ᠵᠢᠶᠠ ᠪᠦᠦ ᠯᠢᠶᠠᠩ ᠱᠦᠵᠢ ᠶᠢᠨ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ ᠮᠠᠨ ᠤ ᠬᠤᠰᠢᠭᠤᠨ ᠤ ᠰᠢᠨ᠎ᠡ ᠡᠨᠧᠷᠭᠢ᠂ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠵᠢᠴᠢ ᠨᠡᠭᠦᠷᠡᠰᠦᠲᠥ᠋ᠷᠥᠭᠴᠢ ᠥᠬᠡᠶ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠰᠤᠳᠤᠯᠤᠨ ᠳᠣᠭᠢᠷᠠᠭᠤᠯᠪᠠ
ᠨᠡᠶᠢᠲᠡᠯᠡᠭᠰᠡᠨ ᠴᠠᠭ᠄
2025/1/15
      1 ᠰᠠᠷ᠎ᠠ ᠶᠢᠨ 13 ᠤ ᠡᠳᠦᠷ ᠤᠨ ᠦᠳᠡ ᠶᠢᠨ ᠬᠤᠶᠢᠨ᠎ᠠ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠱᠦᠵᠢ ᠶᠢᠨ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠬᠤᠰᠢᠭᠤᠨ ᠤ ᠰᠢᠨ᠎ᠡ ᠡᠨᠧᠷᠭᠢ᠂ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠪᠥᠲᠥᠭᠡᠨ ᠪᠠᠶᠢᠭᠤᠯᠤᠯᠲᠠ ᠪᠠ ᠨᠡᠭᠦᠷᠡᠰᠦᠲᠥ᠋ᠷᠥᠭᠴᠢ ᠥᠬᠡᠶ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠰᠢᠨ᠎ᠡ ᠡᠨᠧᠷᠭᠢ ᠪᠣᠯᠤᠨ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠢ ᠬᠥᠭᠵᠢᠭᠦᠯᠬᠦ ᠪᠣᠯ ᠨᠡᠭᠦᠷᠡᠰᠦᠲᠥ᠋ᠷᠥᠭᠴᠢ ᠥᠬᠡᠶ ᠬᠦᠷᠢᠶᠡᠯᠡᠩ ᠲᠣᠭᠤᠷᠢᠭ ᠢ ᠰᠠᠶᠢᠲᠤᠷ ᠪᠥᠲᠥᠭᠡᠨ ᠪᠠᠶᠢᠭᠤᠯᠬᠤ ᠶᠢᠨ ᠰᠠᠭᠤᠷᠢ ᠪᠠ ᠪᠠᠲᠤᠯᠠᠭ᠎ᠠ ᠮᠥᠨ᠂ ᠪᠠᠰᠠ ᠴᠤ ᠮᠠᠨ ᠤ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠴᠢᠬᠤᠯᠠ ᠲᠤᠯᠭᠠᠭᠤᠷᠢᠯᠠᠯ ᠮᠥᠨ᠂ ᠨᠡᠭᠦᠷᠡᠰᠦᠲᠥ᠋ᠷᠥᠭᠴᠢ ᠥᠬᠡᠶ ᠬᠦᠷᠢᠶᠡᠯᠡᠩ ᠲᠣᠭᠤᠷᠢᠭ ᠨᠢ ᠨᠠᠩ ᠴᠤ ᠪᠥᠬᠦ ᠬᠤᠰᠢᠭᠤ᠂ ᠪᠥᠬᠦ ᠬᠤᠲᠠ ᠶᠢᠨ ᠠᠵᠤ ᠠᠬᠤᠶ ᠶᠢᠨ ᠬᠥᠭᠵᠢᠯᠲᠡ ᠶᠢᠨ ᠴᠢᠬᠤᠯᠠ ᠲᠠᠪᠴᠠᠩ ᠤᠨ ᠠᠴᠢᠶᠠᠯᠠᠪᠤᠷᠢ ᠮᠥᠨ᠃ ᠪᠢᠳᠡ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠲᠤᠯᠭᠠᠮ᠎ᠠ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠵᠤ᠂ ᠣᠳᠣᠬᠠᠨ ᠤ ᠪᠠᠶᠢᠳᠠᠯ ᠢ ᠲᠣᠳᠣᠷᠬᠠᠢ ᠲᠠᠨᠢᠵᠤ᠂ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠠᠰᠠᠭᠤᠳᠠᠯ ᠢ ᠡᠷᠢᠨ ᠭᠠᠷᠭᠠᠵᠤ᠂ ᠠᠵᠢᠯ ᠤᠨ ᠰᠡᠳᠬᠢᠴᠡ ᠪᠠᠨ ᠲᠣᠳᠣᠷᠬᠠᠢ ᠪᠣᠯᠭᠠᠵᠤ᠂ ᠠᠵᠢᠯ ᠤᠨ ᠡᠭᠦᠷᠭᠡ ᠪᠠᠨ ᠲᠣᠳᠣᠷᠬᠠᠶᠢᠯᠠᠵᠤ᠂ ᠴᠢᠩᠭ᠎ᠠ ᠠᠳᠬᠤᠨ ᠲᠦᠷᠭᠡᠨ ᠬᠢᠵᠦ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠡᠯ᠎ᠡ ᠵᠦᠢᠯ ᠤᠨ ᠠᠵᠢᠯ ᠤᠨ ᠰᠢᠨ᠎ᠡ ᠠᠬᠢᠴᠠ ᠲᠠᠢ ᠪᠣᠯᠬᠤ ᠶᠢ ᠠᠬᠢᠭᠤᠯᠬᠤ ᠬᠡᠷᠡᠭᠲᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠮᠠᠨ ᠤ ᠬᠤᠰᠢᠭᠤᠨ ᠤ ᠰᠢᠨ᠎ᠡ ᠡᠨᠧᠷᠭᠢ ᠶᠢᠨ ᠬᠥᠭᠵᠢᠯᠲᠡ ᠶᠢᠨ ᠪᠠᠶᠢᠳᠠᠯ ᠢ ᠲᠣᠳᠣᠷᠬᠠᠶ ᠣᠶᠢᠯᠠᠭᠠᠵᠤ᠂ ᠰᠠᠭᠤᠷᠢ ᠲᠤᠭ᠎ᠠ ᠨᠢ ᠲᠣᠳᠣᠷᠬᠠᠶ᠂ ᠪᠠᠶᠢᠳᠠᠯ ᠨᠢ ᠲᠣᠳᠣᠷᠬᠠᠶ ᠪᠠᠶᠢᠬᠤ ᠤᠷᠢᠲᠠᠯ ᠳᠣᠤᠷ᠎ᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ᠂ ᠨᠡᠭᠦᠷᠡᠰᠦᠲᠥ᠋ᠷᠥᠭᠴᠢ ᠥᠬᠡᠶ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠵᠡᠷᠭᠡ ᠪᠣᠳᠠᠲᠠᠶ ᠠᠵᠢᠯ ᠲᠠᠢ ᠤᠶᠠᠯᠳᠤᠭᠤᠯᠤᠨ᠂ ᠠᠯᠤᠰ ᠬᠡᠲᠦ ᠶᠢ ᠪᠣᠳᠣᠯᠬᠢᠯᠠᠨ ᠠᠵᠤ ᠦᠢᠯᠡᠰ ᠤᠨ ᠪᠠᠶᠢᠷᠢᠰᠢᠭᠤᠯᠤᠯᠲᠠ ᠶᠢ ᠲᠥᠯᠥᠪᠵᠢᠭᠦᠯᠬᠦ ᠬᠡᠷᠡᠭᠲᠡᠶ᠃ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢᠨ ᠬᠤᠪᠢᠷᠠᠯᠲᠠ ᠶᠢ ᠴᠠᠭ ᠲᠤᠬᠠᠶ ᠳᠤᠨᠢ ᠳᠠᠭᠠᠵᠤ᠂ ᠠᠵᠤ ᠦᠢᠯᠡᠰ ᠤᠨ ᠬᠥᠭᠵᠢᠯᠲᠡ ᠶᠢᠨ ᠴᠢᠭᠯᠡᠯ᠂ ᠪᠠᠷᠢᠮᠵᠢᠶ᠎ᠠ ᠶᠢ ᠣᠨᠣᠪᠴᠢᠲᠠᠶ ᠡᠵᠡᠮᠳᠡᠵᠦ᠂ ᠬᠥᠭᠵᠢᠯᠲᠡ ᠶᠢᠨ ᠠᠵᠠ ᠲᠣᠬᠢᠶᠠᠯ ᠢ ᠠᠮᠵᠢᠨ᠂ ᠢᠳᠡᠪᠬᠢᠲᠡᠶ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠲᠥᠷᠥᠯ ᠵᠦᠢᠯ ᠢ ᠲᠥᠰᠦᠪᠯᠡᠨ ᠨᠥᠭᠡᠴᠡᠯᠡᠬᠦ ᠪᠠ ᠠᠷᠢᠯᠵᠢᠶᠠᠴᠢᠨ ᠤᠷᠢᠵᠤ ᠪᠠᠯᠠ ᠣᠷᠣᠭᠤᠯᠬᠤ ᠵᠡᠷᠭᠡ ᠠᠵᠢᠯ ᠢ ᠰᠠᠶᠢᠲᠤᠷ ᠬᠢᠵᠦ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠢᠨ᠎ᠡ ᠡᠨᠧᠷᠭᠢ ᠶᠢᠨ ᠡᠬᠢ ᠪᠠᠶᠠᠯᠢᠭ ᠢ ᠡᠮᠬᠢ ᠵᠢᠷᠤᠮ ᠲᠠᠢ ᠨᠡᠭᠡᠭᠡᠨ ᠠᠰᠢᠭᠯᠠᠬᠤ ᠶᠢ ᠠᠬᠢᠭᠤᠯᠬᠤ ᠬᠡᠷᠡᠭᠲᠡᠶ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ᠰᠢᠢᠳᠪᠥᠷᠢᠯᠡᠭᠳᠡᠭᠦᠢ ᠰᠡᠳᠬᠢᠬᠦᠶ︾ ᠶᠢ ᠴᠢᠩᠭᠠᠳᠬᠠᠵᠤ᠂ ᠣᠳᠣᠬᠠᠨ ᠳᠤ ᠲᠤᠯᠭᠠᠷᠠᠵᠤ ᠪᠠᠶᠢᠭ᠎ᠠ ᠬᠦᠴᠢᠷ ᠲᠦᠪᠡᠭᠲᠡᠢ ᠠᠰᠠᠭᠤᠳᠠᠯ ᠢ ᠪᠦᠬᠦ ᠲᠠᠯ᠎ᠠ ᠪᠠᠷ ᠡᠮᠬᠢᠯᠡᠵᠦ᠂ ᠰᠢᠯᠲᠠᠭᠠᠨ ᠢ ᠭᠦᠨᠵᠡᠭᠡᠢ ᠵᠠᠳᠠᠯᠵᠤ᠂ ᠵᠢᠷᠤᠭ ᠡᠯᠭᠦᠨ ᠪᠠᠶᠢᠯᠳᠤᠨ᠂ ᠠᠵᠢᠯ ᠤᠨ ᠬᠤᠭᠤᠴᠠᠭ᠎ᠠ ᠶᠢ ᠲᠣᠩᠭᠤᠷᠤᠭᠤᠯᠤᠨ ᠪᠠᠶᠢᠷᠢᠯᠠᠭᠤᠯᠵᠤ᠂ ᠠᠰᠠᠭᠤᠳᠠᠯ ᠢ ᠰᠢᠢᠳᠪᠦᠷᠢᠯᠡᠬᠦ ᠶᠢ ᠲᠦᠷᠭᠡᠳᠬᠡᠵᠦ᠂ ᠠᠵᠢᠯ ᠤᠨ ᠠᠷᠭ᠎ᠠ ᠶᠢᠨ ᠰᠢᠨ᠎ᠡ ᠶᠢ ᠡᠭᠦᠳᠴᠦ᠂ ᠭᠤᠣᠯᠳᠠᠯᠭ᠎ᠠ ᠲᠠᠢ ᠲᠦᠷᠦᠯ ᠵᠦᠢᠯ ᠤᠨ ᠠᠵᠢᠯ ᠲᠦᠷᠭᠡᠨ ᠡᠬᠢᠯᠡᠬᠦ᠂ ᠲᠦᠷᠭᠡᠨ ᠪᠦᠳᠦᠭᠡᠨ ᠪᠠᠶᠢᠭᠤᠯᠬᠤ᠂ ᠲᠦᠷᠭᠡᠨ ᠠᠵᠢᠯ ᠳᠠᠭᠤᠰᠬᠤ ᠶᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠳᠠᠷᠬᠠᠨ ᠮᠤᠤᠮᠢᠩᠭᠠᠨ ᠬᠤᠰᠢᠭᠤᠨ ᠤ ᠰᠢᠨ᠎ᠡ ᠡᠨᠧᠷᠭᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ᠃ ᠡᠯ᠎ᠡ ᠱᠠᠲᠤᠨ ᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠬᠢᠨᠠᠯᠲᠠ ᠬᠠᠮᠢᠶᠠᠷᠤᠯᠲᠠ ᠪᠠ ᠵᠣᠬᠢᠴᠠᠭᠤᠯᠤᠨ ᠦᠢᠯᠡᠴᠢᠯᠡᠬᠦ ᠶᠢ ᠴᠢᠩᠭᠠᠳᠬᠠᠨ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠠᠬᠢᠭᠤᠯᠬᠤ ᠶᠢ ᠲᠦᠷᠭᠡᠳᠬᠡᠵᠦ᠂ ᠬᠦᠴᠦᠨ ᠢᠶᠠᠨ ᠲᠥᠪᠯᠡᠷᠡᠭᠦᠯᠦᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠨ ᠪᠤᠵᠠᠭᠠᠶᠢᠷᠠᠬᠤ ᠶᠢ ᠠᠬᠢᠭᠤᠯᠬᠤ ᠬᠡᠷᠡᠭᠲᠡᠶ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号