ᠭᠦᠸᠧ ᠢᠦᠶ᠄ ᠡᠮ ᠡᠮᠨᠡᠯᠭᠡ ᠶᠢᠨ ᠳᠠᠭᠠᠳᠬᠠᠯ ᠠᠷᠠᠳ ᠤᠨ ᠲᠥᠯᠥᠭᠡ ᠦᠢᠯᠡᠴᠢᠯᠡᠬᠦ ᠤᠭ ᠰᠠᠨᠠᠭ᠎ᠠ ᠪᠠᠨ | ᠰᠠᠬᠢᠵᠤ ᠡᠷᠡᠭᠦᠯ ᠮᠡᠨᠳᠦ ᠶᠢ ᠪᠠᠳᠤᠯᠠᠬᠤ ᠳᠤ ᠡᠬᠦᠷᠬᠡ ᠬᠠᠷᠢᠭᠤᠴᠠᠯᠭ᠎ᠠ ᠡᠬᠦᠷᠬᠡᠯᠡᠪᠡ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ︽ᠬᠤᠶᠠᠷ ᠬᠤᠷᠠᠯ︾ ᠤᠳᠠᠯ ᠥᠬᠡᠶ ᠬᠤᠷᠠᠯᠳᠤᠬᠤ | ᠭᠡᠵᠦ ᠪᠣᠶ᠂ ᠥᠩᠭᠡᠷᠡᠭᠰᠡᠨ ᠨᠢᠭᠡ ᠵᠢᠯ ᠢ ᠡᠷᠭᠢᠴᠡᠭᠦᠯᠬᠦ ᠳᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ | ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠭᠤᠤᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠤ ᠰᠢᠨ᠎ᠡ ᠶᠢ ᠡᠭᠦᠳᠴᠦ᠂ ᠪᠣᠳᠠᠲᠠᠢ ᠶᠢ ᠡᠷᠬᠢᠮᠯᠡᠨ ᠰᠠᠨᠠᠯ | ᠰᠠᠨᠠᠭᠤᠯᠭ᠎ᠠ ᠲᠤᠷᠠᠳᠴᠤ᠂ | ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠤᠨ ᠲᠦᠯᠦᠭᠡ ᠦᠭᠡ ᠭᠡᠯᠡᠵᠦ᠂ ᠬᠤᠲᠠ ᠪᠠᠯᠭᠠᠰᠤᠨ ᠤ ᠬᠥᠭᠵᠢᠯᠲᠡ ᠳᠤ | ᠠᠷᠭ᠎ᠠ ᠤᠬᠠᠭᠠᠨ ᠭᠠᠷᠭᠠᠨ᠂ ᠤᠯᠤᠰ ᠲᠦᠷᠦ ᠶᠢᠨ ᠵᠦᠪᠯᠡᠯᠭᠡᠨ ᠤ ᠦᠢᠯᠡᠰ ᠲᠤ ᠥᠩᠭᠡ ᠭᠢᠯᠪᠠᠭ᠎ᠠ ᠨᠡᠮᠡᠷᠢᠯᠡᠪᠡ᠃ | ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠠᠵᠢᠯ ᠤᠨ ᠪᠠᠶᠢᠷᠢ ᠪᠠᠨ ᠬᠠᠶᠢᠷᠠᠯᠠᠵᠤ ᠦᠢᠯᠡᠰ ᠢᠶᠠᠨ | ᠳᠡᠭᠡᠳᠦᠯᠡᠬᠦ ᠶᠢᠨ ᠲᠥᠯᠥᠭᠡ᠂ ᠰᠢᠷᠭᠠᠭᠤ ᠬᠠᠲᠠᠭᠤᠵᠢᠯᠲᠠᠶ ᠪᠠᠷ ᠠᠳᠠᠯ ᠦᠢᠯᠡᠰ ᠴᠣᠭᠴᠠᠯᠠᠬᠤ᠂ ᠠᠷᠠᠳ ᠤᠨ | ᠲᠥᠯᠥᠭᠡ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠤᠭ ᠵᠢᠪᠬᠤᠭ᠎ᠠ ᠶᠢ ᠪᠠᠳᠠᠷᠠᠭᠠᠨ ︽ ᠪᠠᠭᠠᠳᠤᠷᠯᠢᠭ | ᠲᠠᠷᠬᠠᠨ ᠮᠤᠤᠮᠢᠩᠭᠠᠨ︾ ᠤ ᠣᠯᠠᠨ ᠨᠡᠶᠢᠲᠡ ᠶᠢᠨ ᠳ᠋ᠤᠭᠠᠷ ᠢ ᠲᠤᠰᠬᠠᠶᠢᠯᠠᠨ ᠨᠡᠭᠡᠭᠡᠪᠡ᠃ | ︽ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠴᠤᠭ ᠵᠢᠪᠬᠤᠭ᠎ᠠ︾ ᠲᠤᠰᠬᠠᠶ ᠪᠤᠯᠤᠩ ᠲᠡᠳᠡᠨ ᠤ | ᠲᠤᠰᠢᠶᠠᠯ ᠢᠶᠠᠨ ᠭᠦᠢᠴᠡᠳᠭᠡᠭᠰᠡᠨᠰᠡᠳᠬᠢᠯ ᠤᠨ ᠳᠠᠭᠤᠨ ᠢ ᠲᠡᠮᠳᠡᠭᠯᠡᠨ᠂ ᠥᠨᠥᠳᠥᠷ ᠪᠢᠳᠡ ᠤᠯᠤᠰ ᠲᠦᠷᠦ ᠶᠢᠨ | ᠵᠥᠪᠯᠡᠯᠭᠡᠨ ᠤ ᠭᠡᠰᠢᠭᠦᠨ ᠭᠦᠸᠧ ᠢᠦᠶ ᠲᠠᠢ ᠲᠠᠨᠢᠯᠴᠠᠶ᠎ᠠ ᠃ | ᠡᠮ ᠡᠮᠨᠡᠯᠭᠡ ᠶᠢᠨ ᠳᠠᠭᠠᠳᠬᠠᠯ ᠤᠨ ᠠᠵᠢᠯ ᠨᠢ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠲᠠᠢ | ᠬᠤᠯᠪᠣᠭᠳᠠᠵᠤ᠂ ᠲᠦᠭ ᠲᠦᠮᠡᠨ ᠠᠶᠢᠯ ᠡᠷᠦᠬᠡ ᠶᠢᠨ ᠡᠷᠡᠭᠦᠯ ᠮᠡᠨᠳᠦ ᠶᠢᠨ ᠪᠠᠲᠤᠯᠠᠭ᠎ᠠ ᠲᠠᠢ ᠬᠤᠯᠪᠣᠭᠳᠠᠵᠤ ᠪᠠᠶᠢᠳᠠᠭ | ᠃ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠣᠯᠤᠭᠰᠠᠨ ᠤ ᠬᠤᠪᠢ ᠳᠤ᠂ 2024 ᠣᠨ ᠳᠤ᠂ ᠭᠦᠸᠧ ᠢᠦᠶ | ᠡᠮ ᠡᠮᠨᠡᠯᠭᠡ ᠶᠢᠨ ᠳᠠᠭᠠᠳᠬᠠᠯ ᠤᠨ ᠹᠷᠣᠨᠲ ᠤᠨ ᠬᠠᠮᠲᠤ ᠠᠵᠢᠯᠳᠠᠳ ᠢᠶᠠᠨ ᠳᠠᠭᠠᠭᠤᠯᠵᠤ᠂ ᠡᠮ ᠡᠮᠨᠡᠯᠭᠡ ᠶᠢᠨ | ᠳᠠᠭᠠᠳᠬᠠᠯ ᠤᠨ ᠲᠦᠷᠢᠮ ᠢ ᠲᠡᠭᠦᠯᠳᠡᠷᠵᠢᠭᠦᠯᠬᠦ᠂ ᠡᠮ ᠡᠮᠨᠡᠯᠭᠡ ᠶᠢᠨ ᠦᠢᠯᠡᠴᠢᠯᠡᠭᠡ ᠶᠢ ᠰᠢᠯᠢᠳᠡᠭᠵᠢᠭᠦᠯᠬᠦ᠂ | ᠡᠮᠴᠢᠯᠡᠭᠡᠨ ᠤ ᠡᠬᠢ ᠪᠠᠶᠠᠯᠢᠭ ᠢ ᠵᠦᠶ ᠵᠣᠬᠢᠰᠲᠠᠶ ᠳᠣᠭᠢᠷᠠᠭᠤᠯᠬᠤ ᠶᠢ ᠠᠬᠢᠭᠤᠯᠬᠤ ᠶᠢᠨ ᠲᠥᠯᠥᠭᠡ ᠬᠦᠴᠢᠷ ᠢ | ᠲᠤᠭᠤᠯᠤᠨ ᠪᠡᠷᠬᠡ ᠶᠢ ᠳᠠᠪᠠᠵᠤ᠂ ᠬᠦᠴᠦᠯᠡᠨ ᠲᠡᠮᠡᠴᠡᠪᠡ᠃ | ᠪᠥᠬᠦ ᠬᠤᠰᠢᠭᠤᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ | ᠣᠷᠣᠯᠴᠠᠵᠤ ᠰᠦᠢᠳᠬᠡᠯ ᠲᠤᠰᠢᠶᠠᠭᠰᠠᠨ ᠬᠥᠮᠦᠨ ᠤ ᠲᠤᠭ᠎ᠠ 62592 ᠬᠥᠮᠦᠨ᠂ ᠳᠠᠭᠠᠳᠬᠠᠯ ᠳᠤ ᠣᠷᠣᠯᠴᠠᠭᠰᠠᠨ | ᠨᠣᠷᠮ᠎ᠠ ᠨᠢ 96.3% ᠪᠠᠶᠢᠵᠤ᠂ ᠪᠥᠬᠦ ᠵᠢᠯ ᠳᠤ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠡᠳᠦᠷ | ᠲᠤᠲᠤᠮ ᠤᠨ ᠪᠠ ᠲᠤᠰᠬᠠᠶ ᠵᠦᠢᠯ ᠤᠨ ᠪᠠᠶᠢᠴᠠᠭᠠᠯᠲᠠ ᠶᠢ ᠨᠡᠶᠢᠲᠡ 134 ︵ᠤᠳᠠᠭ᠎ᠠ︶ ᠵᠣᠬᠢᠶᠠᠨ ᠪᠠᠶᠢᠭᠤᠯᠤᠨ | ᠥᠷᠨᠢᠭᠦᠯᠵᠦ᠂ ᠲᠣᠭᠲᠠᠭᠠᠯ ᠠᠴᠠ ᠵᠥᠷᠢᠴᠡᠭᠰᠡᠨ ᠰᠠᠭᠤᠷᠢ ᠮᠥᠩᠭᠦ ᠶᠢᠨ 26.12 ᠲᠦᠮᠡᠨ ᠲᠥᠭᠦᠷᠢᠭ ᠢ | ᠨᠡᠬᠡᠮᠵᠢᠯᠡᠨ ᠠᠪᠴᠤ᠂ ᠪᠥᠬᠦ ᠬᠤᠰᠢᠭᠤᠨ ᠤ ᠪᠣᠶ ᠪᠥᠬᠦᠶ ᠣᠨᠴᠠᠭᠠᠶ ᠬᠥᠮᠦᠰ ᠢ ᠪᠦᠬᠦᠨ ᠢ ᠤᠳᠠᠭᠠᠨ ᠴᠢᠨᠠᠷᠲᠠᠶ | ᠡᠪᠡᠳᠴᠢᠨ᠂ ︽ᠬᠤᠶᠠᠷ ᠡᠪᠡᠳᠴᠢᠨ︾ ᠤ ᠬᠠᠮᠢᠶᠠᠷᠤᠯᠲᠠ ᠶᠢᠨ ᠡᠬᠡ ᠲᠠᠩᠰᠠᠨ ᠳᠤ ᠣᠷᠣᠭᠤᠯᠵᠤ᠂ ᠪᠥᠬᠦ | ᠬᠤᠰᠢᠭᠤᠨ ᠤ ᠪᠣᠶ ᠪᠥᠬᠦᠶ ᠡᠮ ᠡᠮᠨᠡᠯᠭᠡ ᠶᠢᠨ ᠪᠠᠶᠢᠭᠤᠯᠤᠮᠵᠢ ᠶᠢ ᠰᠢᠮᠳᠠᠭᠤᠯᠵᠤ ᠪᠠᠶᠢᠭᠠᠳ ᠮᠥᠷᠳᠡᠨ ᠪᠠᠶᠢᠴᠠᠭᠠᠬᠤ | ᠪᠠᠶᠢᠭᠤᠯᠤᠮᠵᠢ ᠶᠢ ᠥᠭᠡᠷᠡᠴᠢᠯᠡᠬᠦ ᠠᠵᠢᠯ ᠢ ᠪᠡᠶᠡᠯᠡᠭᠦᠯᠵᠦ᠂ 32 ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠲᠤ | ᠰᠢᠯᠵᠢᠮᠡᠯ ᠲᠣᠭᠠᠴᠠᠭ᠎ᠠ ᠬᠢᠬᠦ ᠶᠢᠨ ᠬᠠᠮᠲᠤ ᠣᠯᠠᠨ ᠡᠭᠡᠯᠵᠢ ᠵᠢᠨᠰᠦ᠋ᠯᠵᠢᠶᠡᠨ ᠲᠡᠭᠡᠷᠡᠬᠢ ᠰᠦᠯᠵᠢᠶᠡᠨ ᠭᠠᠳᠠᠨᠠᠬᠢ | ᠪᠣᠯᠪᠠᠰᠤᠷᠠᠯ ᠬᠢᠵᠦ᠂ ᠪᠦᠬᠦᠨ ᠢ ᠴᠠᠭ ᠲᠤᠬᠠᠢ ᠳᠤᠨᠢ ᠳ᠋ᠦᠩᠨᠡᠨ ᠪᠤᠳᠤᠵᠤ᠂ ᠡᠮ ᠡᠮᠨᠡᠯᠭᠡ ᠶᠢᠨ ᠳᠠᠭᠠᠳᠬᠠᠯ ᠤᠨ | ᠲᠠᠩᠰᠠ ᠲᠠᠶᠢᠯᠬᠤ ︽ᠡᠴᠦᠰ ᠤᠨ ᠨᠢᠭᠡ ᠺᠢᠯᠦᠮᠧᠲᠷ︾ ᠢ ᠦᠨᠡᠨ ᠬᠦ ᠨᠡᠪᠲᠡᠷᠡᠭᠦᠯᠪᠡ᠃ | ᠬᠤᠶᠢᠰᠢᠳᠠ᠂ ᠭᠦᠸᠧ ᠢᠦᠢ ᠬᠤᠤᠰ ᠡᠬᠦᠷᠭᠡ ᠬᠠᠷᠢᠭᠤᠴᠠᠯᠭ᠎ᠠ ᠶᠢ ᠭᠦᠢᠴᠡᠳ ᠠᠰᠢᠭᠯᠠᠵᠤ᠂ ᠪᠦᠬᠦ | ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠦᠪᠰᠢᠨ ᠢ ᠴᠢᠷᠮᠠᠶᠢᠨ ᠳᠡᠭᠡᠭᠰᠢᠯᠡᠭᠦᠯᠵᠦ᠂ | ᠡᠮ ᠡᠮᠨᠡᠯᠭᠡ ᠶᠢᠨ ᠳᠠᠭᠠᠳᠬᠠᠯ ᠤᠨ ᠪᠡᠯᠡ ᠮᠥᠩᠭᠦ ᠶᠢᠨ ᠬᠡᠷᠡᠭᠯᠡᠯᠲᠡ ᠶᠢ ᠨᠡᠩ ᠥᠨᠳᠥᠷ ᠪᠦᠲᠦᠮᠵᠢᠲᠡᠢ ᠨᠡᠩ ᠵᠦᠢ | ᠵᠣᠬᠢᠰᠲᠠᠢ ᠪᠣᠯᠭᠠᠵᠤ᠂ ᠰᠠᠭᠤᠭᠠᠯᠢ ᠠᠷᠠᠳ ᠨᠢᠭᠡᠪᠦᠷᠢ ᠳᠤ ᠡᠪᠡᠳᠴᠢᠨ ᠦᠵᠡᠭᠦᠯᠬᠦ ᠳᠤ ᠦᠨᠡᠨ ᠪᠣᠳᠠᠲᠠᠢ ᠪᠠᠲᠤᠯᠠᠭ᠎ᠠ | ᠪᠠ ᠬᠠᠶᠢᠷ᠎ᠠ ᠬᠠᠯᠠᠮᠵᠢ ᠶᠢ ᠬᠦᠷᠳᠡᠭᠡᠬᠦ ᠪᠤᠯᠤᠨ᠎ᠠ᠃ |