ᠵᠢᠶᠠ ᠪᠦᠦ ᠯᠢᠶᠠᠩ ᠱᠠᠨᠳᠦ᠋ᠩ᠂ ᠾᠧᠪᠸᠢ ᠵᠡᠷᠭᠡ ᠭᠠᠵᠠᠷ ᠲᠤ ᠬᠦᠷᠴᠦ ᠠᠷᠢᠯᠵᠢᠶᠠᠴᠢᠨ ᠤᠷᠢᠵᠤ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2025/1/13
      1 ᠰᠠᠷ᠎ᠠ ᠶᠢᠨ 9 ᠤ ᠡᠳᠦᠷ ᠠᠴᠠ 11 ᠤ ᠡᠳᠦᠷ ᠪᠣᠯᠲᠠᠯ᠎ᠠ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠾᠧᠪᠸᠢ᠂ ᠱᠠᠨᠳᠦ᠋ᠩ ᠮᠤᠵᠢ ᠳᠤ ᠬᠦᠷᠴᠦ ᠠᠷᠢᠯᠵᠢᠶᠠᠴᠢᠨ ᠤᠷᠢᠵᠤ ᠰᠢᠨᠵᠢᠯᠡᠨ ᠪᠠᠶᠢᠴᠠᠭᠠᠵᠤ᠂ ᠴᠢᠩᠳᠣᠤ ᠶᠢᠨ ᠪᠧᠢ ᠡᠯ ᠺᠠ ᠣᠶᠤᠨᠴᠢ ᠲᠣᠨᠣᠭᠯᠠᠯ ᠤᠨ ᠬᠢᠵᠠᠭᠠᠷᠲᠤ ᠺᠣᠮᠫᠠᠨᠢ᠂ ᠴᠢ ᠯᠦ ᠤᠰᠤᠲᠥ᠋ᠷᠥᠭᠴᠢ ᠶᠢᠨ ᠡᠨᠧᠷᠭᠢ ︵ᠱᠠᠨᠳᠦ᠋ᠩ︶ ᠶᠢᠨ ᠬᠥᠭᠵᠢᠯᠲᠡ ᠶᠢᠨ ᠬᠢᠵᠠᠭᠠᠷᠲᠤ ᠺᠣᠮᠫᠠᠨᠢ᠂ ᠸᠧᠶ ᠹᠠᠩ ᠵᠢᠶᠧ ᠺᠥ᠋ ᠤᠶᠤᠨᠲᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠪᠣᠯᠤᠨ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠤᠨ ᠾᠧᠪᠧᠶ ᠮᠤᠵᠢ ᠶᠢᠨ ᠴᠠᠬᠢᠯᠭᠠᠨ ᠬᠦᠴᠦᠨ ᠤ ᠬᠠᠶᠢᠨ ᠬᠡᠮᠵᠢᠯᠲᠡ ᠶᠢᠨ ᠵᠢᠷᠤᠭ ᠲᠥᠯᠥᠪᠯᠡᠭᠡ ᠶᠢᠨ ᠰᠤᠳᠤᠯᠭᠠᠨ ᠤ ᠬᠦᠷᠢᠶᠡᠯᠡᠩ ᠤᠨ ᠬᠢᠵᠠᠭᠠᠷᠲᠤ ᠺᠣᠮᠫᠠᠨᠢ ᠶᠢ ᠰᠤᠷᠪᠤᠯᠵᠢᠯᠠᠪᠠ᠃     ᠴᠢᠩᠳᠣᠤ ᠶᠢᠨ ᠪᠧᠢ ᠡᠯ ᠺᠠ ᠣᠶᠤᠨᠴᠢ ᠲᠣᠨᠣᠭᠯᠠᠯ ᠤᠨ ᠬᠢᠵᠠᠭᠠᠷᠲᠤ ᠺᠣᠮᠫᠠᠨᠢ ᠳᠤ᠂ ᠵᠢᠶᠠ ᠪᠦᠦ ᠯᠢᠶᠠᠩ ᠨᠠᠷ ᠨᠡᠭᠦᠷᠡᠰᠦᠲᠥ᠋ᠷᠥᠭᠴᠢ ᠶᠢᠨ ᠡᠷᠬᠢᠯᠳᠡᠳᠦ ᠠᠮᠢᠳᠤ ᠪᠣᠳᠠᠰ ᠤᠨ ᠣᠷᠴᠢᠨ ᠲᠣᠭᠤᠷᠢᠨ ᠤ ᠬᠠᠮᠠᠭᠠᠯᠠᠯᠲᠠ ᠠᠮᠢ ᠠᠬᠤᠢ ᠶᠢᠨ ᠨᠢᠭᠲᠠ ᠪᠢᠲᠡᠭᠦᠮᠵᠢᠯᠡᠨ ᠰᠢᠲᠠᠭᠠᠬᠤ ᠲᠦᠷᠦᠯ ᠵᠦᠢᠯ ᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠭᠰᠠᠨ ᠪᠥᠭᠡᠳ ᠠᠵᠤ ᠠᠬᠤᠶᠢᠯᠠᠯ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠵᠢᠶᠠ ᠪᠦᠦ ᠯᠢᠶᠠᠩ ᠢᠯᠡᠷᠬᠡᠶᠢᠯᠡᠬᠦ ᠳᠡᠭᠡᠨ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠪᠣᠯ ᠲᠠᠷᠢᠶᠠᠯᠠᠩ ᠮᠠᠯ ᠠᠵᠤ ᠠᠬᠤᠶ ᠶᠢᠨ ᠲᠣᠮᠣ ᠬᠤᠰᠢᠭᠤ ᠮᠥᠨ᠂ ᠲᠠᠷᠢᠶᠠᠯᠠᠩ ᠮᠠᠯ ᠠᠵᠤ ᠠᠬᠤᠶ ᠶᠢᠨ ᠬᠠᠶᠠᠭᠳᠠᠮᠠᠯ ᠪᠣᠳᠠᠰ ᠢ ᠥᠨᠳᠥᠷ ᠪᠦᠲᠦᠮᠵᠢᠲᠡᠶ ᠪᠠᠷ ᠡᠬᠢ ᠪᠠᠶᠠᠯᠢᠭᠵᠢᠭᠤᠯᠤᠨ ᠠᠰᠢᠭᠯᠠᠬᠤ ᠠᠰᠠᠭᠤᠳᠠᠯ ᠢ ᠮᠥᠨ ᠬᠦ ᠪᠦᠲᠦᠮᠵᠢᠲᠡᠶ ᠰᠢᠢᠳᠪᠦᠷᠢᠯᠡᠵᠦ ᠴᠢᠳᠠᠭᠠᠳᠤᠢ ᠪᠠᠶᠢᠵᠤ᠂ ᠠᠮᠢᠳᠤ ᠪᠣᠳᠠᠰ ᠤᠨ ᠡᠷᠭᠢᠯᠲᠡ ᠶᠢᠨ ᠠᠵᠤ ᠦᠢᠯᠡᠰ ᠢ ᠬᠥᠭᠵᠢᠭᠦᠯᠬᠦ ᠪᠣᠯ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠴᠢᠬᠤᠯᠠ ᠠᠷᠭ᠎ᠠ ᠵᠠᠮ ᠮᠥᠨ᠃ ᠪᠧᠢ ᠡᠯ ᠺᠠ ᠺᠣᠮᠫᠠᠨᠢ ᠠᠷᠪᠠ ᠭᠠᠷᠤᠢ  ᠵᠢᠯ ᠤᠨ ᠳᠣᠰᠬᠠᠢ ᠮᠡᠷᠭᠡᠵᠢᠯ ᠤᠨ ᠲᠥᠬᠦᠭᠡᠷᠦᠮᠵᠢ ᠦᠢᠯᠡᠳᠬᠦ ᠪᠠ ᠰᠤᠳᠤᠯᠤᠨ ᠨᠡᠭᠡᠭᠡᠬᠦ ᠳᠣᠷᠰᠢᠯᠭ᠎ᠠ ᠲᠠᠢ ᠪᠠᠶᠢᠵᠤ᠂ ᠭᠤᠣᠯ ᠪᠦᠲᠦᠭᠡᠭᠳᠡᠬᠦᠨ ᠨᠢ ᠠᠮᠢᠳᠤ ᠪᠣᠳᠠᠰ ᠤᠨ ᠨᠡᠭᠦᠷᠡᠰᠦ᠂ ᠮᠣᠳᠣᠨ ᠼᠤᠤ ᠶᠢᠨ ᠰᠢᠩᠭᠡᠨ ᠪᠣᠯᠤᠨ ᠣᠷᠭᠠᠨᠢᠭ ᠪᠣᠷᠳᠣᠭᠤᠷ ᠵᠡᠷᠭᠡ ᠶᠢ ᠬᠠᠮᠤᠷᠴᠤ᠂ ᠣᠷᠴᠢᠨ ᠲᠣᠭᠤᠷᠢᠨ ᠢ ᠬᠠᠮᠠᠭᠠᠯᠠᠬᠤ ᠪᠠ ᠲᠠᠷᠢᠶᠠᠯᠠᠩ ᠤᠨ ᠬᠦᠷᠢᠶᠡᠨ ᠳᠤ ᠥᠷᠭᠡᠨ ᠢᠶᠠᠷ ᠬᠡᠷᠡᠭᠯᠡᠵᠡᠢ᠃ ᠬᠤᠶᠠᠷ ᠲᠠᠯ᠎ᠠ ᠪᠠᠷ ᠢᠶᠠᠨ ᠪᠣᠳᠠᠲᠠᠶ ᠶᠢ ᠡᠷᠬᠢᠮᠯᠡᠭᠰᠡᠨ ᠬᠠᠮᠲᠤᠷᠠᠯᠴᠠᠭ᠎ᠠ ᠬᠢᠵᠦ᠂ ᠮᠠᠨ ᠤ ᠬᠤᠰᠢᠭᠤᠨ ᠤ ᠠᠮᠢ ᠠᠬᠤᠶ ᠶᠢᠨ ᠠᠵᠤ ᠦᠶᠢᠯᠡᠰᠵᠢᠯᠲᠡ ᠶᠢᠨ ᠬᠥᠭᠵᠢᠯᠲᠡ ᠶᠢᠨ ᠴᠢᠭᠯᠡᠯ ᠢ ᠤᠯᠠᠮ ᠨᠢᠭᠡ ᠠᠯᠬᠤᠮ ᠬᠠᠶᠢᠨ ᠰᠦᠪᠡᠭᠴᠢᠯᠡᠵᠦ᠂ ᠪᠣᠬᠢᠷᠲᠤᠯ ᠥᠬᠡᠶ ᠦᠷᠭᠦᠯᠵᠢᠯᠡᠬᠦ ᠬᠥᠭᠵᠢᠯᠲᠡ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠪᠡ᠃      ᠴᠢ ᠯᠦ ᠤᠰᠤᠲᠥ᠋ᠷᠥᠭᠴᠢ ᠶᠢᠨ ᠡᠨᠧᠷᠭᠢ ︵ᠱᠠᠨᠳᠦ᠋ᠩ︶ ᠶᠢᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠳᠤ᠂ ᠵᠢᠶᠠ ᠪᠦᠦ ᠯᠢᠶᠠᠩ ᠺᠣᠮᠫᠠᠨᠢ ᠶᠢᠨ ᠶᠡᠷᠦᠩᠬᠡᠢ ᠳᠠᠭᠠᠭᠠᠮᠠᠯ ᠵᠤᠤ ᠠᠢ ᠳ᠋ᠧ ᠲᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ ᠵᠢᠶᠠ ᠪᠦᠦ ᠯᠢᠶᠠᠩ ᠢᠯᠡᠷᠬᠡᠶᠢᠯᠡᠬᠦ ᠳᠡᠭᠡᠨ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ ᠤᠯᠠᠨ ᠠᠴᠠ ᠣᠨᠴᠠᠭᠠᠢ ᠥᠩᠭᠡ ᠦᠵᠡᠮᠵᠢ ᠶᠢᠨ ᠡᠬᠢ ᠪᠠᠶᠠᠯᠢᠭ ᠤᠨ ᠳᠠᠪᠠᠭᠤᠯᠢᠭ ᠲᠠᠢ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠡᠭᠦᠷᠡᠰᠥᠳᠥ᠋ᠷᠥᠭᠴᠢ ᠦᠭᠡᠢ ᠬᠦᠷᠢᠶᠡᠯᠡᠩ ᠲᠣᠭᠤᠷᠢᠭ ᠪᠣᠯᠤᠨ ᠬᠤᠸᠠ ᠳ᠋ᠢᠶᠠᠨ ᠪᠣᠬᠢᠷᠲᠤᠯ ᠥᠬᠡᠶ ᠤᠰᠤᠲᠥ᠋ᠷᠥᠭᠴᠢ ᠶᠢ ᠦᠢᠯᠡᠳᠭᠦ ᠲᠥᠷᠥᠯ ᠵᠦᠢᠯ ᠤᠨ ᠠᠵᠤ ᠦᠢᠯᠡᠰ ᠤᠨ ᠴᠤᠭᠯᠠᠷᠠᠯ ᠤᠨ ᠦᠢᠯᠡᠳᠥᠯ ᠳᠤ ᠲᠦᠰᠢᠭᠯᠡᠨ᠂ ᠤᠰᠤᠲᠥ᠋ᠷᠥᠭᠴᠢ ᠡᠨᠧᠷᠭᠢ ᠶᠢᠨ ᠠᠵᠤ ᠦᠶ᠋ᠯᠡᠰ ᠤᠨ ᠰᠠᠭᠤᠷᠢᠨ ᠭᠠᠵᠠᠷ ᠢ ᠪᠥᠬᠦ ᠬᠦᠴᠦᠨ ᠢᠶᠠᠷ ᠢᠶᠠᠨ ᠪᠠᠶᠢᠭᠤᠯᠵᠤ ᠪᠠᠶᠢᠨ᠎ᠠ᠃ ᠴᠢ ᠯᠦ ᠤᠰᠤᠲᠥ᠋ᠷᠥᠭᠴᠢ ᠡᠨᠧᠷᠭᠢ ᠨᠢ ᠤᠰᠤᠲᠥ᠋ᠷᠥᠭᠴᠢ ᠬᠠᠳᠠᠭᠠᠯᠠᠬᠤ᠂ ᠤᠰᠤᠲᠥ᠋ᠷᠥᠭᠴᠢ ᠵᠥᠭᠡᠭᠡᠪᠦᠷᠢᠯᠡᠬᠦ ᠬᠦᠷᠢᠶᠡᠨ ᠳᠤ ᠪᠣᠯᠪᠠᠰᠤᠷᠠᠩᠭᠤᠶ ᠮᠡᠷᠭᠡᠵᠢᠯ ᠤᠨ ᠰᠢᠰᠲ᠋ᠧᠮ ᠲᠠᠢ ᠪᠠᠶᠢᠵᠤ᠂ ᠮᠠᠨ ᠤ ᠬᠤᠰᠢᠭᠤᠨ ᠤ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠨ ᠪᠥᠭᠡᠮᠨᠡᠷᠡᠨ ᠬᠥᠭᠵᠢᠬᠦ ᠶᠢ ᠠᠬᠢᠭᠤᠯᠵᠤ ᠴᠢᠳᠠᠨ᠎ᠠ᠃ ᠴᠢ ᠯᠦ ᠤᠰᠤᠲᠥ᠋ᠷᠥᠭᠴᠢ ᠡᠨᠧᠷᠭᠢ ᠨᠢ ᠳᠠᠷᠬᠠᠨ ᠮᠤᠤᠮᠢᠩᠭᠠᠨ ᠬᠤᠰᠢᠭᠤᠨ ᠤ ᠲᠥᠷᠥᠯ ᠵᠦᠢᠯ ᠢ ᠲᠦᠷᠭᠡᠳᠬᠡᠨ ᠠᠬᠢᠭᠤᠯᠵᠤ᠂ ᠮᠠᠨ ᠤ ᠬᠤᠰᠢᠭᠤᠨ ᠤ ᠤᠰᠤᠲᠥ᠋ᠷᠥᠭᠴᠢ ᠦᠢᠯᠡᠳᠬᠦ᠂ ᠤᠰᠤᠲᠥ᠋ᠷᠥᠭᠴᠢ ᠬᠠᠳᠠᠭᠠᠯᠠᠬᠤ᠂ ᠤᠰᠤᠲᠥ᠋ᠷᠥᠭᠴᠢ ᠲᠡᠭᠡᠭᠡᠪᠦᠷᠢᠯᠡᠬᠦ᠂ ᠤᠰᠤᠲᠥ᠋ᠷᠥᠭᠴᠢ ᠶᠢ ᠬᠡᠷᠡᠭᠯᠡᠬᠦ ᠶᠢ ᠨᠢᠭᠡ ᠴᠣᠭᠴᠠᠵᠢᠭᠤᠯᠤᠭᠰᠠᠨ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠨ ᠰᠠᠭᠤᠷᠢᠨ ᠭᠠᠵᠠᠷ ᠢ ᠪᠠᠶᠢᠭᠤᠯᠬᠤ ᠳᠤ ᠬᠦᠴᠦᠨ ᠨᠡᠮᠡᠷᠢᠯᠡᠵᠦ᠂ ᠬᠠᠷᠢᠯᠴᠠᠨ ᠠᠰᠢᠭ ᠤᠯᠵᠤ ᠬᠠᠮᠲᠤ ᠪᠠᠷ ᠠᠰᠢᠭ ᠭᠥᠷᠳᠡᠬᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠪᠡ᠃      ᠸᠧᠶ ᠹᠠᠩ ᠵᠢᠶᠧ ᠺᠥ᠋ ᠤᠶᠤᠨᠲᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ᠂ ᠰᠦᠯᠵᠢᠶᠡᠨ ᠤᠳᠤ ᠶᠢᠨ ᠢᠳᠡᠭᠡᠨ ᠤᠮᠳᠠᠭᠠᠨ ᠤ ᠲᠡᠷᠭᠡ ᠦᠢᠯᠡᠳᠬᠦ ᠦᠢᠯᠡᠳᠪᠦᠷᠢ ᠶᠢᠨ ᠲᠠᠰᠤᠭ ᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠭᠰᠠᠨ ᠤ ᠳᠠᠷᠠᠭ᠎ᠠ᠂ ᠵᠢᠶᠠ ᠪᠦᠦ ᠯᠢᠶᠠᠩ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠴᠧᠨ ᠢᠦᠢ ᠫᠧᠩ ᠨᠡᠷ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠵᠢᠶᠠ ᠪᠦᠦ ᠯᠢᠶᠠᠩ ᠢᠯᠡᠷᠬᠡᠶᠢᠯᠡᠬᠦ ᠳᠡᠭᠡᠨ᠂᠂ᠵᠢᠶᠧ ᠺᠥ᠋ ᠤᠶᠤᠨᠲᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠦᠢᠯᠡᠳᠬᠦᠨ ᠤ ᠰᠢᠨ᠎ᠡ ᠶᠢ ᠡᠭᠦᠳᠬᠦ ᠪᠠ ᠵᠠᠬ᠎ᠠ ᠳᠡᠯᠭᠡᠭᠦᠷ ᠤᠨ ᠳᠡᠯᠭᠡᠷᠡᠭᠦᠯᠦᠯᠲᠡ ᠪᠠ ᠡᠵᠡᠩᠨᠡᠨ ᠪᠣᠷᠣᠯᠠᠭᠤᠯᠬᠤ ᠵᠠᠭᠪᠤᠷ ᠤᠨ ᠲᠠᠯ᠎ᠠ ᠪᠠᠷ ᠬᠢ ᠠᠮᠵᠢᠯᠲᠠ ᠲᠠᠢ ᠲᠤᠷᠰᠢᠯᠭ᠎ᠠ ᠨᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ ᠲᠣᠯᠢ ᠪᠣᠯᠭᠠᠬᠤ ᠰᠡᠳᠬᠢᠴᠡ ᠬᠠᠩᠭᠠᠪᠠ᠃ ᠳᠠᠷᠠᠭᠠᠴᠢ ᠶᠢᠨ ᠠᠯᠬᠤᠮ ᠳᠤ᠂ ︽ᠪᠠᠲᠤᠬᠠᠭᠠᠯᠭ᠎ᠠ ᠶᠢᠨ ᠶᠠᠫᠣᠨ ᠢ ᠡᠰᠡᠷᠭᠦᠴᠡᠬᠦ ᠵᠡᠪᠰᠡᠭᠲᠦ ᠪᠣᠰᠣᠯᠭ᠎ᠠ︾᠂ ︽ᠲᠠᠯ᠎ᠠ ᠨᠤᠲᠤᠭ ᠤᠨ ᠪᠠᠭᠠᠲᠤᠷ ᠡᠭᠡᠴᠢ ᠥᠬᠢᠨ ᠳᠡᠭᠦᠦ︾᠂ ︽ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠶᠢ ᠪᠦᠳᠦᠭᠡᠨ ᠪᠠᠶᠢᠭᠤᠯᠬᠤ︾ ᠵᠡᠷᠭᠡ ᠲᠡᠦᠬᠡ ᠶᠢᠨ ᠦᠯᠢᠭᠡᠷ ᠢ ᠭᠦᠨᠵᠡᠭᠡᠢ ᠠᠭᠤᠳᠠᠯᠤᠨ ᠰᠠᠶᠢᠲᠤᠷ ᠠᠰᠢᠭᠯᠠᠵᠤ᠂ ᠡᠯ᠎ᠡ ᠰᠤᠮᠤ ᠰᠢᠶᠠᠩ ᠪᠠᠯᠭᠠᠰᠤᠨ ᠤ ᠠᠷᠠᠳ ᠤᠨ ᠵᠠᠩ ᠦᠢᠯᠡ ᠶᠢᠨ ᠰᠣᠶᠣᠯ ᠲᠠᠢ ᠭᠦᠢᠴᠡᠳ ᠤᠶᠠᠯᠳᠤᠭᠤᠯᠵᠤ᠂ ᠨᠢᠭᠡ ᠪᠦᠯᠦᠭ ᠥᠪᠡᠷᠮᠢᠴᠡ ᠣᠨᠴᠠᠯᠢᠭ ᠲᠠᠢ ᠭᠤᠣᠯ ᠰᠡᠳᠦᠪᠲᠦ ᠬᠤᠭᠤᠯᠠᠨ ᠲᠡᠷᠭᠡ ᠶᠢ ᠪᠠᠶᠢᠭᠤᠯᠬᠤ ᠬᠡᠷᠡᠭᠲᠡᠢ᠃ ᠡᠭᠦᠨ ᠤ ᠬᠠᠮᠲᠤ᠂ ᠠᠵᠤ ᠠᠬᠤᠶᠢᠯᠠᠯ ᠤᠨ ᠬᠢᠯᠢ ᠠᠯᠤᠰᠯᠠᠨ ᠬᠠᠮᠲᠤᠷᠠᠯᠴᠠᠭᠰᠠᠨ ᠲᠤᠷᠰᠢᠯᠭ᠎ᠠ ᠪᠠᠷ ᠲᠣᠯᠢ ᠪᠣᠯᠭᠠᠵᠤ᠂ ᠵᠢᠭᠤᠯᠴᠢᠯᠠᠯ ᠤᠨ ᠦᠵᠡᠮᠵᠢ ᠶᠢᠨ ᠣᠷᠣᠨ᠂ ᠰᠣᠶᠣᠯ ᠤᠨ ᠠᠵᠢᠯᠯᠠᠭ᠎ᠠ ᠶᠢᠨ ᠭᠤᠤᠯᠯᠠᠨ ᠡᠷᠭᠢᠯᠡᠭᠰᠡᠨ ᠲᠠᠯ᠎ᠠ ᠯᠤᠭ᠎ᠠ ᠬᠤᠯᠪᠣᠭᠠᠯᠠᠵᠤ᠂ ᠢᠳᠡᠭᠡᠨ ᠤᠮᠳᠠᠭᠠᠨ ᠤ ᠲᠡᠷᠭᠡ ᠶᠢ ᠡᠯ᠎ᠡ ᠲᠥᠷᠥᠯ ᠤᠨ ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ ᠳᠡᠯᠭᠡᠨ ᠦᠵᠡᠭᠦᠯᠵᠦ᠂ ᠬᠥᠮᠥᠰ ᠤᠨ ᠮᠡᠳᠡᠭᠦ ᠬᠡᠮᠵᠢᠶ᠎ᠡ ᠶᠢ ᠨᠡᠮᠡᠭᠳᠡᠭᠦᠯᠥᠨ᠎ᠡ᠃ ᠵᠢᠶᠧ ᠺᠥ᠋ ᠤᠶᠤᠨᠲᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠲᠣᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠤᠨᠴᠠᠯᠢᠬᠳᠤ ᠵᠡᠭᠡᠯᠢ ᠲᠣᠭᠤᠷᠢᠭ ᠢ ᠴᠣᠭᠴᠠᠯᠠᠬᠤ ᠵᠡᠷᠭᠡ ᠬᠦᠷᠢᠶᠡᠨ ᠳᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠲᠠᠢ ᠬᠠᠮᠲᠤᠷᠠᠯᠴᠠᠭ᠎ᠠ ᠬᠢᠵᠦ᠂ ᠡᠯᠪᠡᠭ ᠪᠠᠶᠠᠯᠢᠭ ᠦᠷ᠎ᠡ ᠪᠦᠲᠦᠭᠡᠯ ᠤᠯᠬᠤ ᠶᠢ ᠬᠦᠰᠡᠵᠦ ᠪᠠᠶᠢᠨ᠎ᠠ ᠬᠡᠪᠡ᠃      ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠤᠨ ᠾᠧᠪᠸᠢ ᠮᠤᠵᠢ ᠶᠢᠨ ᠴᠠᠬᠢᠯᠭᠠᠨ ᠬᠦᠴᠦᠨ ᠤ ᠬᠠᠶᠢᠨ ᠬᠡᠮᠵᠢᠯᠲᠡ ᠶᠢᠨ ᠵᠢᠷᠤᠭ ᠲᠥᠯᠥᠪᠯᠡᠭᠡ ᠶᠢᠨ ᠰᠤᠳᠤᠯᠭᠠᠨ ᠤ ᠬᠦᠷᠢᠶᠡᠯᠡᠩ ᠤᠨ ᠬᠢᠵᠠᠭᠠᠷᠲᠤ ᠺᠣᠮᠫᠠᠨᠢ ᠳᠤ᠂ ᠵᠢᠶᠠ ᠪᠦᠦ ᠯᠢᠶᠠᠩ ᠨᠠᠷ ᠺᠣᠮᠫᠠᠨᠢ ᠶᠢᠨ ᠦᠵᠡᠭᠦᠯᠦᠯᠭᠡ ᠶᠢᠨ ᠲᠢᠩᠬᠢᠮ ᠢ ᠲᠣᠭᠤᠷᠢᠨ ᠦᠵᠡᠭᠰᠡᠨ ᠪᠥᠭᠡᠳ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠯᠢ ᠬᠠᠢ ᠯᠦ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠵᠢᠶᠠ ᠪᠦᠦ ᠯᠢᠶᠠᠩ ᠢᠯᠡᠷᠬᠡᠶᠢᠯᠡᠬᠦ ᠳᠡᠭᠡᠨ᠂  ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠡᠭᠦᠷᠡᠰᠥᠳᠥ᠋ᠷᠥᠭᠴᠢ ᠦᠭᠡᠢ ᠬᠦᠷᠢᠶᠡᠯᠡᠩ ᠲᠣᠭᠤᠷᠢᠭ ᠶᠠᠭ ᠴᠢᠨᠠᠷ ᠰᠠᠶᠢᠲᠠᠢ ᠬᠥᠭᠵᠢᠯᠲᠡ ᠶᠢᠨ ᠵᠠᠩᠭᠢᠯᠠᠭ᠎ᠠ ᠶᠢᠨ ᠴᠡᠭ ᠲᠤ ᠣᠷᠣᠰᠢᠵᠤ᠂ ᠡᠯ᠎ᠡ ᠲᠦᠷᠦᠯ ᠤᠨ ᠠᠵᠠ ᠲᠣᠬᠢᠶᠠᠯ ᠳᠠᠪᠬᠤᠴᠠᠵᠤ᠂ ᠬᠥᠭᠵᠢᠯᠲᠡ ᠶᠢᠨ ᠬᠠᠨᠳᠤᠰᠢ ᠳᠤᠩ ᠰᠠᠶᠢᠨ ᠪᠠᠶᠢᠨ᠎ᠠ᠃ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠤᠨ ᠾᠧᠪᠸᠢ ᠮᠤᠵᠢ ᠶᠢᠨ ᠴᠠᠬᠢᠯᠭᠠᠨ ᠬᠦᠴᠦᠨ ᠤ ᠬᠠᠶᠢᠨ ᠬᠡᠮᠵᠢᠯᠲᠡ ᠶᠢᠨ ᠵᠢᠷᠤᠭ ᠲᠥᠯᠥᠪᠯᠡᠭᠡ ᠶᠢᠨ ᠰᠤᠳᠤᠯᠭᠠᠨ ᠤ ᠬᠦᠷᠢᠶᠡᠯᠡᠩ ᠤᠨ ᠬᠢᠵᠠᠭᠠᠷᠲᠤ ᠺᠣᠮᠫᠠᠨᠢ ᠴᠠᠬᠢᠯᠭᠠᠨ ᠬᠦᠴᠦᠨ ᠤ ᠢᠨᠵᠧᠨᠧᠷᠢᠩ ᠤᠨ ᠬᠠᠶᠢᠨ ᠬᠡᠮᠵᠢᠯᠲᠡ᠂ ᠵᠢᠷᠤᠭ ᠲᠥᠯᠥᠪᠯᠡᠭᠡ ᠵᠡᠷᠭᠡ ᠬᠦᠷᠢᠶᠡᠨ ᠤ ᠲᠤᠰᠬᠠᠢ ᠮᠡᠷᠭᠡᠵᠢᠯ ᠨᠢ ᠪᠤᠯᠪᠠᠰᠤᠷᠠᠩᠭᠤᠢ᠂ ᠪᠣᠳᠠᠲᠤ ᠬᠦᠴᠦᠨ ᠢᠶᠠᠷ ᠴᠢᠩᠭ᠎ᠠ ᠪᠠᠶᠢᠵᠤ᠂ ᠮᠠᠰᠢ ᠤᠯᠠᠨ ᠠᠮᠵᠢᠯᠲᠠ ᠲᠠᠢ ᠵᠢᠱᠢᠶ᠎ᠡ ᠪᠣᠯᠤᠨ ᠬᠤᠰᠢᠭᠤᠷᠠᠯ ᠮᠡᠷᠭᠡᠵᠢᠯ ᠤᠨ ᠬᠤᠷᠠᠮᠳᠤᠭᠤᠯᠭ᠎ᠠ ᠲᠠᠢ ᠶᠤᠮ᠃ ᠺᠣᠮᠫᠠᠨᠢ ᠲᠠᠢ ᠭᠦᠨᠵᠡᠭᠡᠢ ᠵᠣᠯᠭᠠᠯᠴᠠᠭ᠎ᠠ ᠥᠷᠨᠢᠭᠦᠯᠵᠦ᠂ ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ ᠤᠨ ᠰᠢᠨ᠎ᠡ ᠡᠨᠧᠷᠭᠢ ᠪᠠᠷ ᠴᠠᠬᠢᠯᠭᠠᠨ ᠭᠠᠷᠭᠠᠵᠤ ᠤᠷᠬᠢᠯ ᠢ ᠲᠤᠬᠢᠷᠠᠭᠤᠯᠬᠤ᠂ ᠴᠠᠬᠢᠯᠭᠠᠨ ᠲᠣᠣᠷ ᠢ ᠰᠢᠯᠢᠳᠡᠭᠵᠢᠭᠦᠯᠦᠨ ᠲᠡᠰ ᠳᠡᠪᠰᠢᠭᠦᠯᠬᠦ᠂ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠵᠡᠷᠭᠡ ᠶᠢ ᠬᠠᠮᠲᠤᠷᠠᠯᠴᠠᠨ ᠠᠬᠢᠭᠤᠯᠬᠤ ᠶᠢ ᠬᠦᠰᠡᠵᠦ ᠪᠠᠶᠢᠨ᠎ᠠ᠂ ᠪᠢᠳᠡ ᠪᠦᠬᠦ ᠬᠦᠴᠦᠨ ᠢᠶᠠᠷ ᠢᠶᠠᠨ ᠠᠵᠤ ᠠᠬᠤᠶᠢᠯᠠᠯ ᠤᠨ ᠳᠠᠷᠬᠠᠨ ᠮᠤᠤᠮᠢᠩᠭᠠᠨ ᠤ ᠬᠥᠭᠵᠢᠯᠲᠡ ᠳᠤ ᠦᠢᠯᠡᠴᠢᠯᠡᠬᠦ ᠪᠠᠲᠤᠯᠠᠭ᠎ᠠ ᠶᠢ ᠰᠠᠶᠢᠲᠤᠷ ᠬᠢᠨ᠎ᠠ᠃ ᠬᠤᠷᠠᠯ ᠤᠨ ᠳᠠᠷᠠᠭ᠎ᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠪᠦᠲᠦᠭᠡᠨ ᠪᠠᠶᠢᠭᠤᠯᠤᠯᠲᠠ ᠶᠢᠨ ᠾᠧᠪᠧᠶ ᠶᠢᠨ ᠬᠦᠷᠢᠶᠡᠯᠡᠩ ᠲᠠᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠪᠠ᠃      ᠬᠤᠰᠢᠭᠤᠨ ᠤ ᠤᠳᠤᠷᠢᠳᠤᠯᠭ᠎ᠠ ᠶᠠᠨ ᠴᠦᠨ ᠯᠸᠢ᠂ ᠯᠢᠦ ᠯᠢᠶᠠᠩ᠂ ᠴᠠᠩ ᠬᠤᠩ᠂ ᠯᠢᠦ ᠰᠢ ᠴᠧᠨ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠡᠭᠦᠷᠡᠰᠥᠳᠥ᠋ᠷᠥᠭᠴᠢ ᠦᠭᠡᠢ ᠬᠦᠷᠢᠶᠡᠯᠡᠩ ᠲᠣᠭᠤᠷᠢᠭ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠰᠣᠶᠣᠯ ᠵᠢᠭᠤᠯᠴᠢᠯᠠᠯ ᠤᠨ ᠲᠣᠪᠴᠢᠶ᠎ᠠ᠂ ᠪᠡᠯᠡ ᠣᠷᠣᠭᠤᠯᠬᠤ ᠶᠢ ᠠᠬᠢᠭᠤᠯᠬᠤ ᠲᠥᠪ᠂ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ  ᠮᠡᠷᠭᠡᠵᠢᠯ ᠤᠨ ᠺᠣᠮᠫᠠᠨᠢ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠡᠵᠡᠩᠨᠡᠯᠲᠡ ᠶᠢᠨ ᠺᠣᠮᠫᠠᠨᠢ ᠲᠣᠰ ᠲᠣᠰ ᠣᠷᠣᠯᠴᠠᠪᠠ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号