ᠰᠢ ᠶᠢᠨ ᠫᠢᠩ ᠯᠧᠪᠠᠨᠣᠨ ᠤ ᠰᠢᠨ᠎ᠡ ᠪᠠᠷ ᠲᠤᠰᠢᠶᠠᠯ ᠳᠤ ᠭᠠᠷᠤᠭᠰᠠᠨ ᠶᠡᠷᠦᠩᠬᠡᠶᠢᠯᠡᠭᠴᠢ ᠤᠤ ᠆ ᠧᠨ ᠳᠤ ᠪᠠᠶᠠᠷ ᠤᠨ ᠴᠠᠭᠢᠯᠭᠠᠨ ᠴᠢᠮᠡᠭᠡ ᠶᠠᠪᠤᠭᠤᠯᠪᠠ
ᠨᠡᠶᠢᠲᠡᠯᠡᠭᠰᠡᠨ ᠴᠠᠭ᠄
2025/1/15
      ︵ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 14 ᠤ ᠴᠠᠭᠢᠯᠭᠠᠨ ᠮᠡᠳᠡᠭᠡ︶ 1 ᠰᠠᠷ᠎ᠠ ᠶᠢᠨ 14 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠤᠤ ᠆ ᠧᠨ ᠳᠤ ᠴᠠᠭᠢᠯᠭᠠᠨ ᠴᠢᠮᠡᠭᠡ ᠶᠠᠪᠤᠭᠤᠯᠵᠤ᠂ ᠲᠡᠭᠦᠨ ᠤ ᠪᠦᠭᠦᠳᠠ ᠨᠠᠶᠢᠷᠠᠮᠳᠠᠬᠤ ᠯᠧᠪᠠᠨᠣᠨ ᠤᠯᠤᠰ ᠤᠨ ᠶᠡᠷᠦᠩᠬᠡᠶᠢᠯᠡᠭᠴᠢ ᠶᠢᠨ ᠲᠤᠰᠢᠶᠠᠯ ᠳᠤ ᠭᠠᠷᠤᠭᠰᠠᠨ ᠳᠤ ᠪᠠᠶᠠᠷ ᠬᠦᠷᠭᠡᠪᠡ᠃      ᠰᠢ ᠶᠢᠨ ᠫᠢᠩ᠂ ᠳᠤᠮᠳᠠᠳᠤ ᠤᠯᠤᠰ ᠪᠣᠯᠣᠨ ᠯᠧᠪᠠᠨᠣᠨ ᠤᠯᠠᠮᠵᠢᠯᠠᠯᠲᠤ ᠨᠥᠬᠦᠷᠯᠡᠯ ᠲᠠᠢ ᠶᠤᠮ᠃ ᠣᠶᠢᠷ᠎ᠠ ᠶᠢᠨ ᠵᠢᠯ ᠠᠴᠠ᠂ ᠬᠤᠶᠠᠷ ᠤᠯᠤᠰ ᠤᠨ ᠬᠠᠷᠢᠯᠴᠠᠭ᠎ᠠ ᠰᠠᠶᠢᠨ ᠰᠠᠶᠢᠬᠠᠨ ᠬᠥᠭᠵᠢᠯᠲᠡ ᠶᠢᠨ ᠪᠠᠶᠢᠳᠠᠯ ᠢᠶᠠᠨ ᠪᠠᠲᠤᠯᠠᠵᠤ᠂ ᠤᠯᠤᠰ ᠲᠦᠷᠦ ᠶᠢᠨ ᠢᠲᠡᠭᠡᠯᠴᠡᠭᠡ ᠨᠡᠮᠡᠭᠳᠡᠵᠦ᠂ ᠠᠷᠠᠳ ᠲᠦᠮᠡᠨ ᠤ ᠨᠥᠬᠦᠷᠯᠡᠯ ᠭᠦᠨᠵᠡᠭᠡᠶᠢᠷᠡᠪᠡ᠃ ᠪᠢ ᠳᠤᠮᠳᠠᠳᠤ ᠯᠧᠪᠠᠨᠣᠨ ᠤ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠷᠠᠲᠠᠶ᠎ᠠ ᠶᠡᠷᠦᠩᠬᠡᠶᠢᠯᠡᠭᠴᠢ ᠠᠪᠤᠭᠠᠢ ᠲᠠᠢ ᠬᠠᠮᠲᠤ ᠪᠠᠷ ᠴᠢᠷᠮᠠᠶᠢᠵᠤ ᠳᠤᠮᠳᠠᠳᠤ ᠯᠧᠪᠠᠨᠣᠨ ᠤ ᠨᠥᠭᠦᠷᠰᠡᠭ ᠬᠠᠷᠢᠯᠴᠠᠭ᠎ᠠ ᠶᠢᠨ ᠬᠥᠭᠵᠢᠯᠲᠡ ᠪᠣᠯᠣᠨ ᠡᠯ᠎ᠡ ᠬᠦᠷᠢᠶᠡᠨ ᠤ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠠᠩ ᠰᠠᠶᠢᠲᠤᠷ ᠪᠤᠶᠠᠨ ᠦᠢᠯᠡᠳᠦᠨ᠎ᠡ᠃ ᠳᠤᠮᠳᠠᠳᠤ ᠤᠯᠤᠰ ᠥᠩᠭᠡᠷᠡᠭᠰᠡᠨ ᠲᠠᠢ ᠪᠠᠨ ᠠᠳᠠᠯᠢ ᠪᠠᠷ ᠯᠧᠪᠠᠨᠣᠨ ᠤ ᠤᠯᠤᠰ ᠤᠨ ᠡᠷᠬᠡ ᠮᠡᠳᠡᠯ ᠪᠣᠯᠣᠨ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠶᠢ ᠬᠠᠮᠠᠭᠠᠯᠠᠬᠤ ᠶᠢ ᠡᠷᠡᠰ ᠳᠡᠮᠵᠢᠵᠦ᠂ ᠯᠧᠪᠠᠨᠣᠨ ᠤ ᠠᠵᠤ ᠠᠬᠤᠢ ᠪᠠᠨ ᠬᠥᠭᠵᠢᠭᠦᠯᠬᠦ᠂ ᠠᠷᠠᠳ ᠤᠨ ᠠᠮᠢᠳᠤᠷᠠᠯ ᠢᠶᠠᠨ ᠰᠠᠶᠢᠵᠢᠷᠠᠭᠤᠯᠬᠤ ᠳᠤ ᠦᠷᠭᠦᠯᠵᠢᠯᠡᠨ ᠴᠢᠳᠠᠯ ᠤᠨ ᠬᠢᠷᠢ ᠪᠠᠷ ᠢᠶᠠᠨ ᠬᠠᠪᠰᠤᠷᠤᠯᠭ᠎ᠠ ᠦᠵᠡᠭᠦᠯᠦᠨ᠎ᠡ ᠭᠡᠵᠦ ᠵᠢᠭᠠᠵᠤ ᠭᠠᠷᠭᠠᠪᠠ᠃ 
 
ᠢᠷᠡᠯᠲᠡ᠄ ᠦᠪᠦᠷ ᠮᠤᠩᠭᠤᠯ ᠤᠨ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号