ᠪᠠᠶᠠᠷ ᠤᠨ ᠮᠡᠳᠡᠭᠡ        ᠦᠬᠡᠷᠬᠤᠳᠳᠤᠭ ᠪᠠᠯᠭᠠᠰᠤᠨ ᠳᠤ  ᠨᠢᠭᠡ ᠴᠡᠷᠢᠭ ︽ᠳᠥᠷᠪᠡ ᠪᠠᠶᠢᠬᠤ︾ ᠰᠢᠯᠢᠳᠡᠭ ᠪᠠᠶᠢᠯᠳᠤᠭᠴᠢ ᠶᠢᠨ ᠬᠥᠬᠢᠭᠦᠯᠦᠯ ᠢ
ᠨᠡᠶᠢᠲᠡᠯᠡᠭᠰᠡᠨ ᠴᠠᠭ᠄
2025/1/15
      ᠴᠠᠭᠠᠨ ᠰᠠᠷ᠎ᠠ ᠶᠢᠨ ᠪᠠᠶᠠᠷ ᠢᠶᠠᠷ ᠪᠠᠶᠠᠷ ᠤᠨ ᠴᠢᠮᠡᠭᠡ ᠢᠷᠡᠪᠡ ︕ 1 ᠰᠠᠷ᠎ᠠ ᠶᠢᠨ 13 ᠤ ᠡᠳᠦᠷ᠂ ᠦᠬᠡᠷᠬᠤᠳᠳᠤᠭ ᠪᠠᠯᠭᠠᠰᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ︽ᠳᠥᠷᠪᠡ ᠪᠠᠶᠢᠬᠤ︾ ᠰᠢᠯᠢᠳᠡᠭ ᠪᠠᠶᠢᠯᠳᠤᠭᠴᠢ ᠶᠢᠨ ᠬᠥᠬᠢᠭᠦᠯᠦᠯ ᠤᠯᠤᠭᠰᠠᠨ ᠴᠡᠷᠢᠭ ᠤᠨ ᠬᠡᠷ ᠪᠦᠯᠢ ᠳᠤ ᠪᠠᠶᠠᠷ ᠤᠨ ᠮᠡᠳᠡᠭᠡ ᠵᠢᠴᠢ ᠨᠠᠮ ᠪᠠ ᠵᠠᠰᠠᠭ ᠤᠨ ᠣᠷᠳᠣᠨ ᠤ ᠬᠠᠯᠠᠮᠵᠢᠯᠠᠯ ᠬᠦᠷᠭᠡᠪᠡ᠃     ᠴᠡᠷᠢᠭ ᠤᠨ ᠭᠡᠷ ᠪᠦᠯᠢ ᠶᠢᠨ ᠬᠢᠨ ᠡᠷᠲᠡ ᠠᠴᠠ ᠭᠡᠷ ᠤᠨ ᠡᠭᠦᠳᠡᠨ ᠳᠤ ᠪᠠᠨ ᠬᠦᠯᠢᠶᠡᠵᠦ᠂ ᠴᠢᠷᠠᠢ ᠳᠤ ᠨᠢ ᠣᠮᠤᠭ ᠪᠠᠭ᠋ᠠᠳᠤᠯᠲᠤ ᠢᠨᠢᠶᠡᠮᠰᠦᠭᠯᠡᠯ ᠪᠢᠯᠬᠠᠵᠤ ᠪᠠᠶᠢᠯ᠎ᠠ᠃ ᠦᠬᠡᠷᠬᠤᠳᠳᠤᠭ ᠪᠠᠯᠭᠠᠰᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠠᠵᠢᠯᠲᠠᠳ ᠢᠷᠠᠭᠤ ᠠᠯᠳᠠᠷ ᠤᠨ ᠪᠠᠶᠠᠷ ᠤᠨ ᠮᠡᠳᠡᠭᠡ ᠪᠣᠯᠤᠨ ᠲᠣᠬᠤᠨᠢᠭᠤᠯᠬᠤ ᠮᠥᠩᠭᠦ ᠶᠢ  ᠴᠡᠷᠢᠭ ᠤᠨ ᠭᠡᠷ ᠪᠦᠯᠢ ᠶᠢᠨ ᠬᠢᠨ ᠤ ᠭᠠᠷ ᠲᠤ ᠲᠥᠪ ᠬᠢᠴᠢᠶᠡᠩᠭᠦᠢ ᠪᠠᠷ ᠲᠤᠰᠢᠶᠠᠭᠰᠠᠨ ᠪᠥᠭᠡᠳ ᠲᠡᠭᠦᠨ ᠳᠤ ᠪᠠᠶᠠᠷ ᠬᠦᠷᠭᠡᠵᠦ ᠪᠠᠶᠢᠬᠤ ᠪᠠᠨ ᠢᠯᠡᠳᠬᠡᠪᠡ᠃ ᠴᠡᠷᠢᠭ ᠤᠨ ᠭᠡᠷ ᠪᠦᠯᠢ ᠪᠠᠶᠠᠷ ᠤᠨ ᠮᠡᠳᠡᠭᠡ ᠶᠢ ᠲᠤᠰᠬᠤ  ᠳᠤ  ᠰᠡᠳᠬᠢᠯ ᠮᠠᠰᠢ ᠲᠤᠭᠳᠤᠯᠵᠤ ᠪᠠᠶᠢᠯ᠎ᠠ᠃ ︽ᠬᠡᠤᠬᠡᠳ ᠴᠡᠷᠢᠭ ᠠᠩᠭᠢ ᠳᠤ  ᠪᠠᠨ ᠬᠥᠬᠢᠭᠦᠯᠦᠯ ᠭᠥᠷᠳᠡᠭᠰᠡᠨ ᠶᠠᠪᠤᠳᠠᠯ ᠪᠣᠯ ᠮᠠᠨ ᠤ ᠪᠥᠬᠦ ᠬᠡᠷ ᠤᠨ ᠣᠮᠣᠭᠰᠢᠯ ᠮᠥᠨ᠂ ᠪᠢᠳᠡ  ᠬᠡᠤᠭᠡᠳ ᠤᠨ ᠢᠶᠠᠨ ᠴᠡᠷᠢᠭ ᠠᠩᠭᠢ ᠳᠠᠭᠠᠨ ᠰᠠᠶᠢᠨ ᠠᠵᠢᠯᠯᠠᠬᠤ ᠶᠢ ᠦᠷᠭᠦᠯᠵᠢᠯᠡᠨ ᠳᠡᠮᠵᠢᠨ᠎ᠡ︕︾ ᠭᠡᠵᠡᠢ᠃     ᠲᠣᠰ ᠤᠳᠠᠭᠠᠨ ᠤ ᠪᠠᠶᠠᠷ ᠤᠨ ᠴᠢᠮᠡᠭᠡ ᠬᠦᠷᠭᠡᠬᠦ ᠠᠵᠢᠯᠯᠠᠭ᠎ᠠ ᠨᠢ ᠦᠬᠡᠷᠬᠤᠳᠳᠤᠭ ᠪᠠᠯᠭᠠᠰᠤᠨ ᠤ ᠥᠷᠭᠡᠨ ᠣᠯᠠᠨ ᠵᠠᠯᠠᠭᠤᠴᠤᠳ ᠤᠨ ᠴᠡᠷᠢᠭ ᠲᠤ ᠣᠷᠣᠯᠴᠠᠬᠤ ᠬᠠᠯᠠᠭᠤᠨ ᠰᠡᠳᠬᠢᠯᠭᠡ ᠶᠢ ᠲᠦᠢᠯ ᠤᠨ ᠶᠡᠭᠡ ᠪᠠᠷ ᠬᠥᠭᠵᠢᠭᠡᠭᠰᠡᠨ ᠤ ᠬᠠᠮᠲᠤ ᠦᠬᠡᠷᠬᠤᠳᠳᠤᠭ ᠪᠠᠯᠭᠠᠰᠤᠨ ᠤ ᠴᠡᠷᠢᠭ ᠢᠶᠠᠨ ᠬᠦᠷᠢᠶᠡᠯᠡᠨ ᠬᠡᠷ ᠪᠦᠯᠢ ᠶᠢ ᠨᠢ ᠬᠠᠷᠠᠭᠠᠯᠵᠠᠬᠤ ᠰᠢᠯᠢᠳᠡᠭ ᠤᠯᠠᠮᠵᠢᠯᠠᠯ ᠢ ᠤᠯᠠᠮ ᠨᠢᠭᠡ ᠠᠯᠬᠤᠮ ᠪᠠᠲᠤᠳᠬᠠᠪᠠ᠃ ᠴᠡᠷᠢᠭ ᠢ ᠬᠦᠨᠳᠦᠳᠬᠡᠬᠦ ᠬᠡᠪ ᠰᠤᠷᠲᠠᠯ ᠢ ᠪᠦᠬᠦ ᠪᠠᠯᠭᠠᠰᠤᠨ ᠳᠤ ᠬᠡᠪ ᠰᠤᠷᠲᠠᠯ ᠪᠣᠯᠭᠠᠬᠤ ᠬᠡᠷᠡᠭᠲᠡᠢ᠃ ᠳᠠᠷᠠᠭᠠᠴᠢ ᠶᠢᠨ ᠠᠯᠬᠤᠮ ᠳᠤ ᠦᠬᠡᠷᠬᠤᠳᠳᠤᠭ ᠪᠠᠯᠭᠠᠰᠤ ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ ᠡᠯ᠎ᠡ ᠵᠦᠢᠯ ᠤᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠴᠡᠷᠢᠭ ᠬᠥᠮᠦᠨ ᠢ ᠪᠦᠬᠦ ᠨᠡᠶᠢᠭᠡᠮ ᠢᠶᠠᠷ ᠢᠶᠠᠨ ᠬᠦᠨᠳᠦᠳᠬᠡᠬᠦ ᠪᠣᠯᠭᠠᠵᠤ᠂ ᠴᠡᠷᠢᠭ ᠬᠥᠮᠦᠨ ᠂ ᠴᠡᠷᠢᠭ ᠤᠨ ᠭᠡᠷ ᠪᠦᠯᠢ ᠶᠢᠨ ᠬᠢᠨ ᠤ ᠢᠷᠠᠭᠤ ᠠᠯᠳᠠᠷ ᠤᠨ ᠲᠦᠷᠦᠭᠳᠡᠯ᠂ ᠬᠦᠷᠲᠡᠮᠵᠢ ᠶᠢᠨ ᠲᠦᠷᠦᠭᠳᠡᠯ ᠢ ᠨᠡᠩ ᠭᠦᠢᠴᠡᠳ ᠪᠣᠯᠭᠠᠨ᠎ᠠ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号