︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠮᠡᠭᠲᠡᠶᠢᠴᠦᠳ ᠤᠨ ᠬᠤᠯᠪᠤᠭ᠎ᠠ︾ ᠦᠨᠳᠦᠰᠦᠨ ᠱᠠᠳᠤ ᠲᠠᠢ ᠬᠤᠯᠪᠤᠭᠠᠯᠠᠵᠤ ᠡᠮᠡᠭᠲᠡᠶᠢᠴᠦᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2025/1/14
      ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠡᠮᠡᠭᠲᠡᠶᠢᠴᠦᠳ ᠬᠡᠦᠬᠡᠳ ᠪᠣᠯᠣᠨ ᠡᠮᠡᠭᠲᠡᠶᠢᠴᠦᠳ ᠤᠨ ᠬᠤᠯᠪᠣᠭ᠎ᠠ ᠶᠢᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ︽ᠪᠢ ᠡᠮᠡᠭᠲᠡᠶᠢᠴᠦᠳ ᠬᠡᠦᠬᠡᠳ ᠲᠤ ᠪᠣᠳᠠᠲᠠᠢ ᠶᠠᠪᠤᠳᠠᠯ ᠬᠢᠵᠦ᠂ ᠠᠷᠪᠠ ᠶᠢ ᠬᠦᠷᠭᠡᠬᠦ︾ ᠬᠠᠯᠠᠮᠵᠢᠯᠠᠨ ᠲᠡᠳᠬᠦᠵᠦ ᠬᠠᠪᠰᠤᠷᠤᠨ ᠲᠡᠳᠬᠦᠬᠦ ᠠᠵᠢᠯ ᠢ ᠰᠡᠳᠬᠢᠯ ᠲᠠᠯᠪᠢᠨ ᠰᠠᠶᠢᠲᠤᠷ ᠬᠢᠬᠦ ᠶᠢᠨ ᠲᠥᠯᠥᠭᠡ᠂ ᠣᠶᠢᠷ᠎ᠠ ᠶᠢᠨ ᠬᠤᠭᠤᠴᠠᠭᠠᠨ ᠳᠤ᠂ ᠬᠤᠰᠢᠭᠤᠨ ᠤ ᠡᠮᠡᠭᠲᠡᠶᠢᠴᠦᠳ ᠤᠨ ᠬᠤᠯᠪᠣᠭ᠎ᠠ ᠡᠯ᠎ᠡ ᠦᠨᠳᠦᠰᠦᠨ ᠱᠠᠲᠤᠨ ᠤ ᠡᠮᠡᠭᠲᠡᠶᠢᠴᠦᠳ ᠤᠨ ᠬᠤᠯᠪᠣᠭ᠎ᠠ ᠶᠢ ᠢᠳᠡᠪᠬᠢᠲᠡᠢ ᠵᠣᠬᠢᠶᠠᠨ ᠪᠠᠶᠢᠭᠤᠯᠵᠤ ᠠᠯᠢ ᠣᠯᠠᠨ ᠡᠯᠪᠡᠭ ᠪᠠᠶᠠᠯᠢᠭ ᠪᠥᠭᠡᠳ ᠠᠯᠤᠰ ᠬᠡᠲᠦ ᠶᠢᠨ ᠠᠴᠢ ᠬᠤᠯᠪᠣᠭᠳᠠᠯ ᠲᠠᠢ ᠡᠮᠡᠭᠲᠡᠶᠢᠴᠦᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠪᠥᠬᠦ ᠬᠤᠰᠢᠭᠤᠨ ᠤ ᠬᠡᠪᠴᠢᠶᠡᠨ ᠳᠤ ᠨᠢᠭᠡᠨ ᠬᠠᠯᠠᠭᠤᠨ ᠳᠤᠯᠠᠭᠠᠨ ᠪᠥᠭᠡᠳ ᠬᠦᠴᠦᠨ ᠲᠡᠭᠦᠯᠳᠡᠷ ᠰᠠᠶᠢᠨ ᠳᠤᠷ᠎ᠠ ᠶᠢᠨ ᠦᠢᠯᠡᠴᠢᠯᠡᠭᠡᠨ ᠤ ᠬᠠᠯᠠᠭᠤᠨ ᠥᠷᠨᠢᠯᠲᠡ ᠭᠠᠷᠭᠠᠵᠤ᠂ ᠰᠢᠨ᠎ᠡ ᠴᠠᠭ ᠦᠶ᠎ᠡ ᠶᠢᠨ ᠡᠮᠡᠭᠲᠡᠶᠢᠴᠦᠳ ᠤᠨ ᠥᠪᠡᠷᠮᠢᠴᠡ ᠴᠤᠭ ᠵᠢᠪᠬᠤᠭ᠎ᠠ ᠪᠠ ᠨᠡᠶᠢᠭᠡᠮ ᠤᠨ ᠡᠭᠦᠷᠭᠡᠯᠡᠯ ᠢ ᠢᠯᠡᠷᠡᠭᠦᠯᠪᠡ᠃     ᠡᠮᠡᠭᠲᠡᠶᠢᠴᠦᠳ ᠤᠨ ᠰᠠᠶᠢᠨ ᠳᠤᠷ᠎ᠠ ᠶᠢᠨ ᠦᠢᠯᠡᠴᠢᠯᠡᠭᠴᠢᠳ ᠲᠣᠭᠲᠠᠭᠰᠠᠨ ᠬᠤᠭᠤᠴᠠᠭ᠎ᠠ ᠲᠠᠢ ᠪᠠᠷ ᠥᠨᠥᠴᠢᠨ ᠪᠡᠯᠪᠡᠰᠦᠨ ᠨᠠᠰᠤᠲᠠᠨ ᠤ ᠭᠡᠷ ᠲᠤ ᠬᠦᠷᠴᠦ᠂  ᠨᠠᠰᠤᠲᠠᠶᠢᠴᠤᠳ ᠲᠤ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠢ ᠠᠪᠴᠢᠷᠠᠵᠤ ᠥᠭᠭᠦᠭᠰᠡᠨ ᠢᠶᠠᠷ ᠪᠠᠷᠠᠬᠤ ᠦᠭᠡᠢ᠂ ᠠᠮᠤ ᠪᠤᠳᠠᠭ᠎ᠠ ᠲᠣᠰᠣ᠂ ᠳᠤᠯᠠᠭᠠᠯᠠᠬᠤ ᠬᠤᠪᠴᠠᠰᠤ ᠬᠤᠨᠠᠷ ᠪᠠ ᠡᠳᠦᠷ ᠲᠤᠲᠤᠮ ᠤᠨ ᠡᠮ ᠤᠨ ᠵᠦᠢᠯ ᠵᠡᠷᠭᠡ ᠶᠢ ᠠᠪᠴᠤ ᠥᠭᠴᠦ᠂ ᠪᠠᠰᠠ ᠨᠠᠰᠤᠲᠠᠶᠢᠴᠤᠳ ᠲᠤ ᠭᠡᠷ ᠪᠠᠶᠢᠰᠢᠩ  ᠢ ᠨᠢ ᠴᠡᠪᠡᠷᠯᠡᠵᠦ᠂ ᠬᠤᠪᠴᠠᠰᠤ ᠬᠤᠨᠠᠷ ᠢ ᠨᠢ ᠲᠡᠭᠰᠢᠯᠡᠵᠦ ᠦᠭᠴᠦ᠂ ᠨᠠᠰᠤᠲᠠᠶᠢᠴᠤᠳ ᠤᠨ ᠠᠮᠢᠳᠤᠷᠠᠯ ᠤᠨ ᠣᠷᠴᠢᠨ ᠲᠣᠭᠤᠷᠢᠨ ᠢ ᠴᠣ ᠰᠢᠨ᠎ᠡ ᠪᠣᠯᠭᠠᠪᠠ᠃ ᠡᠭᠦᠨ ᠤ ᠬᠠᠮᠲᠤ᠂ ᠰᠠᠶᠢᠨ ᠳᠤᠷᠠᠴᠤᠳ ᠪᠠᠰᠠ ᠨᠡᠶᠢᠲᠡ ᠶᠢᠨ ᠠᠰᠠᠷᠠᠮᠵᠢ ᠶᠢᠨ ᠤᠷᠠᠨ ᠵᠢᠷᠤᠭ ᠤᠨ ᠪᠠᠭᠰᠢ ᠲᠠᠢ ᠬᠠᠮᠲᠤ ᠬᠦᠴᠢᠷᠳᠡᠯᠲᠡᠶ ᠬᠡᠤᠬᠡᠳ ᠲᠤ ᠪᠠᠶᠠᠯᠢᠭ ᠰᠠᠶᠢᠬᠠᠨ ᠬᠠᠷᠢᠯᠴᠠᠨ ᠬᠥᠳᠡᠯᠦᠯᠴᠡᠬᠦ ᠲᠣᠭᠯᠠᠭᠠᠮ ᠪᠠ ᠵᠢᠷᠤᠭ ᠤᠨ ᠬᠢᠴᠢᠶᠡᠯ ᠢ ᠲᠣᠬᠢᠷᠠᠭᠤᠯᠵᠤ᠂ ᠬᠡᠤᠬᠡᠳ ᠢ ᠪᠠᠶᠠᠷ ᠬᠥᠷ  ᠤᠨ ᠳᠤᠮᠳᠠ ᠰᠢᠨ᠎ᠡ ᠤᠷ᠎ᠠ ᠴᠢᠳᠠᠪᠤᠷᠢ ᠰᠤᠷᠤᠯᠴᠠᠭᠤᠯᠵᠤ᠂ ᠢᠲᠡᠭᠡᠯ ᠵᠣᠷᠢᠭ ᠢ ᠨᠢ ᠨᠡᠮᠡᠭᠳᠡᠭᠦᠯᠵᠡᠶ᠃      ᠡᠮᠡᠭᠲᠡᠶᠢᠴᠦᠳ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠪᠡ᠃ ᠡᠮᠡᠭᠲᠡᠶᠢᠴᠦᠳ ᠤᠨ  ᠰᠠᠶᠢᠨ ᠳᠤᠷ᠎ᠠ ᠶᠢᠨ ᠦᠢᠯᠡᠴᠢᠯᠡᠭᠴᠢᠳ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠲᠣᠰᠬᠤᠨ ᠤ ᠠᠷᠠᠳ ᠲᠠᠢ ᠬᠠᠮᠲᠤ ᠲᠣᠰᠬᠤᠨ ᠤ ᠳᠣᠲᠣᠷᠠᠬᠢ ᠵᠠᠮ᠂ ᠭᠤᠣᠯ ᠤᠨ ᠵᠠᠮ ᠤᠨ ᠬᠤᠭ ᠨᠣᠪᠰᠢ ᠶᠢ ᠴᠡᠪᠡᠷᠯᠡᠵᠦ᠂ ᠬᠡᠷᠡᠮ ᠳᠡᠭᠡᠷᠡᠬᠢ ᠵᠢᠵᠢᠭ ᠵᠠᠷ ᠮᠡᠳᠡᠭᠡ ᠶᠢ ᠠᠷᠢᠯᠭᠠᠵᠤ᠂ ᠲᠣᠰᠬᠤᠨ ᠤ ᠠᠷᠠᠳ ᠲᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠮᠡᠳᠡᠯᠭᠡ ᠶᠢ ᠤᠬᠠᠭᠤᠯᠵᠤ᠂ ᠲᠣᠰᠬᠤᠨ ᠤ ᠠᠷᠠᠳ ᠢ ᠬᠦᠳᠦᠯᠦᠨ ᠵᠢᠯᠣᠭᠤᠳᠴᠤ ᠪᠠᠶᠢᠭᠠᠳ ᠰᠠᠶᠢᠨ ᠰᠠᠶᠢᠬᠠᠨ ᠠᠮᠢᠳᠤᠷᠠᠯ ᠤᠨ ᠳᠠᠳᠬᠠᠯ ᠲᠠᠢ ᠪᠣᠯᠭᠠᠵᠤ᠂ ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠢ ᠬᠥᠳᠡᠭᠡ ᠲᠣᠰᠬᠤᠨ ᠢ ᠬᠠᠮᠲᠤᠪᠠᠷ ᠪᠦᠳᠦᠭᠡᠨ ᠪᠠᠶᠢᠭᠤᠯᠵᠤ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠪᠣᠯᠤᠨ ᠣᠷᠴᠢᠨ ᠲᠣᠭᠤᠷᠢᠨ ᠤ ᠰᠠᠶᠢᠵᠢᠷᠠᠯᠲᠠ ᠳᠤ ᠥᠪᠡᠷ ᠤᠨ ᠬᠦᠴᠦᠨ ᠴᠢᠳᠠᠯ ᠢᠶᠠᠨ ᠡᠷᠭᠦᠪᠡ᠃     ᠡᠮᠡᠭᠲᠡᠢᠴᠦᠳ ᠰᠣᠶᠣᠯ ᠰᠤᠷᠭᠠᠨ ᠬᠥᠮᠦᠵᠢᠯ ᠤᠨ ᠤᠯᠠᠮᠵᠢᠯᠠᠯᠳᠠ  ᠶᠢ ᠠᠭᠢᠭᠤᠯᠪᠠ᠃  ᠡᠮᠡᠭᠲᠡᠶᠢᠴᠦᠳ ᠤᠨ ᠰᠠᠶᠢᠨ ᠳᠤᠷ᠎ᠠ ᠶᠢᠨ ᠦᠢᠯᠡᠴᠢᠯᠡᠭᠴᠢᠳ ᠭᠡᠷ ᠪᠦᠯᠢ ᠳᠤ ᠬᠦᠷᠴᠦ᠂ ᠮᠠᠯᠴᠢᠨ ᠲᠠᠷᠢᠶᠠᠴᠢᠨ ᠪᠣᠯᠤᠨ ᠬᠡᠦᠬᠡᠳ ᠤᠳ ᠲᠤ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠪᠠᠶᠠᠷ ᠤᠨ ᠡᠳᠦᠷ ᠤᠨ ᠢᠷᠡᠯᠲᠡ᠂  ᠵᠠᠩᠰᠢᠯ ᠪᠣᠯᠤᠨ ᠰᠣᠶᠣᠯ ᠤᠨ ᠠᠭᠤᠯᠤᠭᠳᠠᠬᠤᠨ ᠢ ᠶᠠᠷᠢᠵᠤ ᠦᠭᠴᠦ᠂  ᠵᠢᠱᠢᠶᠡᠯᠡᠪᠡᠯ ᠴᠠᠭᠠᠨ ᠰᠠᠷ᠎ᠠ᠂ ᠨᠠᠢᠮᠠᠨ ᠰᠠᠷ᠎ᠠ ᠶᠢᠨ ᠲᠡᠷᠭᠡᠯ ᠪᠠᠶᠠᠷ ᠵᠡᠷᠭᠡ ᠪᠠᠶᠠᠷ ᠤᠨ ᠡᠳᠦᠷ ᠤᠨ ᠦᠯᠢᠭᠡᠷ᠂ ᠤᠯᠠᠮᠵᠢᠯᠠᠯᠲᠤ ᠰᠣᠶᠣᠯ ᠢ ᠰᠢᠨ᠎ᠡ ᠴᠠᠭ ᠦᠶ᠎ᠡ ᠳᠤ ᠤᠯᠠᠮᠵᠢᠯᠠᠨ ᠪᠠᠳᠠᠷᠠᠭᠤᠯᠵᠠᠶ᠃ ᠡᠭᠦᠨ ᠠᠴᠠ ᠭᠠᠳᠠᠨ᠎ᠠ᠂ ᠰᠠᠶᠢᠨ ᠳᠤᠷ᠎ᠠ ᠶᠢᠨ ᠦᠢᠯᠡᠴᠢᠯᠡᠭᠴᠢᠳ ᠪᠠᠰᠠ ᠨᠣᠮ ᠤᠩᠰᠢᠬᠤ ᠬᠤᠷᠠᠯ ᠪᠠ ᠭᠠᠷ ᠤᠷᠠᠯᠠᠯ ᠤᠨ ᠬᠢᠴᠢᠶᠡᠯ ᠢ ᠵᠣᠬᠢᠶᠠᠨ ᠪᠠᠶᠢᠭᠤᠯᠵᠤ᠂ ᠬᠡᠦᠬᠡᠳ ᠤᠨ ᠤᠩᠰᠢᠯᠭ᠎ᠠ ᠶᠢᠨ ᠤᠷᠮ᠎ᠠ ᠪᠠᠬ᠎ᠠ ᠪᠠ ᠭᠠᠷ ᠬᠥᠳᠡᠯᠬᠦ ᠴᠢᠳᠠᠪᠤᠷᠢ ᠶᠢ ᠬᠥᠮᠦᠵᠢᠭᠦᠯᠵᠦ᠂ ᠲᠡᠳᠡᠨ ᠤ ᠪᠦᠲᠦᠭᠡᠯᠴᠢ ᠴᠢᠳᠠᠪᠤᠷᠢ ᠪᠠ ᠰᠡᠳᠬᠢᠨ ᠪᠤᠳᠤᠬᠤ ᠴᠢᠳᠠᠪᠤᠷᠢ ᠶᠢ ᠬᠥᠭᠵᠢᠭᠡᠵᠦ᠂ ᠬᠡᠦᠬᠡᠳ ᠤᠨ ᠬᠢᠴᠢᠶᠡᠯ ᠤᠨ ᠭᠠᠳᠠᠨᠠᠬᠢ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠭᠦᠨ ᠵᠤᠵᠠᠭᠠᠨ ᠰᠣᠶᠣᠯ ᠤᠨ ᠠᠭᠤᠷ ᠠᠮᠢᠰᠬᠤᠯ ᠢ ᠪᠤᠢ ᠪᠣᠯᠭᠠᠪᠠ᠃      ᠡᠳᠡᠭᠡᠷ ᠡᠮᠡᠭᠲᠡᠶᠢᠴᠦᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠦᠭᠰᠡᠨ ᠨᠢ ᠬᠡᠷᠡᠭᠴᠡᠭᠡ ᠲᠠᠢ ᠬᠥᠮᠦᠰ ᠲᠤ ᠪᠣᠳᠠᠲᠠᠶ ᠬᠠᠪᠰᠤᠷᠤᠯᠭ᠎ᠠ ᠪᠠ ᠦᠢᠯᠡᠴᠢᠯᠡᠭᠡ ᠬᠠᠩᠭᠠᠭᠰᠠᠨ ᠢᠶᠠᠷ ᠪᠠᠷᠠᠬᠤ ᠥᠬᠡᠶ᠂ ᠪᠠᠰᠠ ᠪᠥᠬᠦ ᠬᠤᠰᠢᠭᠤᠨ ᠤ ᠬᠡᠪᠴᠢᠶᠡᠨ ᠳᠤ ᠬᠤᠪᠢ ᠨᠡᠮᠡᠷᠢ ᠦᠵᠡᠭᠦᠯᠬᠦ᠂ ᠨᠥᠬᠦᠷᠰᠡᠭ ᠬᠠᠶᠢᠷ᠎ᠠ᠂ ᠬᠠᠷᠢᠯᠴᠠᠨ ᠬᠠᠪᠰᠤᠷᠤᠯᠴᠠᠬᠤ᠂ ᠤᠷᠤᠭᠰᠢᠯᠠᠨ ᠳᠠᠪᠰᠢᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠪᠠᠳᠠᠷᠠᠭᠤᠯᠪᠠ᠃ ᠬᠤᠰᠢᠭᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠬᠢᠨ ᠦᠷᠭᠦᠯᠵᠢᠯᠡᠨ ᠡᠯ᠎ᠡ ᠦᠨᠳᠦᠰᠦᠨ ᠱᠠᠲᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠶᠢ ᠳᠠᠭᠠᠭᠤᠯᠤᠨ᠂ ᠰᠠᠶᠢᠨ ᠳᠤᠷ᠎ᠠ ᠶᠢᠨ ᠦᠢᠯᠡᠴᠢᠯᠡᠭᠡᠨ ᠤ ᠬᠦᠷᠢᠶ᠎ᠡ ᠶᠢ ᠲᠠᠰᠤᠷᠠᠯᠲᠠ ᠥᠬᠡᠶ ᠥᠷᠭᠡᠳᠬᠡᠵᠦ᠂ ᠦᠢᠯᠡᠴᠢᠯᠡᠭᠡᠨ ᠤ ᠠᠭᠤᠯᠭ᠎ᠠ ᠶᠢ ᠪᠠᠶᠠᠯᠢᠭᠵᠢᠭᠤᠯᠤᠨ᠂ ᠦᠢᠯᠡᠴᠢᠯᠡᠭᠡᠨ ᠤ ᠬᠡᠯᠪᠡᠷᠢ ᠶᠢᠨ ᠰᠢᠨ᠎ᠡ ᠶᠢ ᠡᠭᠦᠳᠴᠦ᠂ ᠨᠠᠩ ᠣᠯᠠᠨ  ᠡᠭᠡᠴᠢ  ᠳᠡᠭᠦᠤ ᠶᠢ ᠡᠮᠡᠭᠲᠡᠶᠢᠴᠦᠳ ᠤᠨ ᠰᠠᠶᠢᠨ ᠳᠤᠷ᠎ᠠ ᠶᠢᠨ ᠠᠵᠢᠯᠯᠠᠭᠴᠢ ᠶᠢᠨ ᠡᠩᠨᠡᠭᠡᠨ ᠳᠤ ᠣᠷᠣᠭᠤᠯᠵᠤ᠂ ᠪᠥᠬᠦ ᠬᠤᠰᠢᠭᠤᠨ ᠤ ᠨᠡᠶᠢᠭᠡᠮ ᠤᠨ ᠬᠥᠭᠵᠢᠯᠲᠡ᠂ ᠠᠷᠠᠳ ᠤᠨ ᠠᠮᠢᠳᠤᠷᠠᠯ ᠤᠨ ᠰᠠᠶᠢᠵᠢᠷᠠᠯᠲᠠ ᠪᠠ ᠰᠣᠶᠣᠯ ᠤᠨ ᠤᠯᠠᠮᠵᠢᠯᠠᠯ ᠳᠤ ᠲᠠᠰᠤᠷᠠᠯᠲᠠ ᠥᠬᠡᠶ ᠡᠮᠡᠭᠲᠡᠶᠢᠴᠦᠳ ᠤᠨ ᠬᠦᠴᠦᠨ ᠴᠢᠳᠠᠯ ᠢ ᠨᠡᠮᠡᠷᠢᠯᠡᠵᠦ᠂ ᠡᠮᠡᠭᠲᠡᠶᠢᠴᠦᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠴᠡᠴᠡᠭ ᠢ ᠡᠨᠡ ᠬᠦ ᠨᠤᠲᠤᠭ ᠳᠡᠪᠢᠰᠬᠡᠷ ᠳᠡᠭᠡᠷ᠎ᠡ ᠨᠠᠩ ᠥᠩᠭᠡ ᠢᠯᠭᠠᠷᠠᠮ᠎ᠠ  ᠲᠡᠯᠭᠡᠷᠡᠭᠦᠯᠦᠨ᠎ᠡ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号