ᠰᠡᠯᠡᠩᠭᠡ᠄ ᠠᠷᠠᠳ ᠣᠯᠠᠨ ᠤ ᠲᠥᠯᠥᠭᠡ ᠰᠡᠳᠬᠢᠯ ᠲᠠᠯᠪᠢᠵᠤ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ | ᠭᠦᠢᠴᠡᠳᠬᠡᠨ᠎ᠡ | ᠲᠠᠷᠬᠠᠨ ᠮᠤᠤᠮᠢᠩᠭᠠᠨ ᠤ ᠥᠷᠭᠡᠨ ᠠᠭᠤᠳᠠᠮ ᠳᠠᠯ᠎ᠠ ᠨᠤᠲᠤᠭ ᠲᠤ ᠬᠥᠭᠵᠢᠯᠲᠡ ᠶᠢᠨ ᠠᠶᠠᠯᠭᠤ ᠰᠣᠨᠣᠰᠳᠠᠵᠤ᠂ | ᠡᠷᠡᠯᠬᠡᠭᠯᠡᠨ ᠤᠷᠤᠭᠰᠢᠯᠠᠬᠤ ᠬᠠᠩᠭᠢᠨᠠᠮ᠎ᠠ ᠳᠠᠭᠤᠨ ᠴᠤᠤᠷᠢᠶᠠᠳᠤᠨ᠎ᠠ᠃ ᠡᠨᠡᠬᠦ ᠬᠦᠰᠡᠯ ᠡᠷᠡᠮᠡᠯᠵᠡᠯ ᠢᠶᠠᠷ ᠪᠢᠯᠬᠠᠭᠰᠠᠨ | ᠬᠠᠯᠠᠭᠤᠨ ᠬᠥᠷᠥᠰᠥᠨ ᠳᠤ ᠨᠤᠲᠤᠭ ᠤᠰᠤ ᠲᠠᠢ ᠪᠠᠨ ᠰᠡᠳᠬᠢᠯ ᠵᠢᠷᠦᠬᠡ ᠪᠠᠨ ᠬᠤᠯᠪᠤᠭᠰᠠᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠬᠥᠭᠵᠢᠶᠡᠨᠲᠡᠢ ᠠᠵᠢᠯᠯᠠᠵᠤ᠂ ᠴᠠᠭ ᠢᠮᠠᠭᠲᠠ ᠠᠷᠠᠳ | ᠤᠯᠠᠨ ᠤ ᠠᠮᠢᠳᠤᠷᠠᠯ ᠳᠤ ᠰᠠᠨᠠᠭ᠎ᠠ ᠰᠡᠳᠬᠢᠯ ᠲᠠᠯᠪᠢᠵᠤ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ | ᠭᠦᠢᠴᠡᠳᠬᠡᠵᠦ᠂ ᠲᠠᠷᠬᠠᠨ ᠮᠤᠤᠮᠢᠩᠭᠠᠨ ᠤ ᠴᠢᠨᠠᠷ ᠰᠠᠶᠢᠲᠠᠢ ᠬᠥᠭᠵᠢᠯᠲᠡ ᠳᠤ ᠥᠪᠡᠷ ᠤᠨ ᠬᠦᠴᠦᠨ ᠴᠢᠳᠠᠯ ᠢᠶᠠᠨ | ᠡᠷᠭᠦᠵᠦ ᠶᠠᠪᠤᠨ᠎ᠠ᠃ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ︽ᠬᠤᠶᠠᠷ ᠬᠤᠷᠠᠯ︾ ᠤᠳᠠᠯ ᠥᠬᠡᠶ ᠬᠤᠷᠠᠯᠳᠤᠬᠤ | ᠬᠡᠵᠥ ᠪᠠᠶᠢᠭ᠎ᠠ ᠳᠠᠰᠢᠷᠠᠮ ᠪᠠᠷ᠂ ︽ᠪᠠᠭᠠᠳᠤᠷᠯᠢᠭ ᠲᠠᠷᠬᠠᠨ ᠮᠤᠤᠮᠢᠩᠭᠠᠨ︾ ᠤ ᠣᠯᠠᠨ ᠨᠡᠶᠢᠲᠡ ᠶᠢᠨ ᠳ᠋ᠤᠭᠠᠷ ᠲᠤ | ᠪᠠᠨ ︽ᠠᠷᠠᠳ ᠤᠨ ᠳᠥᠯᠦᠭᠡᠯᠡᠭᠴᠢᠳ ᠤᠨ ᠴᠤᠭ ᠵᠢᠪᠬᠤᠭ᠎ᠠ︾ ᠲᠤᠰᠬᠠᠢ ᠪᠤᠯᠤᠩ ᠭᠠᠷᠭᠠᠵᠤ᠂ ᠲᠠᠨ ᠢ | ᠳᠠᠭᠠᠭᠤᠯᠤᠨ ᠲᠥᠯᠥᠭᠡᠯᠡᠭᠴᠢᠳ ᠤᠨ ᠴᠤᠭ ᠵᠢᠪᠬᠤᠭ᠎ᠠ ᠪᠣᠯᠤᠨ ᠡᠭᠦᠷᠭᠡᠯᠡᠯ ᠢ ᠣᠶᠢᠯᠠᠭᠠᠭᠤᠯᠪᠠ᠃ ᠥᠨᠥᠳᠥᠷ | ᠤᠨᠳᠤᠭᠠᠷ ᠲᠤ ︽ᠰᠡᠯᠡᠩᠭᠡ᠄ ᠠᠷᠠᠳ ᠣᠯᠠᠨ ᠤ ᠲᠥᠯᠥᠭᠡ ᠰᠡᠳᠬᠢᠯ ᠲᠠᠯᠪᠢᠵᠤ ᠡᠭᠦᠷᠭᠡ ᠬᠠᠷᠢᠭᠤᠴᠠᠯᠭ᠎ᠠ ᠪᠠᠨ ᠨᠠᠷᠢᠨ | ᠬᠢᠨᠠᠮᠠᠭᠠᠶ ᠭᠦᠢᠴᠡᠳᠬᠡᠨ᠎ᠡ︾ ᠲᠠᠢ ᠵᠤᠯᠭᠠᠶ᠎ᠠ᠃ | ᠠᠷᠠᠳ ᠤᠨ ᠲᠥᠯᠥᠭᠡᠯᠡᠭᠴᠢ ᠪᠣᠯᠤᠭᠰᠠᠨ ᠤ ᠬᠤᠪᠢ ᠳᠤ᠂ ᠰᠡᠯᠡᠩᠭᠡ ᠳᠤᠩ ᠴᠢᠩᠭ᠎ᠠ ᠬᠠᠷᠢᠭᠤᠴᠠᠯᠭᠠᠳᠥ | ᠰᠡᠳᠬᠢᠯᠭᠡ ᠲᠠᠢ ᠪᠠᠷ ᠨᠡᠶᠢᠭᠡᠮ ᠲᠣᠭᠤᠷᠢᠭ ᠤᠨ ᠬᠡᠷᠡᠭ ᠶᠠᠪᠤᠳᠠᠯ ᠳᠤ ᠢᠳᠡᠪᠬᠢᠲᠡᠶ ᠣᠷᠣᠯᠴᠠᠵᠠᠶ᠄ 2024 ᠣᠨ ᠳᠤ | ᠂ ᠳᠤᠯᠠᠭᠠᠨ ᠭᠡᠷ ᠨᠡᠶᠢᠭᠡᠮ ᠲᠣᠭᠤᠷᠢᠭ ᠠᠷᠠᠳ ᠤᠨ ᠠᠮᠢᠳᠤᠷᠠᠯ ᠤᠨ ᠬᠦᠰᠡᠯ ᠡᠷᠡᠮᠡᠯᠵᠡᠯ ᠢ ᠠᠴᠢᠶᠠᠯᠠᠵᠤ᠂ ︽ | ᠠᠬᠠᠮᠠᠳ ᠤᠨ ᠬᠤᠭᠤᠯᠠᠨ ᠭᠡᠷ︾ ᠪᠠᠶᠢᠭᠤᠯᠵᠤ᠂ ᠨᠡᠶᠢᠭᠡᠮ ᠲᠣᠭᠤᠷᠢᠭ ᠤᠨ ᠨᠠᠰᠤᠲᠠᠶᠢᠴᠤᠳ ᠤᠨ ᠬᠤᠭᠤᠯᠠ ᠢᠳᠡᠬᠦ | ᠬᠦᠴᠢᠷ ᠠᠰᠠᠭᠤᠳᠠᠯ ᠢ ᠦᠨᠡᠨ ᠬᠦ ᠰᠢᠢᠳᠪᠥᠷᠢᠯᠡᠪᠡ︔ ᠰᠠᠷ᠎ᠠ ᠪᠦᠷᠢ ᠶᠢᠨ 29 ᠤ ᠡᠳᠦᠷ ᠠᠯᠪᠠᠨ ᠵᠢᠷᠤᠮ ᠤᠨ | ᠦᠰᠦ ᠵᠠᠰᠠᠬᠤ ᠦᠢᠯᠡᠴᠢᠯᠡᠭᠡ ᠶᠢ ᠦᠷᠭᠦᠯᠵᠢᠯᠡᠨ ᠠᠬᠢᠭᠤᠯᠵᠤ᠂ ᠤᠯᠠᠭᠠᠨ ᠠᠨᠠᠷ e ᠲᠥᠷᠥᠯ ᠰᠠᠳᠤᠨ ᠤ ᠰᠠᠶᠢᠨ | ᠳᠤᠷ᠎ᠠ ᠶᠢᠨ ᠦᠢᠯᠡᠴᠢᠯᠡᠭᠡᠨ ᠤ ᠡᠩᠨᠡᠭᠡ ᠠᠴᠠ ᠬᠠᠷᠢᠶᠠᠲᠤ ᠣᠷᠣᠨ ᠤ ᠨᠠᠰᠤᠲᠠᠶᠢᠴᠤᠳ ᠲᠤ ᠭᠡᠷ ᠲᠤᠨᠢ ᠬᠦᠷᠴᠦ | ᠠᠷᠢᠭᠤᠨ ᠴᠡᠪᠡᠷ ᠢ ᠴᠡᠪᠡᠷᠯᠡᠬᠦ᠂ ᠬᠤᠭᠤᠯᠠ ᠬᠢᠬᠦ᠂ ᠬᠤᠪᠴᠠᠰᠤ ᠤᠬᠢᠶᠠᠬᠤ᠂ ᠨᠠᠰᠤᠲᠠᠨ ᠢ ᠬᠠᠷᠠᠭᠠᠯᠵᠠᠨ ᠢᠯᠢᠵᠤ | ᠨᠤᠬᠤᠯᠠᠵᠤ ᠥᠭᠬᠦ᠂ ᠨᠠᠰᠤᠲᠠᠨ ᠢ ᠠᠰᠠᠷᠠᠬᠤ ᠬᠦᠷᠢᠶᠡᠯᠡᠩ ᠳᠤ ᠲᠣᠭᠯᠠᠯᠲᠠ ᠭᠠᠷᠭᠠᠬᠤ᠂ ᠪᠤᠤᠰᠡ ᠪᠠᠩᠰᠢ | ᠪᠠᠷᠢᠬᠤ ᠪᠠᠷ ᠳᠠᠮᠵᠢᠭᠤᠯᠤᠨ ᠬᠠᠶᠢᠷ᠎ᠠ ᠬᠠᠯᠠᠮᠵᠢ ᠬᠦᠷᠭᠡᠬᠦ ᠵᠡᠷᠭᠡ᠂ ᠨᠡᠶᠢᠲᠡ 100 ᠭᠠᠷᠤᠶ ᠤᠳᠠᠭ᠎ᠠ ᠠᠵᠢᠯᠯᠠᠭ᠎ᠠ | ᠥᠷᠨᠢᠭᠦᠯᠪᠡ︔ ᠡᠭᠦᠨ ᠤ ᠬᠠᠮᠲᠤ᠂ ᠬᠤᠰᠢᠭᠤᠨ ᠤ ᠡᠮᠡᠭᠲᠡᠶᠢᠴᠦᠳ ᠤᠨ ᠬᠤᠯᠪᠤᠭ᠎ᠠ ᠲᠠᠢ ᠬᠠᠮᠲᠤᠷᠠᠨ ᠨᠠᠮ ᠤᠨ | ᠪᠠᠶᠢᠭᠤᠯᠤᠯᠲᠠ ᠪᠠᠷ ᠠᠵᠢᠯ ᠣᠯᠭᠤᠯᠲᠠ ᠶᠢ ᠠᠬᠢᠭᠤᠯᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠲᠤ | ᠦᠨᠳᠦᠰᠦᠲᠡᠨ ᠤ ᠬᠤᠪᠴᠠᠰᠤ ᠵᠠᠰᠠᠯ ᠵᠢᠴᠢ ᠦᠨᠳᠦᠰᠦᠲᠡᠨ ᠤ ᠭᠠᠷ ᠤᠷᠠᠯᠠᠯ ᠤᠨ ᠪᠣᠯᠪᠠᠰᠤᠷᠠᠯ ᠥᠷᠨᠢᠭᠦᠯᠵᠦ᠂ | ᠬᠠᠷᠢᠶᠠᠲᠤ ᠣᠷᠣᠨ ᠤ 100 ᠭᠠᠷᠤᠶ ᠡᠮᠡᠭᠲᠡᠶᠢᠴᠦᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠳᠤ | ᠬᠦᠴᠦᠨ ᠨᠡᠮᠡᠷᠢᠯᠡᠪᠡ︔ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠤᠩ ᠵᠢᠶᠠᠨ ᠥᠳᠥᠨ ᠪᠥᠮᠪᠦᠭᠡ ᠶᠢᠨ | ᠪᠣᠯᠪᠠᠰᠤᠷᠠᠭᠤᠯᠤᠯ ᠤᠨ ᠪᠠᠶᠢᠭᠤᠯᠤᠮᠵᠢ ᠲᠠᠢ ᠬᠠᠮᠲᠤᠷᠠᠨ ᠥᠳᠥᠨ ᠪᠥᠮᠪᠦᠭᠡ ᠶᠢᠨ ᠪᠣᠯᠪᠠᠰᠤᠷᠠᠭᠤᠯᠤᠯ ᠤᠨ ᠠᠩᠭᠢ | ᠨᠡᠭᠡᠭᠡᠵᠦ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠠᠵᠢᠯ ᠤᠨ ᠴᠢᠯᠥᠭᠡᠨ ᠤ ᠰᠣᠶᠣᠯ ᠪᠡᠶ᠎ᠡ ᠶᠢᠨ ᠲᠠᠮᠢᠷ ᠤᠨ | ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠥᠬᠡᠶ ᠪᠠᠰᠠ ᠰᠠᠭᠤᠭᠠᠯᠢ ᠠᠷᠠᠳ ᠤᠨ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠠᠵᠢᠯᠯᠠᠭ᠎ᠠ ᠳᠤ ᠣᠷᠣᠯᠴᠠᠬᠤ ᠢᠳᠡᠪᠬᠢᠵᠢᠯ ᠢ ᠨᠡᠮᠡᠭᠳᠡᠭᠦᠯᠵᠦ᠂ ᠰᠠᠭᠤᠭᠠᠯᠢ ᠠᠷᠠᠳ ᠲᠤ ᠪᠡᠶ᠎ᠡ | ᠴᠢᠭᠢᠷᠠᠭᠵᠢᠭᠤᠯᠬᠤ ᠲᠠᠪᠴᠠᠩ ᠢ ᠬᠠᠩᠭᠠᠪᠠ︔ ᠢᠳᠡᠪᠬᠢᠲᠡᠶ ᠪᠠᠷ ᠬᠠᠶᠢᠨ ᠰᠥᠪᠡᠭᠴᠢᠯᠡᠨ ᠰᠢᠨ᠎ᠡ ᠶᠢ ᠡᠭᠦᠳᠴᠦ᠂ | ᠰᠢᠬᠢᠳᠬᠡᠯ ᠮᠠᠶ᠋ᠢᠭ ᠤᠨ ᠰᠠᠭᠤᠭᠠᠯᠢ ᠠᠷᠠᠳ ᠤᠨ ᠠᠵᠢᠯᠯᠠᠭᠠᠨ ᠤ ᠲᠠᠰᠤᠭ ᠢ ᠰᠢᠨ᠎ᠡ ᠪᠠᠷ ᠪᠠᠶᠢᠭᠤᠯᠵᠤ᠂ ᠨᠠᠮ ᠪᠠ | ᠣᠯᠠᠨ ᠲᠦᠮᠡᠨ ᠤ ᠦᠢᠯᠡᠴᠢᠯᠡᠭᠡᠨ ᠤ ᠰᠢᠨ᠎ᠡ ᠪᠠᠶᠢᠳᠠᠯ ᠢ ᠪᠣᠶ ᠪᠣᠯᠭᠠᠪᠠ᠃ | | |