ᠰᠦ᠋ ᠶᠠᠨ ᠵᠢᠶᠦ᠋ᠨ᠄ ᠦᠨᠳᠦᠰᠦᠨ ᠱᠠᠲᠤᠨ ᠳᠤ ᠦᠢᠯᠡᠴᠢᠯᠡᠵᠥ᠂ ᠬᠠᠷᠢᠭᠤᠴᠠᠯᠭ᠎ᠠ ᠡᠭᠦᠷᠭᠡᠯᠡᠨ ᠵᠢᠳᠬᠦᠯ | ᠴᠢᠷᠮᠠᠶᠢᠯᠭ᠎ᠠ ᠭᠠᠷᠭᠠᠵᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠬᠠᠷᠢᠭᠤᠯᠲᠠ ᠶᠢᠨ ᠬᠠᠭᠤᠳᠠᠰᠤ ᠶᠢ | ᠪᠢᠴᠢᠭᠯᠡᠨ᠎ᠡ | ᠲᠠᠷᠬᠠᠨ ᠮᠤᠤᠮᠢᠩᠭᠠᠨ ᠤ ᠥᠷᠭᠡᠨ ᠠᠭᠤᠳᠠᠮ ᠳᠠᠯ᠎ᠠ ᠨᠤᠲᠤᠭ ᠲᠤ ᠬᠥᠭᠵᠢᠯᠲᠡ ᠶᠢᠨ ᠠᠶᠠᠯᠭᠤ ᠰᠣᠨᠣᠰᠳᠠᠵᠤ᠂ | ᠡᠷᠡᠯᠬᠡᠭᠯᠡᠨ ᠤᠷᠤᠭᠰᠢᠯᠠᠬᠤ ᠬᠠᠩᠭᠢᠨᠠᠮ᠎ᠠ ᠳᠠᠭᠤᠨ ᠴᠤᠤᠷᠢᠶᠠᠳᠤᠨ᠎ᠠ᠃ ᠡᠨᠡᠬᠦ ᠬᠦᠰᠡᠯ ᠡᠷᠡᠮᠡᠯᠵᠡᠯ ᠢᠶᠠᠷ ᠪᠢᠯᠬᠠᠭᠰᠠᠨ | ᠬᠠᠯᠠᠭᠤᠨ ᠬᠥᠷᠥᠰᠥᠨ ᠳᠤ ᠨᠤᠲᠤᠭ ᠤᠰᠤ ᠲᠠᠢ ᠪᠠᠨ ᠰᠡᠳᠬᠢᠯ ᠵᠢᠷᠦᠬᠡ ᠪᠠᠨ ᠬᠤᠯᠪᠤᠭᠰᠠᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠬᠥᠭᠵᠢᠶᠡᠨᠲᠡᠢ ᠠᠵᠢᠯᠯᠠᠵᠤ᠂ ᠴᠠᠭ ᠢᠮᠠᠭᠲᠠ ᠠᠷᠠᠳ | ᠤᠯᠠᠨ ᠤ ᠠᠮᠢᠳᠤᠷᠠᠯ ᠳᠤ ᠰᠠᠨᠠᠭ᠎ᠠ ᠰᠡᠳᠬᠢᠯ ᠲᠠᠯᠪᠢᠵᠤ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ | ᠭᠦᠢᠴᠡᠳᠬᠡᠵᠦ᠂ ᠲᠠᠷᠬᠠᠨ ᠮᠤᠤᠮᠢᠩᠭᠠᠨ ᠤ ᠴᠢᠨᠠᠷ ᠰᠠᠶᠢᠲᠠᠢ ᠬᠥᠭᠵᠢᠯᠲᠡ ᠳᠤ ᠥᠪᠡᠷ ᠤᠨ ᠬᠦᠴᠦᠨ ᠴᠢᠳᠠᠯ ᠢᠶᠠᠨ | ᠡᠷᠭᠦᠵᠦ ᠶᠠᠪᠤᠨ᠎ᠠ᠃ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ︽ᠬᠤᠶᠠᠷ ᠬᠤᠷᠠᠯ︾ ᠤᠳᠠᠯ ᠥᠬᠡᠶ ᠬᠤᠷᠠᠯᠳᠤᠬᠤ | ᠬᠡᠵᠥ ᠪᠠᠶᠢᠭ᠎ᠠ ᠳᠠᠰᠢᠷᠠᠮ ᠪᠠᠷ᠂ ︽ᠪᠠᠭᠠᠳᠤᠷᠯᠢᠭ ᠲᠠᠷᠬᠠᠨ ᠮᠤᠤᠮᠢᠩᠭᠠᠨ︾ ᠤ ᠣᠯᠠᠨ ᠨᠡᠶᠢᠲᠡ ᠶᠢᠨ ᠳ᠋ᠤᠭᠠᠷ ᠲᠤ | ᠪᠠᠨ ︽ᠠᠷᠠᠳ ᠤᠨ ᠳᠥᠯᠦᠭᠡᠯᠡᠭᠴᠢᠳ ᠤᠨ ᠴᠤᠭ ᠵᠢᠪᠬᠤᠭ᠎ᠠ︾ ᠲᠤᠰᠬᠠᠢ ᠪᠤᠯᠤᠩ ᠭᠠᠷᠭᠠᠵᠤ᠂ ᠲᠠᠨ ᠢ | ᠳᠠᠭᠠᠭᠤᠯᠤᠨ ᠲᠥᠯᠥᠭᠡᠯᠡᠭᠴᠢᠳ ᠤᠨ ᠴᠤᠭ ᠵᠢᠪᠬᠤᠭ᠎ᠠ ᠪᠣᠯᠤᠨ ᠡᠭᠦᠷᠭᠡᠯᠡᠯ ᠢ ᠣᠶᠢᠯᠠᠭᠠᠭᠤᠯᠪᠠ᠃ ᠥᠨᠥᠳᠥᠷ | ᠤᠨᠳᠤᠭᠠᠷ ᠲᠤ ︽ᠰᠦ᠋ ᠶᠠᠨ ᠵᠢᠶᠦ᠋ᠨ᠄ ᠦᠨᠳᠦᠰᠦᠨ ᠱᠠᠲᠤᠨ ᠳᠤ ᠦᠢᠯᠡᠴᠢᠯᠡᠵᠥ᠂ ᠬᠠᠷᠢᠭᠤᠴᠠᠯᠭ᠎ᠠ ᠡᠭᠦᠷᠭᠡᠯᠡᠨ | ᠵᠢᠳᠬᠦᠯ ᠴᠢᠷᠮᠠᠶᠢᠯᠭ᠎ᠠ ᠭᠠᠷᠭᠠᠵᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠬᠠᠷᠢᠭᠤᠯᠲᠠ ᠶᠢᠨ ᠬᠠᠭᠤᠳᠠᠰᠤ ᠶᠢ | ᠪᠢᠴᠢᠭᠯᠡᠨ᠎ᠡ︾ ᠲᠠᠢ ᠵᠤᠯᠭᠠᠶ᠎ᠠ᠃ | ︽ᠲᠥᠯᠥᠭᠡᠯᠡᠭᠴᠢ︾ ᠬᠡᠰᠡᠨ ᠦᠰᠥᠭ ᠠᠷᠠᠳ ᠣᠯᠠᠨ ᠤ ᠢᠲᠡᠭᠡᠯ ᠬᠦᠰᠡᠯ ᠢ ᠠᠴᠢᠶᠠᠯᠠᠵᠤ ᠪᠠᠶᠢᠳᠠᠭ᠃ ᠰᠦ᠋ ᠶᠠᠨ | ᠵᠢᠶᠦ᠋ᠨ ᠠᠷᠠᠳ ᠤᠨ ᠲᠥᠯᠥᠭᠡᠯᠡᠭᠴᠢ ᠶᠢᠨ ᠲᠤᠰᠢᠶᠠᠯ ᠬᠠᠷᠢᠭᠤᠴᠠᠯᠭ᠎ᠠ ᠪᠠᠨ ᠢᠳᠡᠪᠬᠢᠲᠡᠶ ᠭᠥᠢᠴᠡᠳᠭᠡᠭᠰᠡᠭᠡᠷ ᠢᠷᠡᠵᠡᠶ᠃ | ︽ᠳᠥᠷᠪᠡᠨ ᠵᠦᠢᠯ ᠤᠨ ᠪᠠᠲᠤᠯᠠᠭ᠎ᠠ ᠶᠢᠨ ᠠᠷᠭ᠎ᠠ ᠬᠡᠮᠵᠢᠶ᠎ᠡ︾ ᠶᠢ ᠰᠤᠳᠤᠯᠤᠨ ᠲᠣᠭᠲᠠᠭᠠᠵᠤ᠂ ᠣᠯᠠᠨ ᠲᠦᠮᠡᠨ ᠤ | ᠰᠠᠭᠤᠷᠢ ᠰᠤᠷᠭᠠᠨ ᠬᠥᠮᠦᠵᠢᠯ ᠪᠠ ᠡᠮ ᠡᠮᠨᠡᠯᠭᠡ ᠶᠢᠨ ᠪᠠᠲᠤᠯᠠᠭ᠎ᠠ ᠶᠢ ᠴᠢᠩᠭᠠᠳᠬᠠᠪᠠ︔ ᠪᠠᠯᠭᠠᠰᠤᠨ ᠤ ᠰᠤᠯᠠ | ᠲᠠᠯᠪᠢᠭᠳᠠᠵᠤ ᠪᠠᠶᠢᠭ᠎ᠠ ᠣᠯᠠᠨ ᠵᠢᠯ ᠤᠨ ᠢᠯᠴᠢ ᠬᠠᠩᠭᠠᠬᠤ ᠥᠷᠲᠡᠭᠡ ᠶᠢ ᠳᠠᠬᠢᠨ ᠡᠬᠢᠯᠡᠭᠦᠯᠵᠦ᠂ ᠢᠯᠴᠢ ᠬᠠᠩᠭᠠᠬᠤ | ᠪᠡᠯᠡᠳᠬᠡᠮᠵᠢ ᠵᠢᠴᠢ ᠬᠠᠭᠤᠴᠢᠨ ᠬᠤᠭᠤᠯᠠᠶ ᠶᠢᠨ ᠲᠣᠣᠷ ᠢ ᠪᠠᠶᠢᠭᠤᠯᠵᠤ᠂ ᠪᠠᠯᠭᠠᠰᠤᠨ ᠤ ᠲᠣᠭᠤᠷᠢᠭ ᠤᠨ | ᠲᠥᠪᠯᠡᠷᠡᠭᠦᠯᠦᠨ ᠢᠯᠴᠢ ᠬᠠᠩᠭᠠᠬᠤ ᠶᠢ ᠪᠡᠶᠡᠯᠡᠭᠦᠯᠪᠡ︔ ᠲᠥᠪ ᠤᠨ ᠨᠣᠭᠤᠭᠠᠷᠠᠭᠤᠯᠤᠯᠲᠠ ᠶᠢᠨ ᠦᠵᠡᠮᠵᠢ ᠶᠢᠨ | ᠬᠡᠷᠡᠰᠬᠡ ᠶᠢ ᠪᠠᠶᠢᠭᠤᠯᠵᠤ᠂ ᠤᠯᠠᠭᠠᠨ ᠨᠣᠭᠤᠭᠠᠨ ᠳ᠋ᠧᠩ ᠪᠠ ᠨᠡᠷᠡᠨ ᠤ ᠡᠨᠧᠷᠭᠢ ᠶᠢᠨ ᠵᠠᠮ ᠤᠨ ᠳ᠋ᠧᠩ ᠢ ᠤᠭᠰᠠᠷᠠᠵᠤ᠂ | ᠪᠠᠯᠭᠠᠰᠤᠨ ᠲᠣᠭᠤᠷᠢᠭ ᠢ ᠪᠥᠬᠦ ᠲᠠᠯ᠎ᠠ ᠪᠠᠷ ᠭᠡᠷᠡᠯᠳᠦᠭᠦᠯᠦᠨ ᠭᠤᠶᠤᠵᠢᠭᠤᠯᠬᠤ ᠶᠢ ᠪᠡᠶᠡᠯᠡᠭᠦᠯᠪᠡ︔ ᠬᠥᠭᠵᠢᠯᠲᠡ ᠶᠢᠨ | ᠣᠶᠢᠯᠠᠭᠠᠭᠳᠠᠬᠤᠨ ᠢ ᠬᠤᠪᠢᠷᠠᠭᠤᠯᠵᠤ᠂ ︽ᠤᠯᠤᠰ ᠤᠨ ᠥᠮᠴᠢᠯᠡᠯ ᠤᠨ ᠺᠣᠮᠫᠠᠨᠢ + ᠬᠠᠮᠲᠤ ᠶᠢᠨ ᠠᠵᠤ ᠠᠬᠤᠶ + | ᠮᠠᠯᠵᠢᠬᠤ ᠲᠠᠷᠢᠶᠠᠯᠠᠬᠤ ᠡᠷᠦᠬᠡ︾ ᠶᠢᠨ ᠵᠠᠭᠪᠤᠷ ᠢᠶᠠᠷ ᠠᠵᠤ ᠦᠢᠯᠡᠰ ᠢ ᠬᠥᠭᠵᠢᠭᠦᠯᠵᠦ᠂ ᠤᠯᠤᠰ ᠤᠨ ᠥᠮᠴᠢᠯᠡᠯ ᠤᠨ | ᠺᠣᠮᠫᠠᠨᠢ ᠬᠢᠭᠡᠳ ᠬᠠᠮᠲᠤ ᠶᠢᠨ ᠠᠵᠤ ᠠᠬᠤᠶ ᠶᠢᠨ ᠭᠦᠨᠵᠡᠭᠡᠶ ᠠᠭᠤᠰᠤᠯᠴᠠᠯ ᠢ ᠠᠬᠢᠭᠤᠯᠪᠠ︔ ᠮᠠᠨᠳᠤᠯ ᠶᠡᠷᠦᠩᠬᠡᠶ | ᠬᠡᠯᠲᠡᠰ ᠤᠨ ᠠᠵᠤ ᠠᠬᠤᠶ ᠶᠢᠨ ᠬᠦᠷᠢᠶᠡᠯᠡᠩ ᠢ ᠪᠠᠶᠢᠭᠤᠯᠵᠤ᠂ ᠪᠠᠯᠭᠠᠰᠤᠨ ᠤ ᠲᠣᠭᠤᠷᠢᠭ ᠪᠤᠯᠤᠨ ᠪᠣᠭᠤᠮᠲᠠ ᠶᠢᠨ | ᠨᠢᠭᠡ ᠴᠣᠭᠴᠠᠵᠢᠭᠰᠠᠨ ᠬᠥᠭᠵᠢᠯᠲᠡ ᠶᠢᠨ ᠬᠠᠷᠠᠯᠲᠠ ᠶᠢᠨ ᠲᠣᠭᠤᠷᠢᠨ ᠳᠤ᠂ 15 ︽ᠠᠷᠪᠠᠨ ᠲᠠᠪᠤᠳᠤᠭᠠᠷ ᠲᠠᠪᠤᠨ | ᠵᠢᠯ︾ ᠤᠨ ᠭᠤᠣᠯᠳᠠᠯᠭ᠎ᠠ ᠲᠠᠢ ᠲᠥᠷᠥᠯ ᠵᠦᠢᠯ ᠢ ᠰᠦᠪᠡᠭᠴᠢᠯᠡᠵᠦ᠂ ᠬᠦᠴᠦᠨ ᠵᠦᠢᠯ ᠤᠨ ᠪᠠᠲᠤᠯᠠᠭ᠎ᠠ ᠪᠠ ᠡᠬᠢ | ᠪᠠᠶᠠᠯᠢᠭ ᠢ ᠲᠣᠬᠢᠷᠠᠭᠤᠯᠬᠤ ᠡᠷᠴᠢᠮ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠥ᠂ ᠪᠣᠭᠤᠮᠲᠠ ᠶᠢᠨ ᠪᠠᠷᠠᠭ᠎ᠠ | ᠥᠩᠭᠡᠷᠡᠬᠦ ᠬᠡᠮᠵᠢᠶᠡᠨ ᠤ ᠳᠠᠪᠠᠯᠲᠠᠲᠤ ᠨᠡᠮᠡᠭᠳᠡᠯ ᠳᠤ ᠬᠦᠴᠦᠨ ᠨᠡᠮᠡᠷᠢᠯᠡᠪᠡ︔ ᠮᠠᠨ ᠹᠦ᠋ ᠶᠤᠸᠠᠨ ᠮᠠᠯ ᠠᠵᠤ | ᠠᠬᠤᠢ ᠶᠢᠨ ᠲᠡᠵᠢᠭᠡᠨ ᠦᠷᠡᠵᠢᠭᠦᠯᠬᠦ ᠲᠤᠰᠬᠠᠶ ᠬᠤᠷᠰᠢᠶ᠎ᠠ ᠶᠢ ᠬᠥᠭᠵᠢᠭᠦᠯᠵᠦ᠂ ᠣᠷᠭᠠᠨᠢᠭ ᠪᠡᠯᠴᠢᠭᠡᠷ ᠢ ᠬᠡᠷᠡᠴᠢᠯᠡᠬᠦ | ᠭᠡᠷ᠎ᠡ ᠲᠣᠭᠲᠠᠨ᠂ ᠪᠣᠷᠣᠯᠠᠭᠤᠯᠭ᠎ᠠ ᠶᠢᠨ ᠠᠷᠭ᠎ᠠ ᠵᠠᠮ ᠢ ᠥᠷᠭᠡᠳᠬᠡᠨ᠂ ᠨᠡᠶᠢᠲᠡ 12500 ᠵᠢᠩ ᠦᠬᠡᠷ ᠬᠤᠨᠢᠨ | ᠮᠢᠬ᠎ᠠ ᠬᠤᠳᠠᠯᠳᠤᠪᠠ︔ ︽ᠨᠠᠮ ᠤᠨ ᠪᠠᠶᠢᠭᠤᠯᠤᠯᠲᠠ+ᠬᠤᠪᠢᠰᠬᠠᠯᠲᠤ ᠵᠢᠭᠤᠯᠴᠢᠯᠠᠯ+ ᠬᠢᠯᠢ ᠶᠢᠨ ᠠᠶᠠᠯᠠᠯ︾ ᠢ ᠳᠡᠰ | ᠳᠡᠪᠰᠢᠭᠦᠯᠵᠦ᠂ ᠡᠯ᠎ᠡ ᠲᠥᠷᠥᠯ ᠤᠨ ᠪᠣᠯᠪᠠᠰᠤᠷᠠᠯ ᠤᠨ ᠠᠩᠭᠢ ᠶᠢ ᠨᠡᠶᠢᠲᠡ 35 ᠬᠤᠭᠤᠴᠠᠭ᠎ᠠ᠂ 2173 ᠬᠥᠮᠦᠨ | ᠤᠳᠠᠭ᠎ᠠ ᠬᠦᠯᠢᠶᠡᠨ ᠠᠪᠤᠪᠠ᠃ | |