︽ᠮᠤᠵᠢ ᠠᠯᠤᠰᠯᠠᠨ ᠨᠡᠶᠢᠳᠡᠮ ᠭᠦᠢᠴᠡᠳᠭᠡᠬᠦ︾ ᠨᠢ ᠬᠥᠮᠦᠰ ᠤᠨ ᠰᠡᠳᠬᠢᠯ ᠢ ᠳᠤᠯᠠᠭᠠᠴᠠᠭᠤᠯᠵᠤ ᠣᠨᠳᠣᠤ ᠭᠠᠵᠠᠷ ᠤᠨ ᠵᠡᠮᠳᠡᠭᠴᠦᠳ ᠤᠨ ᠦᠨᠡᠮᠯᠡᠯ ᠠᠪᠬᠤ ᠳᠤ ᠲᠥᠬᠦᠮ ᠦᠵᠡᠭᠦᠯᠪᠡ
ᠨᠡᠶᠢᠲᠡᠯᠡᠭᠰᠡᠨ ᠴᠠᠭ᠄
2025/1/15
       ᠮᠤᠵᠢ ᠠᠯᠤᠰᠯᠠᠨ ᠨᠡᠶᠢᠳᠡᠮ ᠭᠦᠢᠴᠡᠳᠬᠡᠬᠦ᠄ ᠳᠠᠷᠤᠶ ᠵᠡᠮᠳᠡᠭ ᠬᠥᠮᠦᠨ ᠤ ᠦᠨᠡᠮᠯᠡᠯ ᠢ ᠭᠦᠢᠴᠡᠳᠬᠡᠵᠦ ᠪᠠᠶᠢᠭ᠎ᠠ ᠭᠤᠶᠤᠴᠢᠯᠠᠭᠴᠢ ᠰᠢᠭᠤᠳ ᠪᠠᠶᠢᠩᠭᠤ ᠰᠠᠭᠤᠭ᠎ᠠ ᠭᠠᠵᠠᠷ ᠤᠨ ᠬᠤᠰᠢᠭᠤ ᠰᠢᠶᠠᠨ ᠲᠣᠭᠤᠷᠢᠭ ᠤᠨ ᠱᠠᠲᠤᠨ ᠤ ᠵᠡᠮᠳᠡᠭᠴᠦᠳ ᠤᠨ ᠬᠤᠯᠪᠣᠭ᠎ᠠ ᠪᠤᠶᠤ ᠲᠤᠬᠠᠶ ᠶᠢᠨ ᠭᠠᠵᠠᠷ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠵᠡᠮᠳᠡᠭᠴᠦᠳ ᠤᠨ ᠶᠠᠪᠤᠳᠠᠯ ᠤᠨ ᠦᠢᠯᠡᠴᠢᠯᠡᠭᠡᠨ ᠤ ᠴᠣᠩᠬᠤᠪᠴᠢ ᠳᠤ ᠬᠦᠷᠴᠦ ᠭᠤᠶᠤᠴᠢᠯᠠᠨ ᠭᠦᠢᠴᠡᠳᠬᠡᠵᠦ ᠪᠣᠯᠤᠨ᠎ᠠ᠂ ᠪᠠᠰᠠ ᠪᠥᠬᠦ ᠤᠯᠤᠰ ᠤᠨ ᠵᠡᠮᠳᠡᠭᠴᠦᠳ ᠤᠨ ᠬᠤᠯᠪᠣᠭ᠎ᠠ ᠶᠢᠨ ᠮᠡᠳᠡᠭᠡ ᠵᠠᠩᠭᠢᠵᠢᠯᠲᠠ ᠶᠢᠨ ᠦᠢᠯᠡᠴᠢᠯᠡᠭᠡᠨ ᠤ ᠲᠠᠪᠴᠠᠩ ᠪᠤᠶᠤ ᠤᠯᠤᠰ ᠤᠨ ᠲᠠᠰ ᠤᠨ᠂ ᠮᠤᠵᠢ ᠶᠢᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢᠶᠠᠷ ᠳᠠᠮᠵᠢᠭᠤᠯᠤᠨ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ᠲᠤᠰᠬᠠᠶ ᠣᠷᠣᠨ ᠳᠤ ᠳᠠᠩᠰᠠᠯᠠᠭᠤᠯᠵᠤ᠂ ᠳᠠᠩᠰᠠᠯᠠᠭᠤᠯᠤᠭᠰᠠᠨ ᠤ ᠳᠠᠷᠠᠭ᠎ᠠ ᠵᠡᠮᠳᠡᠭᠴᠦᠳ ᠤᠨ ᠦᠨᠡᠮᠯᠡᠯ ᠢ ᠭᠤᠶᠤᠴᠢᠯᠠᠨ ᠭᠦᠢᠴᠡᠳᠬᠡᠵᠦ ᠪᠣᠯᠤᠨ᠎ᠠ᠃       ᠥᠩᠭᠡᠷᠡᠭᠰᠡᠨ ᠳᠤ᠂ ᠭᠠᠳᠠᠷ ᠣᠷᠣᠨ ᠳᠤ ᠰᠠᠭᠤᠵᠤ ᠪᠠᠶᠢᠭ᠎ᠠ ᠵᠡᠮᠳᠡᠭᠴᠦᠳ ᠵᠡᠮᠳᠡᠭ ᠬᠥᠮᠦᠨ ᠤ ᠦᠨᠡᠮᠯᠡᠯ ᠭᠦᠢᠴᠡᠳᠬᠡᠬᠦ ᠳᠤ ᠡᠷᠦᠬᠡ ᠠᠮᠠ ᠶᠢᠨ ᠪᠠᠶᠢᠭ᠎ᠠ ᠭᠠᠵᠠᠷ ᠲᠠᠭᠠᠨ ᠣᠴᠢᠵᠤ ᠶᠡᠭᠡ ᠵᠠᠷᠤᠳᠠᠯ ᠤᠨ ᠲᠠᠮᠠᠭ᠎ᠠ ᠳᠠᠷᠤᠬᠤ ᠴᠢᠬᠤᠯᠠᠲᠠᠶ᠂ ᠣᠳᠣ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ᠨᠢ ᠮᠠᠰᠢ ᠤᠯᠠᠨ ᠳᠥᠭᠦᠮ ᠠᠪᠴᠢᠷᠠᠵᠠᠢ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠵᠡᠮᠳᠡᠭᠴᠦᠳ ᠤᠨ ᠬᠤᠯᠪᠣᠭ᠎ᠠ ︽ᠮᠤᠵᠢ ᠠᠯᠤᠰᠯᠠᠨ ᠨᠡᠶᠢᠳᠡᠮ ᠭᠦᠢᠴᠡᠳᠭᠡᠬᠦ︾ ᠶᠢ ᠢᠳᠡᠪᠬᠢᠲᠡᠶ ᠠᠬᠢᠭᠤᠯᠵᠤ᠂ ᠵᠡᠮᠳᠡᠭᠴᠦᠳ ᠤᠨ ᠦᠨᠡᠮᠯᠡᠯ ᠭᠦᠢᠴᠡᠳᠭᠡᠬᠦ ᠳᠤ ᠦᠨᠡᠨ ᠬᠦ ᠲᠥᠬᠦᠮ ᠦᠵᠡᠭᠦᠯᠪᠡ᠃      ᠡᠷᠦᠬᠡ ᠠᠮᠠ ᠨᠢ ᠭᠠᠨᠰᠦ ᠶᠢᠨ ᠲᠢᠶᠠᠨ ᠱᠦᠶ ᠴᠢᠨ ᠠᠨ ᠰᠢᠶᠠᠨ ᠳᠤ ᠪᠠᠶᠢᠭ᠎ᠠ ᠯᠢ ᠣᠪᠣᠭᠲᠤ᠂ ᠤᠳᠤ ᠥᠪᠥᠷ ᠮᠣᠩᠭᠤᠯ ᠤᠨ ᠪᠤᠭᠤᠲᠤ ᠬᠤᠲᠠ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ ᠤᠷᠳᠤ ᠬᠤᠭᠤᠴᠠᠭ᠎ᠠ ᠪᠠᠷ ᠠᠮᠢᠳᠤᠷᠠᠵᠤ᠂ ᠪᠡᠶ᠎ᠡ ᠨᠢ ᠵᠡᠮᠳᠡᠭ᠂ ᠵᠡᠮᠳᠡᠭᠴᠦᠳ ᠤᠨ ᠦᠨᠡᠮᠯᠡᠯ ᠠᠪᠬᠤ ᠰᠠᠨᠠᠭᠠᠲᠠᠢ᠃ ᠬᠡᠷᠪᠡ ᠬᠠᠭᠤᠴᠢᠨ ᠳᠦᠷᠢᠮ ᠪᠤᠯ ᠯᠢ ᠣᠪᠣᠭᠲᠤ ᠭᠠᠨᠰᠦ ᠮᠣᠵᠢ ᠳᠤ ᠪᠠᠨ ᠬᠠᠷᠢᠵᠥ ᠦᠨᠡᠮᠯᠡᠯ ᠢᠶᠠᠨ ᠠᠪᠬᠤ ᠬᠡᠷᠡᠭᠳᠡᠢ᠃ ᠡᠳᠥᠭᠡ ᠵᠡᠮᠳᠡᠭᠴᠦᠳ ᠤᠨ ᠦᠨᠡᠮᠯᠡᠯ ᠢ ︽ᠮᠤᠵᠢ ᠠᠯᠤᠰᠯᠠᠨ ᠨᠡᠶᠢᠳᠡᠮ ᠭᠦᠢᠴᠡᠳᠭᠡᠬᠦ︾ ᠲᠥᠷᠥ ᠶᠢᠨ ᠪᠣᠳᠣᠯᠭ᠎ᠠ ᠲᠠᠢ ᠪᠣᠯᠵᠣ᠂  ᠲᠡᠭᠦᠨ ᠰᠢᠭ ᠡᠶᠢᠮᠥᠷᠭᠦ ᠵᠡᠮᠳᠡᠭᠴᠤᠳ ᠳᠥᠭᠦᠮ ᠳᠥᠳᠡ ᠠᠪᠴᠢᠷᠠᠵᠤ ᠥᠭᠴᠡᠶ᠃      ᠯᠢ ᠣᠪᠣᠭᠲᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ ᠲᠣᠰ ᠲᠥᠷᠥ ᠶᠢᠨ ᠪᠣᠳᠣᠯᠭ᠎ᠠ ᠶᠢ ᠮᠡᠳᠡᠭᠰᠡᠨ ᠤ ᠳᠠᠷᠠᠭ᠎ᠠ᠂ ᠦᠨᠡᠮᠯᠡᠯ ᠬᠥᠢᠴᠡᠳᠬᠡᠬᠦ ᠶᠠᠪᠤᠴᠠ ᠶᠣᠰᠣᠭᠠᠷ ᠮᠠᠨ ᠤ ᠵᠡᠮᠳᠡᠭᠴᠦᠳ ᠤᠨ ᠬᠤᠯᠪᠣᠭ᠎ᠠ ᠳᠤ ᠦᠨᠡᠮᠯᠡᠯ ᠭᠤᠶᠤᠴᠢᠯᠠᠨ ᠠᠪᠬᠤ ᠶᠢᠨ ᠬᠠᠮᠲᠤ ᠮᠠᠨ ᠤ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠶᠢᠨ ᠠᠵᠢᠯᠲᠠᠨ ᠤ ᠵᠢᠯᠣᠭᠤᠳᠣᠯᠭ᠎ᠠ ᠳᠣᠤᠷ᠎ᠠ᠂ ᠮᠠᠨ ᠤ ᠬᠤᠰᠢᠭᠤᠨ ᠤ ᠵᠢᠭᠠᠨ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ ᠬᠥᠷᠴᠥ ᠵᠡᠮᠳᠡᠭ ᠢ ᠰᠢᠯᠭᠠᠨ ᠲᠣᠭᠲᠠᠭᠠᠵᠤ᠂ ᠣᠷᠣᠰᠢᠨ ᠰᠠᠭᠤᠬᠤ ᠦᠨᠡᠮᠯᠡᠯ ᠢᠶᠠᠨ ᠠᠪᠴᠥ᠂ ᠵᠠᠷᠯᠠᠨ ᠨᠡᠶᠢᠲᠡᠯᠡᠵᠦ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠳᠤ ᠮᠠᠲ᠋ᠧᠷᠢᠶᠠᠯ ᠢᠶᠠᠨ ᠲᠤᠰᠢᠶᠠᠪᠠ ᠃ ᠳᠠᠷᠠᠭ᠎ᠠ ᠳᠤᠨᠢ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠵᠡᠮᠳᠡᠭᠴᠦᠳ ᠤᠨ ᠬᠤᠯᠪᠣᠭ᠎ᠠ ︽ᠪᠦᠬᠦ ᠤᠯᠤᠰ ᠤᠨ ᠵᠡᠮᠳᠡᠭᠴᠦᠳ ᠤᠨ ᠬᠤᠯᠪᠣᠭ᠎ᠠ ᠶᠢᠨ ᠮᠡᠳᠡᠭᠡ ᠵᠠᠩᠭᠢᠵᠢᠯᠲᠠ ᠶᠢᠨ ᠦᠢᠯᠡᠴᠢᠯᠡᠭᠡᠨ ᠤ ᠲᠠᠪᠴᠠᠩ︾ ᠢᠶᠠᠷ ᠳᠠᠮᠵᠢᠭᠤᠯᠤᠨ ᠡᠷᠦᠬᠡ ᠠᠮᠠ ᠶᠢᠨ ᠪᠠᠶᠢᠭ᠎ᠠ ᠭᠠᠵᠠᠷ ᠤᠨ ᠴᠢᠨ ᠠᠨ ᠰᠢᠶᠠᠨ ᠤ ᠵᠡᠮᠳᠡᠭᠴᠦᠳ ᠤᠨ ᠬᠤᠯᠪᠣᠭ᠎ᠠ ᠳᠤ ᠬᠦᠷᠭᠡᠵᠦ᠂ ᠬᠤᠶᠠᠷ ᠭᠠᠵᠠᠷ ᠤᠨ ᠵᠡᠮᠳᠡᠭᠴᠦᠳ ᠤᠨ ᠬᠤᠯᠪᠣᠭ᠎ᠠ ᠶᠢᠨ ᠲᠤᠬᠠᠶᠢᠯᠠᠭᠰᠠᠨ ᠠᠵᠢᠯ ᠤᠨ ᠠᠵᠢᠯᠲᠠᠳ ᠤᠯᠠᠨ ᠤᠳᠠᠭ᠎ᠠ ᠴᠠᠬᠢᠯᠭᠠᠨ ᠬᠤᠯᠪᠣᠭ᠎ᠠ ᠪᠠᠷ ᠨᠡᠪᠲᠡᠷᠡᠯᠴᠡᠵᠦ᠂ ᠬᠠᠮᠵᠢᠯᠴᠠᠨ ᠠᠬᠢᠭᠤᠯᠪᠠ᠃ ᠡᠴᠦᠰ ᠲᠡᠭᠡᠨ᠂ ᠯᠢ ᠣᠪᠣᠭᠲᠤ ᠵᠡᠮᠳᠡᠭ ᠬᠥᠮᠦᠨ ᠤ ᠦᠨᠡᠮᠯᠡᠯ ᠢᠶᠠᠨ ᠣᠯᠵᠤ᠂ ᠯᠢ ᠣᠪᠣᠭᠲᠤ ᠵᠠᠮ ᠤᠨ ᠵᠦᠳᠡᠷᠡᠯ ᠦᠭᠡᠢ ᠪᠠᠷ᠂ ᠵᠠᠮ ᠬᠠᠷᠢᠯᠴᠠᠭ᠎ᠠ᠂ ᠬᠤᠨᠤᠭ ᠪᠠᠭᠤᠳᠠᠯ ᠵᠡᠷᠭᠡ ᠶᠢᠨ ᠵᠠᠷᠤᠯᠭ᠎ᠠ ᠪᠠᠨ ᠴᠤ ᠶᠡᠭᠡ ᠪᠠᠷ ᠠᠷᠪᠢᠯᠠᠪᠠ᠃ ᠵᠡᠮᠳᠡᠭ ᠬᠥᠮᠥᠨ ᠤ ᠦᠨᠡᠮᠯᠡᠯ ᠠᠪᠤᠭᠰᠠᠨ ᠯᠢ ᠣᠪᠣᠭᠲᠤ᠄ ︽ᠡᠨᠡ ᠲᠥᠷᠥ ᠶᠢᠨ ᠪᠣᠳᠣᠯᠭ᠎ᠠ ᠳᠠᠩᠴᠢ ᠳᠣᠲᠣᠨᠣ᠂ ᠶᠡᠭᠡ ᠪᠠᠷ ᠬᠠᠪᠰᠤᠷᠴᠤ᠂  ᠪᠢ ᠬᠤᠯᠠ ᠵᠠᠮ ᠶᠠᠪᠤᠵᠥ᠂ ᠨᠤᠲᠤᠭ ᠲᠠᠭᠠᠨ ᠤᠴᠢᠬᠤ ᠬᠡᠷᠡᠭ ᠦᠭᠡᠢ ᠪᠤᠯᠵᠤ᠂ ᠦᠨᠡᠬᠡᠷ ᠳᠥᠭᠦᠮ ᠪᠤᠯᠵᠠᠢ︾ ᠭᠡᠵᠦ ᠶᠠᠷᠢᠪᠠ᠃      ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ᠶᠢ ᠬᠡᠷᠡᠭᠵᠢᠭᠦᠯᠦᠭᠰᠡᠨ ᠠᠴᠠ ᠨᠠᠰᠢ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠦᠷᠭᠦᠯᠵᠢᠯᠡᠨ ᠬᠦᠴᠦᠯᠡᠵᠦ᠂ ᠨᠢᠭᠡᠨᠲᠡ 85 ᠵᠦᠢᠯ ᠤᠨ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ᠲᠤᠬᠠᠶᠢᠯᠠᠭᠰᠠᠨ ᠠᠵᠢᠯ ᠢ ᠠᠮᠵᠢᠯᠲᠠ ᠲᠠᠢ ᠭᠦᠢᠴᠡᠳᠬᠡᠵᠦ᠂ ᠮᠠᠰᠢ ᠤᠯᠠᠨ ᠣᠨᠳᠣᠣ ᠭᠠᠵᠠᠷ ᠲᠤ ᠰᠠᠭᠤᠭ᠎ᠠ ᠵᠡᠮᠳᠡᠭᠴᠦᠳ ᠢ ︽ᠣᠯᠠᠨ ᠭᠠᠵᠠᠷ ᠲᠤ ᠭᠦᠶᠦᠬᠦ︾᠂ ︽ᠪᠤᠴᠠᠵᠤ ᠭᠦᠶᠦᠬᠦ︾ ᠠᠴᠠ ᠵᠠᠶᠢᠯᠠᠭᠤᠯᠵᠤ᠂ ᠵᠡᠮᠳᠡᠭᠴᠦᠳ ᠲᠤ ᠦᠢᠯᠡᠴᠢᠯᠡᠬᠦ ︽ᠡᠴᠦᠰ ᠤᠨ ᠨᠢᠭᠡ ᠺᠢᠯᠤᠮᠧᠲᠷ︾ ᠢ ᠦᠨᠡᠨᠬᠦ ᠨᠡᠪᠲᠡᠷᠡᠭᠦᠯᠵᠦ᠂ ᠠᠵᠢᠯᠯᠠᠭ᠎ᠠ ᠪᠠᠷ ᠢᠶᠠᠨ ᠵᠡᠮᠳᠡᠭᠴᠦᠳ ᠤᠨ ᠨᠡᠶᠢᠭᠡᠮ ᠳᠤ ᠠᠭᠤᠰᠤᠯᠴᠠᠬᠤ᠂ ᠳᠥᠭᠦᠮ ᠳᠥᠲᠡ ᠠᠮᠢᠳᠤᠷᠠᠯ ᠢ ᠬᠠᠮᠳᠤᠪᠡᠷ ᠡᠳ᠋ᠯᠡᠬᠦ ᠳᠤ ᠬᠦᠴᠦᠨ ᠨᠡᠮᠡᠷᠢᠯᠡᠪᠡ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号