪᠠᠶᠠᠨᠳᠠᠯᠠᠢ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠳᠥᠯᠥᠭᠡᠯᠡᠨ ᠥᠪᠡᠷᠲᠡᠭᠡᠨ ᠵᠠᠰᠠᠬᠤ | ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠪᠤᠭᠤᠲᠤ ᠬᠤᠲᠠ ᠶᠢᠨ ᠤᠯᠠᠭᠠᠨ ᠵᠠᠭᠠᠯᠮᠠᠶᠢᠲᠠᠨ ᠤ | ᠨᠡᠶᠢᠭᠡᠮᠯᠢᠭ ᠤᠨ ᠬᠠᠯᠠᠮᠵᠢᠯᠠᠯ ᠪᠠ ᠳᠡᠮᠵᠢᠯᠭᠡ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠵᠦ᠂ | ᠪᠠᠶᠠᠨᠳᠠᠯᠠᠢ ᠴᠢᠬᠤᠯᠠᠴᠢᠯᠠᠭᠰᠠᠨ ᠨᠢ᠂ ᠮᠠᠨᠳᠣᠯ ᠪᠠᠯᠭᠠᠰᠤ ᠤᠮᠠᠷᠠᠲᠤ ᠬᠢᠯᠢ ᠶᠢᠨ ᠴᠢᠬᠤᠯᠠ ᠪᠠᠶᠢᠷᠢᠨ ᠳᠤ ᠪᠠᠶᠢᠷᠢᠯᠠᠵᠤ᠂ | ᠬᠥᠮᠦᠨ ᠠᠮᠠ ᠶᠢᠨ ᠲᠠᠷᠬᠠᠯᠲᠠ ᠨᠡᠯᠢᠶᠡᠳ ᠲᠠᠷᠠᠬᠠᠶ ᠪᠠᠶᠢᠵᠤ᠂ ᠵᠠᠮ ᠬᠤᠯᠠ ᠪᠠ ᠲᠦᠷᠭᠡᠨ ᠠᠪᠤᠷᠠᠯᠳᠠ ᠶᠢᠨ ᠲᠡᠷᠭᠡ | ᠳᠤᠲᠠᠭᠳᠠᠵᠤ ᠪᠠᠶᠢᠬᠤ ᠵᠡᠷᠭᠡ ᠬᠦᠴᠦᠨ ᠵᠦᠢᠯ ᠠᠴᠠ ᠮᠠᠯᠵᠢᠬᠤ ᠣᠷᠣᠨ ᠤ ᠣᠯᠠᠨ ᠲᠦᠮᠡᠨ ᠤ ᠡᠪᠡᠳᠴᠢᠨ | ᠦᠵᠡᠭᠦᠯᠵᠦ ᠡᠮᠨᠡᠭᠦᠯᠬᠦ ᠳᠤ ᠯᠤᠲᠤ ᠶᠡᠭᠡ ᠬᠦᠴᠢᠷᠳᠡᠯ ᠠᠪᠴᠢᠷᠠᠭᠰᠠᠨ ᠪᠠᠶᠢᠨ᠎ᠠ᠃ ᠡᠨᠡ ᠤᠳᠠᠭᠠᠨ ᠤ ᠳᠥᠷᠭᠡᠨ | ᠠᠪᠤᠷᠠᠯᠳᠡ ᠶᠢᠨ ᠳᠡᠷᠭᠡ ᠬᠠᠨᠳᠢᠪᠯᠠᠬᠤ ᠠᠵᠢᠯᠯᠠᠭ᠎ᠠ ᠨᠢ ᠮᠠᠨ ᠤ ᠪᠠᠯᠭᠠᠰᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ | ᠦᠢᠯᠡᠰ ᠤᠨ ᠬᠥᠭᠵᠢᠯᠲᠡ ᠶᠢ ᠢᠯᠡᠳᠲᠡ ᠠᠬᠢᠭᠤᠯᠵᠤ᠂ ᠨᠠᠩ ᠣᠯᠠᠨ ᠠᠷᠠᠳ ᠲᠦᠮᠡᠨ ᠤ ᠴᠠᠭ ᠲᠤᠬᠠᠶ ᠳᠤᠨᠢ᠂ | ᠪᠦᠲᠦᠮᠵᠢᠲᠡᠶ ᠡᠮ ᠡᠮᠨᠡᠯᠭᠡ ᠶᠢᠨ ᠦᠢᠯᠡᠴᠢᠯᠡᠭᠡ ᠣᠯᠬᠤ ᠶᠢ ᠦᠨᠡᠨ ᠬᠦ ᠪᠠᠲᠤᠯᠠᠵᠤ᠂ ᠡᠮ ᠡᠮᠨᠡᠯᠭᠡ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ︽ᠡᠴᠦᠰ ᠤᠨ ᠨᠢᠭᠡ ᠺᠢᠯᠤᠮᠧᠲᠷ︾ ᠤᠨ ᠰᠠᠭᠠᠳ ᠦᠭᠡᠢ ᠨᠡᠪᠲᠡᠷᠡᠬᠦ ᠶᠢ ᠦᠨᠡᠨ | ᠬᠦ ᠪᠠᠲᠤᠯᠠᠬᠤ ᠪᠣᠯᠤᠨ᠎ᠠ᠃ ᠡᠭᠦᠨ ᠤ ᠬᠠᠮᠲᠤ᠂ ᠪᠣᠭᠤᠮᠲᠠ ᠶᠢᠨ ᠬᠠᠮᠢᠶ᠎ᠠ ᠪᠥᠬᠦᠶ ᠰᠠᠯᠠᠭ᠎ᠠ ᠮᠥᠴᠢᠷ ᠪᠠᠶᠢᠭᠤᠯᠭ᠎ᠠ | ᠨᠢᠭᠡᠴᠡ᠂ ᠪᠠᠯᠭᠠᠰᠤᠨ ᠳᠤ ᠰᠠᠭᠤᠭ᠎ᠠ ᠠᠵᠤ ᠠᠬᠤᠶᠢᠯᠠᠯ ᠤᠨ ᠺᠠᠳ᠋ᠷ ᠠᠵᠢᠯᠲᠠᠨ ᠠᠵᠢᠯᠴᠢᠨ ᠤ ᠡᠮ ᠡᠮᠨᠡᠯᠭᠡ ᠶᠢᠨ | ᠪᠠᠲᠤᠯᠠᠭ᠎ᠠ ᠶᠢᠨ ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠵᠦ᠂ ᠬᠠᠷᠢᠶ᠎ᠠ ᠣᠷᠣᠨ ᠤ ᠥᠷᠭᠡᠨ ᠣᠯᠠᠨ | ᠲᠦᠮᠡᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠬᠠᠮᠠᠭᠠᠯᠠᠬᠤ ᠪᠣᠯᠤᠨ᠎ᠠ᠃ | ᠳᠠᠷᠠᠭᠠᠴᠢ ᠶᠢᠨ ᠠᠯᠬᠤᠮ ᠳᠤ᠂ ᠮᠠᠨᠳᠤᠯ ᠪᠠᠯᠭᠠᠰᠤ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠤᠨ | ᠡᠷᠡᠭᠦᠯ ᠬᠠᠮᠠᠭᠠᠯᠠᠯ ᠤᠨ ᠦᠢᠯᠡᠰ ᠲᠤ ᠦᠢᠯᠡᠴᠢᠯᠡᠵᠦ᠂ ᠴᠢᠩᠭ᠎ᠠ ᠬᠠᠷᠢᠭᠤᠴᠠᠯᠭᠠᠲᠤ ᠰᠡᠳᠬᠢᠯᠭᠡ ᠪᠠᠷ ᠠᠵᠢᠯ ᠢᠶᠠᠨ | ᠬᠠᠶᠢᠷᠠᠯᠠᠵᠤ᠂ ᠡᠪᠡᠳᠴᠢᠲᠡᠨ ᠢ ᠬᠠᠶᠢᠷᠠᠯᠠᠨ ᠬᠠᠯᠠᠮᠵᠢᠯᠠᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠶᠠᠰᠤ ᠴᠢᠨᠠᠷ ᠢ | ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | |