ᠬᠠᠮᠲᠤ ᠶᠢᠨ ᠠᠵᠤ ᠠᠬᠤᠢ ᠨᠢ ᠡᠮ ᠡᠮᠨᠡᠯᠭᠡ ᠶᠢᠨ ᠲᠠᠭᠠᠳᠬᠠᠯ ᠤᠨ ᠨᠥᠬᠦᠪᠥᠷᠢ ᠶᠢ ᠠᠬᠢᠭᠤᠯᠵᠤ ᠠᠷᠠᠳ ᠲᠤ ᠠᠰᠢᠭ  ᠬᠦᠷᠳᠡᠭᠡᠪᠡ
ᠨᠡᠶᠢᠲᠡᠯᠡᠭᠰᠡᠨ ᠴᠠᠭ᠄
2025/1/13
      ︽ᠡᠨᠡ ᠵᠢᠯ ᠮᠠᠨ ᠤ ᠭᠠᠴᠠᠭᠠᠨ ᠤ ᠬᠠᠮᠲᠤ ᠶᠢᠨ ᠠᠵᠤ ᠠᠬᠤᠶ ᠶᠢᠨ ᠦᠷ᠎ᠡ ᠠᠰᠢᠭ ᠨᠡᠯᠢᠶᠡᠳ ᠵᠦᠭᠡᠷ᠂ ᠭᠠᠴᠠᠭᠠᠨ ᠤ ︿ᠬᠤᠶᠠᠷ ᠵᠥᠪᠯᠡᠯ﹀ ᠤᠨ ᠬᠠᠮᠲᠤ ᠪᠠᠷ ᠵᠥᠪᠳᠡᠯᠴᠡᠵᠦ ᠲᠣᠭᠲᠠᠭᠠᠭᠠᠳ᠂ ᠪᠦᠬᠦᠯᠢ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠨᠥᠬᠦᠪᠥᠷᠢ ᠥᠭᠴᠦ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠨ᠎ᠠ︾ ᠭᠡᠵᠡᠢ᠃ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠠᠷᠠᠳ ᠲᠤ ᠠᠰᠢᠭ ᠬᠦᠷᠲᠡᠭᠡᠬᠦ ᠪᠣᠳᠠᠲᠤ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠪᠠᠳᠠᠷᠠᠭᠤᠯᠬᠤ ᠶᠢᠨ ᠲᠥᠯᠥᠭᠡ᠂ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠤᠢᠢᠯᠠᠭᠠᠭᠳᠠᠬᠤᠨ ᠢ ᠪᠠᠷᠢᠮᠲᠠᠯᠠᠵᠤ᠂ ᠤᠢᠢᠷ᠎ᠠ ᠶᠢᠨ ᠬᠤᠭᠤᠴᠠᠭᠠᠨ ᠳᠤ᠂ ᠪᠠᠶᠠᠬᠤᠪᠤᠭ᠎ᠠ ᠰᠤᠮᠤ ᠶᠢᠨ ᠪᠠᠶᠠᠨᠪᠤᠯᠠᠭ ᠭᠠᠴᠠᠭ᠎ᠠ ᠨᠢ ᠭᠠᠴᠠᠭᠠᠨ ᠤ ᠬᠠᠮᠲᠤ ᠶᠢᠨ ᠠᠵᠤ ᠠᠬᠤᠢ ᠶᠢ ᠠᠰᠢᠭᠯᠠᠨ ᠭᠠᠴᠠᠭᠠᠨ ᠤ ᠮᠠᠯᠴᠢᠨ ᠲᠠᠷᠢᠶᠠᠴᠢᠨ ᠲᠦᠮᠡᠨ ᠳᠤ ᠡᠮ ᠡᠮᠨᠡᠯᠭᠡ ᠶᠢᠨ ᠳᠠᠭᠠᠳᠬᠠᠯ ᠤᠨ ᠮᠥᠩᠭᠦ ᠶᠢᠨ ᠨᠥᠬᠦᠪᠥᠷᠢ ᠥᠭᠴᠦ᠂ ᠮᠠᠯᠴᠢᠨ ᠲᠠᠷᠢᠶᠠᠴᠢᠨ ᠲᠦᠮᠡᠨ ᠳᠤ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠭᠠᠷᠭᠠᠭᠰᠠᠨ ︽ᠦᠷ᠎ᠡ ᠪᠦᠲᠦᠭᠡᠯ︾ ᠢ ᠦᠨᠡᠨᠬᠦ ᠡᠳ᠋ᠯᠡᠭᠦᠯᠵᠦ᠂ ᠠᠷᠠᠳ ᠤᠯᠠᠨ ᠤ ᠠᠮᠢᠳᠤᠷᠠᠯ ᠢ ︽ᠡᠮᠴᠢ  ᠶᠢᠨ︾ ᠲᠦᠰᠢᠭ ᠲᠠᠢ ᠪᠣᠯᠭᠠᠪᠠ᠃      ᠲᠣᠰ ᠤᠳᠠᠭᠠᠨ ᠤ ᠡᠮ ᠡᠮᠨᠡᠯᠭᠡ ᠶᠢᠨ ᠳᠠᠭᠠᠳᠬᠠᠯ ᠤᠨ ᠨᠥᠬᠦᠪᠥᠷᠢ ᠳᠤ ᠭᠠᠴᠠᠭᠠᠨ ᠤ ᠪᠦᠬᠦᠯᠢ 60 ᠨᠠᠰᠤᠨ ᠠᠴᠠ ᠳᠡᠭᠡᠭᠰᠢᠬᠢ 98 ᠬᠥᠮᠦᠨ ᠳᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ  38120 ᠲᠥᠭᠦᠷᠢᠭ ᠨᠥᠬᠦᠪᠥᠷᠢᠯᠡᠪᠡ᠂ ᠡᠭᠦᠨ ᠳᠤ ᠬᠦᠨᠳᠦ ᠵᠡᠮᠳᠡᠭ 4 ᠬᠥᠮᠦᠨ᠂ ᠬᠥᠮᠦᠨ ᠪᠦᠷᠢ 200 ᠲᠥᠭᠦᠷᠢᠭ︔ ᠨᠠᠭᠠᠳᠤ ᠵᠠᠬ᠎ᠠ ᠶᠢᠨ ᠪᠠᠲᠤᠯᠠᠭᠠᠲᠤ ᠡᠷᠦᠬᠡ 1 ᠬᠥᠮᠦᠨ᠂ ᠬᠥᠮᠦᠨ ᠪᠦᠷᠢ 120 ᠲᠥᠭᠦᠷᠢᠭ︔ ᠦᠯᠡᠳᠡᠭᠰᠡᠨ 93 ᠬᠥᠮᠦᠨ ᠪᠦᠷᠢ  ᠳᠤ 400 ᠲᠥᠭᠦᠷᠢᠭ ᠨᠦᠬᠦᠪᠦᠷᠢᠯᠡᠭᠰᠡᠨ ᠪᠠᠶᠢᠨ᠎ᠠ᠃    ︽ᠡᠨᠡ ᠵᠢᠯ ᠭᠠᠴᠠᠭ᠎ᠠ ᠪᠢᠳᠡᠨ ᠢ ᠬᠠᠪᠰᠤᠷᠤᠨ ᠡᠮ ᠡᠮᠨᠡᠯᠭᠡ ᠶᠢᠨ ᠳᠠᠭᠠᠳᠬᠠᠯ ᠤᠨ ᠮᠥᠩᠭᠦ ᠶᠢ ᠲᠤᠰᠢᠶᠠᠵᠤ᠂ ᠮᠠᠨ ᠤ ᠠᠮᠢᠳᠤᠷᠠᠯ  ᠤᠨ ᠳᠠᠷᠤᠭᠠᠰᠤ ᠶᠢ ᠬᠥᠩᠭᠡᠷᠡᠭᠦᠯᠦᠭᠰᠡᠨ ᠢᠶᠠᠷ ᠪᠠᠷᠠᠬᠤ ᠥᠬᠡᠶ᠂ ᠪᠠᠰᠠ ᠭᠠᠴᠠᠭᠠᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠤᠭᠰᠠᠨ ᠠᠴᠠ ᠪᠣᠯᠤᠭᠰᠠᠨ ᠪᠣᠳᠠᠲᠤ ᠠᠰᠢᠭ ᠲᠤᠰᠠ ᠶᠢ ᠨᠠᠳᠠ ᠳᠤ ᠮᠡᠳᠡᠷᠡᠭᠦᠯᠪᠡ︾ ᠃ ᠮᠠᠯᠴᠢᠨ ᠲᠠᠷᠢᠶᠠᠴᠢᠨ ᠲᠦᠮᠡᠨ ᠤ ᠢᠨᠢᠶᠡᠮᠰᠦᠭᠯᠡᠯ ᠪᠠ ᠲᠠᠯᠠᠷᠬᠠᠯ ᠪᠣᠯ ᠭᠠᠴᠠᠭᠠᠨ ᠤ ᠠᠵᠢᠯ ᠤᠨ ᠬᠠᠮᠤᠭ ᠤᠨ ᠶᠡᠭᠡ ᠨᠤᠲᠠᠯᠠᠯᠲᠠ ᠪᠣᠯᠤᠨ᠎ᠠ᠃    ᠲᠣᠰ ᠤᠳᠠᠭᠠᠨ ᠤ ᠠᠷᠠᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠨᠢ ᠭᠠᠴᠠᠭᠠᠨ ᠤ ᠮᠠᠯᠴᠢᠨ ᠲᠠᠷᠢᠶᠠᠴᠢᠨ ᠲᠦᠮᠡᠨ ᠳᠤ ᠭᠠᠴᠠᠭᠠᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ ᠶᠢᠨ ᠠᠪᠴᠢᠷᠠᠭᠰᠠᠨ ᠪᠣᠳᠠᠲᠤ ᠠᠰᠢᠭ ᠲᠤᠰᠠ ᠶᠢ ᠦᠨᠡᠨ ᠬᠦ ᠬᠦᠷᠲᠡᠭᠡᠵᠦ᠂ ᠣᠯᠠᠨ ᠲᠦᠮᠡᠨ ᠤ ︽ᠡᠪᠡᠳᠴᠢᠯᠡᠪᠡᠯ ᠦᠵᠡᠭᠦᠯᠬᠦ ᠡᠮᠨᠡᠯᠭᠡ ᠲᠠᠢ︾ ᠪᠠᠶᠢᠬᠤ ᠳᠤ ᠬᠦᠴᠦᠲᠡᠶ ᠪᠠᠲᠤᠯᠠᠭ᠎ᠠ ᠬᠠᠩᠭᠠᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠪᠠᠶᠠᠨᠪᠤᠯᠠᠭ ᠭᠠᠴᠠᠭ᠎ᠠ ᠨᠠᠮ ᠤᠨ ᠪᠠᠶᠢᠭᠤᠯᠤᠯᠲᠠ ᠪᠠᠷ ᠬᠥᠲᠥᠯᠦᠨ ᠳᠠᠭᠠᠭᠤᠯᠬᠤ ᠶᠢ ᠦᠷᠭᠦᠯᠵᠢᠯᠡᠨ ᠪᠠᠷᠢᠮᠲᠠᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠲᠠᠯ᠎ᠠ ᠪᠠᠷ ᠠᠷᠭ᠎ᠠ  ᠪᠤᠳᠤᠯᠭ᠎ᠠ ᠭᠠᠷᠭᠠᠵᠤ᠂ ᠬᠦᠴᠦᠨ ᠢᠶᠠᠨ ᠲᠥᠪᠯᠡᠷᠡᠭᠦᠯᠦᠨ ᠰᠠᠭᠤᠷᠢ ᠪᠠᠨ ᠪᠠᠬᠢᠵᠢᠭᠦᠯᠵᠦ᠂  ᠲᠤᠳᠠᠭᠳᠠᠯ ᠢᠶᠠᠨ ᠨᠥᠬᠦᠪᠥᠷᠢᠯᠡᠵᠦ᠂ ᠳᠠᠪᠠᠭᠤᠯᠢᠭ ᠢᠶᠠᠨ ᠪᠠᠳᠠᠷᠠᠭᠤᠯᠤᠨ᠂ ᠭᠠᠴᠠᠭᠠᠨ ᠤ ᠬᠠᠮᠲᠤ ᠶᠢᠨ ᠠᠵᠤ ᠠᠬᠤᠶ ᠶᠢᠨ ︽ᠶᠠᠰᠤ ᠴᠢᠨᠠᠷ ᠢ ᠬᠦᠴᠦᠷᠬᠡᠭᠵᠢᠭᠦᠯᠬᠦ︾ ᠶᠢ ᠠᠬᠢᠭᠤᠯᠵᠤ᠂ ᠠᠷᠠᠳ ᠲᠤ ᠠᠰᠢᠭ ᠬᠦᠷᠲᠡᠭᠡᠬᠦ ᠨᠠᠩ ᠣᠯᠠᠨ ᠲᠥᠷᠥ ᠶᠢᠨ ᠪᠣᠳᠣᠯᠭ᠎ᠠ ᠪᠠᠷ ᠮᠠᠯᠴᠢᠨ ᠲᠠᠷᠢᠶᠠᠴᠢᠨ ᠲᠦᠮᠡᠨ ᠳᠤ ᠪᠤᠶᠠᠨ ᠦᠢᠯᠡᠳᠦᠨ᠎ᠡ ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号