ᠸᠠᠩ ᠬᠠᠢ ᠶᠤᠸᠠᠨ᠄ ᠠᠷᠠᠳ ᠣᠯᠠᠨ ᠲᠠᠢ ᠰᠡᠳᠬᠢᠯ ᠢᠶᠠᠨ ᠬᠤᠯᠪᠤᠵᠥ ᠭᠠᠯ ᠰᠡᠷᠭᠡᠶᠢᠯᠡᠵᠤ ᠲᠦᠮᠡᠨ ᠡᠷᠦᠬᠡ | ᠶᠢᠨ ᠠᠮᠤᠷ ᠳᠥᠪᠰᠢᠨ ᠢ ᠬᠠᠮᠠᠭᠠᠯᠠᠶ᠎ᠠ | ᠲᠠᠷᠬᠠᠨ ᠮᠤᠤᠮᠢᠩᠭᠠᠨ ᠤ ᠥᠷᠭᠡᠨ ᠠᠭᠤᠳᠠᠮ ᠳᠠᠯ᠎ᠠ ᠨᠤᠲᠤᠭ ᠲᠤ ᠬᠥᠭᠵᠢᠯᠲᠡ ᠶᠢᠨ ᠠᠶᠠᠯᠭᠤ ᠰᠣᠨᠣᠰᠳᠠᠵᠤ᠂ | ᠡᠷᠡᠯᠬᠡᠭᠯᠡᠨ ᠤᠷᠤᠭᠰᠢᠯᠠᠬᠤ ᠬᠠᠩᠭᠢᠨᠠᠮ᠎ᠠ ᠳᠠᠭᠤᠨ ᠴᠤᠤᠷᠢᠶᠠᠳᠤᠨ᠎ᠠ᠃ ᠡᠨᠡᠬᠦ ᠬᠦᠰᠡᠯ ᠡᠷᠡᠮᠡᠯᠵᠡᠯ ᠢᠶᠠᠷ ᠪᠢᠯᠬᠠᠭᠰᠠᠨ | ᠬᠠᠯᠠᠭᠤᠨ ᠬᠥᠷᠥᠰᠥᠨ ᠳᠤ ᠨᠤᠲᠤᠭ ᠤᠰᠤ ᠲᠠᠢ ᠪᠠᠨ ᠰᠡᠳᠬᠢᠯ ᠵᠢᠷᠦᠬᠡ ᠪᠠᠨ ᠬᠤᠯᠪᠤᠭᠰᠠᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠬᠥᠭᠵᠢᠶᠡᠨᠲᠡᠢ ᠠᠵᠢᠯᠯᠠᠵᠤ᠂ ᠴᠠᠭ ᠢᠮᠠᠭᠲᠠ ᠠᠷᠠᠳ | ᠤᠯᠠᠨ ᠤ ᠠᠮᠢᠳᠤᠷᠠᠯ ᠳᠤ ᠰᠠᠨᠠᠭ᠎ᠠ ᠰᠡᠳᠬᠢᠯ ᠲᠠᠯᠪᠢᠵᠤ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ | ᠭᠦᠢᠴᠡᠳᠬᠡᠵᠦ᠂ ᠲᠠᠷᠬᠠᠨ ᠮᠤᠤᠮᠢᠩᠭᠠᠨ ᠤ ᠴᠢᠨᠠᠷ ᠰᠠᠶᠢᠲᠠᠢ ᠬᠥᠭᠵᠢᠯᠲᠡ ᠳᠤ ᠥᠪᠡᠷ ᠤᠨ ᠬᠦᠴᠦᠨ ᠴᠢᠳᠠᠯ ᠢᠶᠠᠨ | ᠡᠷᠭᠦᠵᠦ ᠶᠠᠪᠤᠨ᠎ᠠ᠃ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ︽ᠬᠤᠶᠠᠷ ᠬᠤᠷᠠᠯ︾ ᠤᠳᠠᠯ ᠥᠬᠡᠶ ᠬᠤᠷᠠᠯᠳᠤᠬᠤ | ᠬᠡᠵᠥ ᠪᠠᠶᠢᠭ᠎ᠠ ᠳᠠᠰᠢᠷᠠᠮ ᠪᠠᠷ᠂ ︽ᠪᠠᠭᠠᠳᠤᠷᠯᠢᠭ ᠲᠠᠷᠬᠠᠨ ᠮᠤᠤᠮᠢᠩᠭᠠᠨ︾ ᠤ ᠣᠯᠠᠨ ᠨᠡᠶᠢᠲᠡ ᠶᠢᠨ ᠳ᠋ᠤᠭᠠᠷ ᠲᠤ | ᠪᠠᠨ ︽ᠠᠷᠠᠳ ᠤᠨ ᠳᠥᠯᠦᠭᠡᠯᠡᠭᠴᠢᠳ ᠤᠨ ᠴᠤᠭ ᠵᠢᠪᠬᠤᠭ᠎ᠠ︾ ᠲᠤᠰᠬᠠᠢ ᠪᠤᠯᠤᠩ ᠭᠠᠷᠭᠠᠵᠤ᠂ ᠲᠠᠨ ᠢ | ᠳᠠᠭᠠᠭᠤᠯᠤᠨ ᠲᠥᠯᠥᠭᠡᠯᠡᠭᠴᠢᠳ ᠤᠨ ᠴᠤᠭ ᠵᠢᠪᠬᠤᠭ᠎ᠠ ᠪᠣᠯᠤᠨ ᠡᠭᠦᠷᠭᠡᠯᠡᠯ ᠢ ᠣᠶᠢᠯᠠᠭᠠᠭᠤᠯᠪᠠ᠃ ᠥᠨᠥᠳᠥᠷ | ᠤᠨᠳᠤᠭᠠᠷ ᠲᠤ ︽ᠸᠠᠩ ᠬᠠᠢ ᠶᠤᠸᠠᠨ᠄ ᠠᠷᠠᠳ ᠣᠯᠠᠨ ᠲᠠᠢ ᠰᠡᠳᠬᠢᠯ ᠢᠶᠠᠨ ᠬᠤᠯᠪᠤᠵᠥ ᠭᠠᠯ ᠰᠡᠷᠭᠡᠶᠢᠯᠡᠵᠤ ᠲᠦᠮᠡᠨ | ᠡᠷᠦᠬᠡ ᠶᠢᠨ ᠠᠮᠤᠷ ᠳᠥᠪᠰᠢᠨ ᠢ ᠬᠠᠮᠠᠭᠠᠯᠠᠶ᠎ᠠ︾ ᠲᠠᠢ ᠵᠤᠯᠭᠠᠶ᠎ᠠ᠃ | ᠡᠨᠡ ᠤᠳᠠᠭ᠎ᠠ ᠶᠢᠨ ᠬᠤᠷᠠᠯ ᠬᠤᠷᠠᠯᠳᠤᠬᠤ ᠳᠠᠰᠢᠷᠠᠮ ᠪᠠᠷ᠂ ᠮᠢᠨᠤ ᠬᠠᠷᠢᠭᠤᠴᠠᠯᠭ᠎ᠠ ᠶᠡᠭᠡ ᠡᠭᠦᠷᠭᠡ ᠬᠦᠨᠳᠦ | ᠭᠡᠳᠡᠭ ᠢ ᠭᠦᠨᠵᠡᠭᠡᠢ ᠣᠶᠢᠯᠠᠭᠠᠵᠤ ᠮᠡᠳᠡᠯ᠎ᠡ᠃ 2024 ᠣᠨ ᠳᠤ᠂ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠬᠤᠰᠢᠭᠤᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠪᠥᠬᠦ ᠵᠢᠯ ᠳᠤ ᠨᠡᠶᠢᠲᠡ 149 ᠤᠳᠠᠭ᠎ᠠ ᠬᠡᠷᠡᠭ | ᠤᠴᠢᠷ ᠭᠥᠯᠢᠶᠡᠨ ᠠᠪᠴᠤ ᠰᠢᠢᠳᠪᠥᠷᠢᠯᠡᠨ᠂ 860 ᠭᠠᠷᠤᠶ ᠣᠯᠠᠨ ᠲᠦᠮᠡᠨ ᠢ ᠲᠠᠷᠬᠠᠭᠠᠵᠤ᠂ ᠡᠳ᠋ ᠬᠥᠷᠥᠩᠭᠡ ᠶᠢ | ᠬᠠᠮᠠᠭᠠᠯᠠᠭᠰᠠᠨ ᠥᠷᠲᠡᠭ ᠨᠢ ᠪᠠᠷᠤᠭ 354 ᠲᠦᠮᠡᠨ ᠲᠥᠭᠦᠷᠢᠭ ᠲᠤ ᠬᠦᠷᠴᠦ᠂ ︽3 · 21︾ ᠶᠡᠭᠡ ᠣᠶ | ᠰᠢᠭᠤᠶ ᠶᠢᠨ ᠲᠠᠯᠠᠪᠠᠶ ᠶᠢᠨ ᠨᠡᠭᠦᠳᠡᠯ ᠠᠷᠠᠳ ᠤᠨ ᠲᠣᠭᠤᠷᠢᠭ ᠤᠨ ᠥᠩᠭᠡᠲᠦ ᠪᠣᠯᠣᠳ ᠬᠠᠪᠲᠠᠰᠤᠨ ᠬᠡᠷ ᠤᠨ | ᠭᠠᠯ ᠤᠨ ᠠᠶᠤᠯ᠂ ︽10 · 29︾ ᠤ ᠠᠶᠤᠯᠲᠠᠶ ᠬᠢᠮᠢ ᠶᠢᠨ ᠪᠣᠳᠠᠰ ᠤᠨ ᠲᠡᠭᠡᠭᠡᠪᠦᠷᠢ ᠶᠢᠨ ᠲᠡᠷᠭᠡ ᠶᠢᠨ ᠭᠠᠯ ᠤᠨ | ᠠᠶᠤᠯ ᠵᠡᠷᠭᠡ ᠶᠡᠭᠡ ᠳᠠᠶᠢᠯᠠᠯᠳᠤᠭᠠᠨ ᠤ ᠢᠯᠠᠯᠲᠠ ᠶᠢ ᠤᠯᠪᠠ᠃ ᠪᠠᠷᠠᠭᠤᠨ ᠨᠡᠭᠦᠷᠡᠰᠥᠳᠥ᠋ᠷᠥᠭᠴᠢ ᠦᠭᠡᠢ ᠬᠦᠷᠢᠶᠡᠯᠡᠩ | ᠲᠣᠭᠤᠷᠢᠭ ᠤᠨ ᠭᠠᠯ ᠤᠨᠲᠠᠷᠠᠭᠠᠬᠤ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠵᠢᠱᠢᠯᠲᠡ ᠪᠠᠷ | 2025 ᠣᠨ ᠳᠤ ᠣᠷᠣᠵᠤ ᠰᠠᠭᠤᠬᠤ ᠪᠣᠯᠤᠨ᠎ᠠ᠃ ᠪᠠᠳᠣᠬᠠᠭᠠᠯᠭ᠎ᠠ ᠪᠠᠯᠭᠠᠰᠤᠨ ᠤ 500 ᠭᠠᠷᠤᠢ ᠥᠨᠥᠴᠢᠨ | ᠪᠡᠯᠪᠡᠰᠦᠨ ᠨᠠᠰᠤᠲᠠᠨ ᠳᠤ ᠤᠲᠤᠭᠠᠨ ᠰᠡᠷᠡᠯ ᠤᠨ ᠬᠠᠶᠢᠭᠤᠷ ᠳᠣᠬᠢᠷᠠᠭᠤᠯᠤᠨ ᠥᠭᠴᠡᠢ᠃ ᠪᠠᠴᠢᠮ ᠪᠠᠶᠢᠳᠠᠯ ᠢ | ᠠᠷᠭᠠᠴᠠᠭᠠᠬᠤ ᠰᠢᠰᠲ᠋ᠧᠮ ᠤᠨ ᠤᠯᠤᠰ ᠤᠨ ᠵᠢᠭᠡᠯᠡᠯᠭᠡ ᠶᠢᠨ ᠪᠡᠯᠡ ᠮᠥᠩᠭᠦ ᠶᠢ ᠠᠰᠢᠭᠯᠠᠨ᠂ ᠬᠠᠷᠢᠶ᠎ᠠ ᠣᠷᠣᠨ ᠤ | ᠰᠤᠮᠤ ᠰᠢᠶᠠᠩ ᠪᠠᠯᠭᠠᠰᠤᠨ ᠳᠤ 8 ᠵᠢᠵᠢᠭ ᠬᠡᠯᠪᠡᠷᠢ ᠶᠢᠨ ᠤᠰᠤᠨ ᠰᠠᠪᠠ ᠶᠢᠨ ᠭᠠᠯ ᠤᠨᠲᠠᠷᠠᠭᠠᠬᠤ ᠲᠡᠷᠭᠡ ᠪᠠ 12 | ᠢᠵᠢ ᠭᠠᠯ ᠤᠨᠲᠠᠷᠠᠭᠠᠬᠤ ᠬᠢᠨᠠᠯᠲᠠ ᠪᠠᠶᠢᠴᠠᠭᠠᠯᠲᠠ ᠶᠢᠨ ᠪᠠᠭᠠᠵᠢ ᠬᠡᠷᠡᠭᠰᠡᠯ ᠢ ᠲᠦᠭᠡᠭᠡᠨ ᠥᠭᠴᠦ᠂ ︽ᠨᠢᠭᠡ ᠠᠩᠭᠢ | ᠨᠢᠭᠡ ᠲᠥᠪ︾ ᠤᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠂ ᠰᠤᠮᠤ ᠰᠢᠶᠠᠩ ᠪᠠᠯᠭᠠᠰᠤ ᠶᠢᠨ ᠠᠩᠬᠠᠨ ᠤ | ᠬᠤᠭᠤᠴᠠᠭᠠᠨ ᠤ ᠭᠠᠯ ᠡᠵᠡᠮᠳᠡᠬᠦ ᠴᠢᠳᠠᠪᠤᠷᠢ ᠶᠢ ᠦᠨᠡᠨᠬᠦ ᠳᠡᠭᠡᠭᠰᠢᠯᠡᠭᠦᠯᠪᠡ᠃ ᠡᠭᠦᠨ ᠤ ᠬᠠᠮᠲᠤ᠂ ᠶᠡᠭᠡ ᠠᠩᠭᠢ | ᠢᠮᠠᠭᠲᠠ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢ ᠦᠢᠯᠡᠳᠦᠯᠭᠡᠵᠢᠭᠦᠯᠵᠦ᠂ ᠰᠠᠶᠢᠨ ᠳᠤᠷ᠎ᠠ ᠶᠢᠨ | ᠦᠢᠯᠡᠴᠢᠯᠡᠭᠡᠨ ᠤ ᠠᠵᠢᠯᠯᠠᠭ᠎ᠠ ᠶᠢ 12 ᠤᠳᠠᠭ᠎ᠠ ᠥᠷᠨᠢᠭᠦᠯᠦᠭᠰᠡᠨ ᠪᠥᠭᠡᠳ ︽ᠬᠠᠪᠤᠷ ᠤᠨ ᠴᠣᠮᠣᠷᠯᠢᠭ ᠤᠨ | ᠳᠥᠯᠥᠪᠯᠡᠭᠡ︾ ᠶᠢᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠬᠠᠨᠳᠢᠪᠯᠠᠵᠤ᠂ ᠨᠢᠭᠡ ᠭᠠᠯ ᠤᠨᠲᠠᠷᠠᠭᠠᠭᠴᠢ ︽ | ᠴᠢᠰᠤ ᠪᠦᠲᠦᠭᠡᠬᠦ ᠭᠤᠣᠯ ᠡᠰ︾ ᠬᠠᠨᠳᠢᠪᠯᠠᠵᠤ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠡᠩᠨᠡᠭᠡ ᠶᠢᠨ ᠰᠢᠯᠢᠳᠡᠭ | ᠤᠯᠠᠮᠵᠢᠯᠠᠯ ᠢ ᠪᠠᠳᠠᠷᠠᠭᠤᠯᠪᠠ᠃ ᠶᠡᠭᠡ ᠠᠩᠭᠢ ᠯᠠᠪᠳᠠᠭᠤᠨ ᠪᠠᠲᠤᠲᠠᠶ ᠠᠵᠢᠯ ᠤᠨ ᠰᠤᠷᠲᠠᠯ ᠢᠶᠠᠷ ᠪᠥᠬᠦ ᠬᠤᠲᠠ ᠶᠢᠨ | ᠬᠤᠰᠢᠭᠤ ᠰᠢᠶᠠᠨ ᠲᠣᠭᠤᠷᠢᠭ ᠤᠨ ᠭᠠᠯ ᠤᠨᠲᠠᠷᠠᠭᠠᠬᠤ ᠶᠡᠭᠡ ᠠᠩᠭᠢ ᠶᠢᠨ ᠠᠵᠢᠯ ᠤᠨ ᠬᠢᠨᠠᠨ ᠰᠢᠯᠭᠠᠯᠲᠠ ᠶᠢᠨ | ᠶᠡᠷᠦᠩᠬᠡᠶ ᠬᠤᠪᠢ ᠶᠢᠨ ᠨᠢᠭᠡᠳᠦᠭᠡᠷ ᠲᠤ ᠣᠷᠣᠵᠤ᠂ ᠲᠡᠦᠬᠡ ᠶᠢᠨ ᠬᠠᠮᠤᠭ ᠤᠨ ᠰᠠᠶᠢᠨ ᠬᠢᠷᠢ ᠪᠦᠲᠦᠮᠵᠢ ᠶᠢ ᠡᠭᠦᠳᠪᠡ | ᠃ | |