ᠮᠠ ᡁᠢ ᠵᠥᠩ᠄ ︽ᠰᠢᠢᠳᠪᠥᠷᠢᠯᠡᠭᠳᠡᠭᠦᠢ ᠰᠡᠳᠬᠢᠬᠦᠢ︾ ᠶᠢ ᠪᠠᠲᠤ ᠪᠠᠬᠢ ᠪᠣᠶ ᠪᠣᠯᠭᠠᠵᠤ | ᠨᠡᠭᠦᠷᠡᠰᠥᠳᠥ᠋ᠷᠥᠭᠴᠢ ᠦᠭᠡᠢ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ | ᠠᠬᠢᠭᠤᠯᠬᠤ ᠬᠡᠷᠡᠭᠲᠡᠶ | ᠲᠠᠷᠬᠠᠨ ᠮᠤᠤᠮᠢᠩᠭᠠᠨ ᠤ ᠥᠷᠭᠡᠨ ᠠᠭᠤᠳᠠᠮ ᠳᠠᠯ᠎ᠠ ᠨᠤᠲᠤᠭ ᠲᠤ ᠬᠥᠭᠵᠢᠯᠲᠡ ᠶᠢᠨ ᠠᠶᠠᠯᠭᠤ ᠰᠣᠨᠣᠰᠳᠠᠵᠤ᠂ | ᠡᠷᠡᠯᠬᠡᠭᠯᠡᠨ ᠤᠷᠤᠭᠰᠢᠯᠠᠬᠤ ᠬᠠᠩᠭᠢᠨᠠᠮ᠎ᠠ ᠳᠠᠭᠤᠨ ᠴᠤᠤᠷᠢᠶᠠᠳᠤᠨ᠎ᠠ᠃ ᠡᠨᠡᠬᠦ ᠬᠦᠰᠡᠯ ᠡᠷᠡᠮᠡᠯᠵᠡᠯ ᠢᠶᠠᠷ ᠪᠢᠯᠬᠠᠭᠰᠠᠨ | ᠬᠠᠯᠠᠭᠤᠨ ᠬᠥᠷᠥᠰᠥᠨ ᠳᠤ ᠨᠤᠲᠤᠭ ᠤᠰᠤ ᠲᠠᠢ ᠪᠠᠨ ᠰᠡᠳᠬᠢᠯ ᠵᠢᠷᠦᠬᠡ ᠪᠠᠨ ᠬᠤᠯᠪᠤᠭᠰᠠᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠬᠥᠭᠵᠢᠶᠡᠨᠲᠡᠢ ᠠᠵᠢᠯᠯᠠᠵᠤ᠂ ᠴᠠᠭ ᠢᠮᠠᠭᠲᠠ ᠠᠷᠠᠳ | ᠤᠯᠠᠨ ᠤ ᠠᠮᠢᠳᠤᠷᠠᠯ ᠳᠤ ᠰᠠᠨᠠᠭ᠎ᠠ ᠰᠡᠳᠬᠢᠯ ᠲᠠᠯᠪᠢᠵᠤ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ | ᠭᠦᠢᠴᠡᠳᠬᠡᠵᠦ᠂ ᠲᠠᠷᠬᠠᠨ ᠮᠤᠤᠮᠢᠩᠭᠠᠨ ᠤ ᠴᠢᠨᠠᠷ ᠰᠠᠶᠢᠲᠠᠢ ᠬᠥᠭᠵᠢᠯᠲᠡ ᠳᠤ ᠥᠪᠡᠷ ᠤᠨ ᠬᠦᠴᠦᠨ ᠴᠢᠳᠠᠯ ᠢᠶᠠᠨ | ᠡᠷᠭᠦᠵᠦ ᠶᠠᠪᠤᠨ᠎ᠠ᠃ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ︽ᠬᠤᠶᠠᠷ ᠬᠤᠷᠠᠯ︾ ᠤᠳᠠᠯ ᠥᠬᠡᠶ ᠬᠤᠷᠠᠯᠳᠤᠬᠤ | ᠬᠡᠵᠥ ᠪᠠᠶᠢᠭ᠎ᠠ ᠳᠠᠰᠢᠷᠠᠮ ᠪᠠᠷ᠂ ︽ᠪᠠᠭᠠᠳᠤᠷᠯᠢᠭ ᠲᠠᠷᠬᠠᠨ ᠮᠤᠤᠮᠢᠩᠭᠠᠨ︾ ᠤ ᠣᠯᠠᠨ ᠨᠡᠶᠢᠲᠡ ᠶᠢᠨ ᠳ᠋ᠤᠭᠠᠷ ᠲᠤ | ᠪᠠᠨ ︽ᠠᠷᠠᠳ ᠤᠨ ᠳᠥᠯᠦᠭᠡᠯᠡᠭᠴᠢᠳ ᠤᠨ ᠴᠤᠭ ᠵᠢᠪᠬᠤᠭ᠎ᠠ︾ ᠲᠤᠰᠬᠠᠢ ᠪᠤᠯᠤᠩ ᠭᠠᠷᠭᠠᠵᠤ᠂ ᠲᠠᠨ ᠢ | ᠳᠠᠭᠠᠭᠤᠯᠤᠨ ᠲᠥᠯᠥᠭᠡᠯᠡᠭᠴᠢᠳ ᠤᠨ ᠴᠤᠭ ᠵᠢᠪᠬᠤᠭ᠎ᠠ ᠪᠣᠯᠤᠨ ᠡᠭᠦᠷᠭᠡᠯᠡᠯ ᠢ ᠣᠶᠢᠯᠠᠭᠠᠭᠤᠯᠪᠠ᠃ ᠥᠨᠥᠳᠥᠷ | ᠤᠨᠳᠤᠭᠠᠷ ᠲᠤ ︽ᠮᠠ ᡁᠢ ᠵᠥᠩ᠄ ︿ᠰᠢᠢᠳᠪᠥᠷᠢᠯᠡᠭᠳᠡᠭᠦᠢ ᠰᠡᠳᠬᠦᠢ﹀ ᠶᠢ ᠪᠠᠲᠤ ᠪᠠᠬᠢ ᠪᠣᠶ ᠪᠣᠯᠭᠠᠵᠤ | ᠨᠡᠭᠦᠷᠡᠰᠥᠳᠥ᠋ᠷᠥᠭᠴᠢ ᠦᠭᠡᠢ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ | ᠠᠬᠢᠭᠤᠯᠬᠤ ᠬᠡᠷᠡᠭᠲᠡᠶ︾ ᠲᠠᠢ ᠵᠤᠯᠭᠠᠶ᠎ᠠ᠃ | ᠠᠷᠠᠳ ᠤᠨ ᠲᠥᠯᠥᠭᠡᠯᠡᠭᠴᠢ ᠪᠣᠯᠤᠭᠰᠠᠨ ᠤ ᠬᠤᠪᠢ ᠳᠤ᠂ ᠮᠠ ᡁᠢ ᠵᠦᠩ ᠥᠪᠡᠷ ᠤᠨ ᠡᠭᠦᠷᠭᠡ ᠬᠠᠷᠢᠭᠤᠴᠠᠯᠭ᠎ᠠ ᠪᠠᠨ | ᠨᠠᠷᠢᠨ ᠬᠢᠨᠠᠮᠠᠭᠠᠢ ᠭᠦᠢᠴᠡᠳᠬᠡᠪᠡ᠃ 2024 ᠣᠨ ᠳᠤ᠂ ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ ᠨᠢ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠪᠠᠷ ᠭᠤᠣᠯ ᠱᠤᠭᠤᠮ | ᠪᠣᠯᠭᠠᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ ᠢ ᠪᠠᠶᠢᠭᠤᠯᠬᠤ ᠪᠠᠷ ᠭᠠᠷᠳᠠᠴᠠ | ᠪᠣᠯᠭᠠᠵᠤ᠂ ︽ᠰᠢᠢᠳᠪᠥᠷᠢᠯᠡᠭᠳᠡᠭᠦᠢ ᠰᠡᠳᠬᠢᠬᠦᠢ︾ ᠶᠢ ᠪᠠᠲᠤ ᠪᠠᠭᠢ ᠪᠤᠢ ᠪᠣᠯᠭᠠᠵᠤ᠂ ᠮᠢᠩᠭᠠᠨ ᠳ᠋ᠦᠩᠰᠢᠭᠤᠷ | ᠲᠥᠭᠦᠷᠢᠭ ᠤᠨ ᠲᠡᠰ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠪᠦᠬᠦ ᠬᠦᠴᠦᠨ ᠢᠶᠠᠷ ᠢᠶᠠᠨ | ᠴᠤᠭᠴᠠᠯᠠᠪᠠ᠃ ᠪᠥᠬᠦ ᠵᠢᠯ ᠳᠤ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠢ ᠨᠡᠶᠢᠲᠡ 160 ᠳ᠋ᠦᠩᠰᠢᠭᠤᠷ | ᠲᠥᠭᠦᠷᠢᠭ ᠪᠡᠶᠡᠯᠡᠭᠦᠯᠵᠦ᠂ ᠭᠠᠶᠢᠯᠢ ᠲᠠᠲᠠᠪᠤᠷᠢ ᠶᠢᠨ ᠮᠥᠩᠭᠦ 24.6 ᠳ᠋ᠦᠩᠰᠢᠭᠤᠷ ᠲᠥᠭᠦᠷᠢᠭ ᠬᠥᠷᠪᠡ︔ ᠳᠡᠭᠡᠳᠦ | ᠱᠠᠲᠤᠨ ᠤ ᠪᠡᠯᠡ ᠮᠥᠩᠭᠦ ᠶᠢ 2.7165 ᠳ᠋ᠦᠩᠰᠢᠭᠤᠷ ᠲᠥᠭᠦᠷᠢᠭ ᠴᠢᠷᠮᠠᠶᠢᠨ ᠣᠯᠵᠤ᠂ ᠠᠳᠠᠯᠢ | ᠬᠤᠭᠤᠴᠠᠭᠠᠨ ᠤ ᠬᠢ ᠠᠴᠠ 88.9% ᠪᠠᠷ ᠨᠡᠮᠡᠭᠳᠡᠪᠡ︔ ᠳ᠋ᠦᠩᠰᠢᠭᠤᠷ ᠲᠥᠭᠦᠷᠢᠭ ᠠᠴᠠ ᠳᠡᠭᠡᠭᠰᠢᠬᠢ | ᠭᠤᠣᠯᠳᠠᠯᠭ᠎ᠠ ᠲᠠᠢ 17 ᠲᠥᠷᠥᠯ ᠵᠦᠢᠯ ᠢ ᠠᠵᠢᠯ ᠡᠬᠢᠯᠡᠭᠦᠯᠵᠦ᠂ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢ 41.02 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 3. | 6% ᠪᠠᠷ ᠨᠡᠮᠡᠭᠳᠡᠪᠡ᠃ ᠡᠷᠭᠢᠯᠲᠡᠵᠢᠭᠦᠯᠦᠨ ᠥᠭᠡᠷᠡᠴᠢᠯᠡᠬᠦ ᠲᠥᠰᠦᠯ ᠨᠢ ᠥᠪᠡᠷᠲᠡᠭᠡᠨ ᠵᠠᠰᠠᠬᠤ ᠣᠷᠣᠨ ᠤ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠠᠩᠬᠠᠨ ᠤ ᠬᠢᠨᠠᠯᠲᠠ ᠶᠢ ᠥᠩᠭᠡᠷᠡᠭᠦᠯᠵᠥ᠂ ᠬᠦᠷᠢᠶᠡᠯᠡᠩ | ᠲᠣᠭᠤᠷᠢᠭ ᠨᠢ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠤᠯᠤᠰ ᠤᠨ ᠣᠷᠴᠢᠯ ᠠᠵᠤ ᠠᠬᠤᠶ ᠶᠢᠨ | ᠪᠠᠷᠢᠮᠵᠢᠶᠠᠵᠢᠭᠤᠯᠤᠯᠲᠠ ᠶᠢᠨ ᠲᠤᠷᠰᠢᠯᠲᠠ ᠶᠢᠨ ᠴᠡᠭ ᠢᠶᠠᠷ ᠦᠨᠡᠯᠡᠭᠳᠡᠵᠦ᠂ ︽ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠤ ᠪᠠᠷᠠᠭᠤᠨ ᠠᠵᠤ ᠦᠢᠯᠡᠳᠪᠦᠷᠢ ᠶᠢᠨ ᠬᠦᠷᠢᠶᠡᠯᠡᠩ ᠤᠨ ᠰᠠᠯᠬᠢᠨ ᠬᠦᠴᠦᠨ᠂ ᠭᠡᠷᠡᠯᠴᠢ ᠴᠡᠨᠡᠭ ᠢᠶᠠᠷ | ᠴᠠᠬᠢᠯᠭᠠᠨ ᠭᠠᠷᠭᠠᠬᠤ ᠰᠢᠨ᠎ᠡ ᠡᠨᠧᠷᠭᠢ ᠶᠢᠨ ᠠᠵᠤ ᠦᠢᠯᠡᠰ ᠤᠨ ᠪᠥᠭᠡᠮᠨᠡᠷᠡᠯ︾ ᠢᠶᠠᠷ ᠮᠠᠭᠠᠳᠯᠠᠨ ᠳᠤᠭᠳᠠᠭᠠᠭᠳᠠᠭᠰᠠᠨ | ᠪᠥᠭᠡᠳ 300 ᠲᠦᠮᠡᠨ ᠲᠥᠭᠦᠷᠢᠭ ᠤᠨ ᠱᠠᠩᠨᠠᠯ ᠤᠨ ᠪᠠᠯᠠ ᠮᠥᠩᠭᠦ ᠭᠥᠷᠳᠡᠪᠡ᠃ ᠪᠥᠬᠦ ᠤᠯᠤᠰ ᠤᠨ ᠠᠩᠬᠠᠳᠠᠭᠴᠢ | ᠪᠦᠯᠦᠭ ᠰᠠᠯᠬᠢ ᠭᠡᠷᠡᠯ ᠤᠨ ᠡᠨᠧᠷᠭᠢ ᠪᠠᠷ ᠤᠰᠤᠲᠥ᠋ᠷᠥᠭᠴᠢ ᠶᠢ ᠦᠢᠯᠡᠳᠬᠦ ᠲᠥᠷᠥᠯ ᠵᠦᠢᠯ ᠨᠢ ᠪᠥᠬᠦ ᠬᠤᠲᠠ ᠶᠢᠨ | ᠠᠩᠬᠠᠳᠠᠭᠴᠢ ᠯᠤᠩᠬᠤ ︽ᠪᠣᠬᠢᠷᠳᠤᠯ ᠦᠭᠡᠢ ᠤᠰᠤᠲᠥ᠋ᠷᠥᠭᠴᠢ︾ ᠶᠢ ᠦᠢᠯᠡᠳᠥᠨ ᠭᠠᠷᠭᠠᠵᠤ᠂ ᠶᠤᠸᠠᠨ ᠵᠢᠩ | ᠳᠡᠭᠡᠳᠦ ᠰᠢᠨ᠎ᠡ ᠠᠷᠠᠭᠠᠲᠤ ᠬᠦᠷᠳᠦᠨ ᠤ ᠣᠶᠤᠨᠴᠢ ᠦᠢᠯᠡᠳᠬᠦ ᠰᠠᠭᠤᠷᠢᠨ ᠭᠠᠵᠠᠷ ᠤᠨ ᠥᠪᠡᠷᠲᠡᠭᠡᠨ ᠵᠠᠰᠠᠬᠤ | ᠣᠷᠣᠨ ᠤ ᠠᠩᠬᠠᠳᠠᠭᠴᠢ ᠲᠣᠮᠣ ᠰᠠᠶ᠎ᠠ ᠸᠠᠲ ᠤᠨ ᠥᠪᠡᠷ ᠢᠶᠠᠨ ᠰᠤᠳᠤᠯᠬᠤ᠂ ᠥᠪᠡᠷ ᠢᠶᠠᠨ ᠦᠢᠯᠡᠳᠬᠦ᠂ | ᠥᠪᠡᠷ ᠢᠶᠠᠨ ᠬᠡᠷᠡᠭᠯᠡᠬᠦ ᠦᠢᠯᠡᠳᠭᠦᠨ ᠢ ᠵᠢᠩᠬᠢᠨᠢ ᠪᠠᠷ ᠠᠰᠢᠭᠯᠠᠯᠳᠡ ᠳᠤ ᠤᠷᠤᠭᠤᠯᠵᠤ᠂ ᠮᠢᠩᠭᠠᠨ ᠲᠦᠮᠡᠨ | ᠺᠢᠯᠣᠸᠠᠲ ᠤᠨ ᠲᠠᠰ ᠤᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠪᠤᠯᠬᠤ ᠳᠤ ᠤᠶᠢᠷᠠᠬᠠᠨ ᠪᠤᠯᠪᠠ᠃ | ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ ᠤᠨ ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠭᠡᠷ | ᠪᠠᠶᠢᠰᠢᠩ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠵᠡᠷᠭᠡ 9 ᠲᠥᠷᠥᠯ ᠵᠦᠢᠯ ᠢ ᠪᠦᠬᠦ ᠲᠠᠯ᠎ᠠ ᠪᠠᠷ ᠪᠠᠶᠢᠭᠤᠯᠤᠨ | ᠳᠠᠭᠤᠰᠬᠠᠵᠤ᠂ ᠬᠦᠷᠢᠶᠡᠯᠡᠩ ᠲᠣᠭᠤᠷᠢᠭ ᠤᠨ ᠬᠦᠴᠦᠨ ᠵᠦᠢᠯ ᠤᠨ ᠪᠠᠲᠤᠯᠠᠭ᠎ᠠ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠪᠡ᠃ ᠪᠣᠬᠢᠷᠳᠤᠯ ᠦᠭᠡᠢ ᠪᠠᠷ ᠴᠠᠬᠢᠯᠭᠠᠨ ᠬᠠᠩᠭᠠᠬᠤ᠂ ᠬᠦᠷᠢᠶᠡᠯᠡᠩ ᠲᠣᠭᠤᠷᠢᠭ ᠢ ᠥᠷᠭᠡᠳᠬᠡᠬᠦ | ᠵᠡᠷᠭᠡ ᠠᠵᠢᠯ ᠢ ᠡᠮᠬᠢ ᠵᠢᠷᠤᠮ ᠲᠠᠢ ᠠᠬᠢᠭᠤᠯᠵᠤ᠂ ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ ᠤᠨ | ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠪᠠ᠃ | |