ᠤᠶᠤᠨ ᠤᠬᠠᠭᠠᠨ ᠬᠦᠴᠦᠨ ᠴᠢᠳᠠᠯ ᠢᠶᠠᠨ ᠲᠥᠪᠯᠡᠷᠡᠭᠦᠯᠵᠦ ᠠᠵᠠ ᠲᠣᠬᠢᠶᠠᠯ ᠢ ᠠᠳᠬᠤᠵᠤ᠂ ᠬᠦᠴᠦ ᠪᠠᠨ | ᠬᠠᠮᠲᠤᠳᠬᠠᠨ ᠬᠠᠮᠲᠤ ᠪᠠᠷ ᠤᠷᠤᠭᠰᠢᠯᠠᠵᠤ ᠢᠷᠡᠭᠡᠳᠦᠢ ᠪᠠᠨ ᠴᠣᠭᠴᠠᠯᠠᠶ᠎ᠠ | ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠲᠠᠪᠤᠳᠤᠭᠠᠷ ᠬᠤᠭᠤᠴᠠᠭᠠᠨ ᠤ ᠳᠥᠷᠪᠡᠳᠦᠭᠡᠷ | ᠬᠤᠷᠠᠯᠳᠤᠭᠠᠨ ᠦᠪᠡᠳᠡᠭᠰᠢ ᠶᠡᠭᠡ ᠪᠠᠷ ᠡᠬᠢᠯᠡᠪᠡ | ᠵᠢᠶᠠ ᠪᠦᠦ ᠯᠢᠶᠠᠩ ᠬᠤᠷᠠᠯ ᠳᠤ ᠣᠷᠣᠯᠴᠠᠵᠤ᠂ ᠯᠢ ᠶᠦᠩ ᠰᠢᠨ ᠪᠠᠶᠢᠩᠭᠤ ᠶᠢᠨ ᠬᠤᠷᠢᠶᠠᠨ ᠤ ᠠᠵᠢᠯ ᠤᠨ | ᠮᠡᠳᠡᠭᠦᠯᠦᠯᠲᠡ ᠬᠢᠪᠡ | 1 ᠳ᠋ᠦ᠋ᠭᠡᠷ ᠰᠠᠷ᠎ᠠ ᠶᠢᠨ 14 ᠤ ᠡᠳᠦᠷ ᠤᠨ ᠦᠳᠡ ᠶᠢᠨ ᠡᠮᠦᠨ᠎ᠡ᠂ ᠤᠯᠤᠰ ᠲᠦᠷᠦ ᠶᠢᠨ ᠵᠥᠪᠯᠡᠯᠭᠡᠨ ᠤ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ | ᠳᠥᠷᠪᠡᠳᠦᠭᠡᠷ ᠬᠤᠷᠠᠯᠳᠤᠭᠠᠨ ᠬᠤᠷᠠᠯ ᠤᠨ ᠶᠠᠪᠤᠳᠠᠯ ᠤᠨ ᠲᠥᠪ ᠲᠤ ᠦᠪᠡᠳᠡᠭᠰᠢ ᠶᠡᠭᠡ ᠪᠠᠷ ᠡᠬᠢᠯᠡᠪᠡ᠃ ᠪᠥᠬᠦ | ᠬᠤᠰᠢᠭᠤᠨ ᠤ ᠠᠷᠠᠳ ᠲᠦᠮᠡᠨ ᠤ ᠬᠦᠰᠡᠯ ᠨᠠᠶᠢᠳᠠᠯᠭ᠎ᠠ ᠶᠢ ᠡᠭᠦᠷᠭᠡᠯᠡᠵᠦ᠂ ᠬᠥᠭᠵᠢᠯᠲᠡ ᠶᠢ ᠤᠬᠠᠭᠠᠯᠠᠨ ᠦᠨᠡᠨ | ᠰᠡᠳᠬᠢᠯ ᠢ ᠡᠪᠦᠷᠯᠡᠵᠦ ᠪᠣᠢ᠃ ᠪᠥᠬᠦ ᠬᠤᠰᠢᠭᠤᠨ ᠤ ᠡᠯ᠎ᠡ ᠨᠠᠮ ᠪᠦᠯᠦᠭ ᠤᠨ ᠪᠦᠯᠬᠦᠮ ᠪᠠ ᠡᠯ᠎ᠡ ᠦᠨᠳᠦᠰᠦᠲᠡᠨ | ᠡᠯ᠎ᠡ ᠡᠲᠡᠭᠡᠳ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠨᠢᠭᠡ ᠲᠠᠩᠬᠢᠮ ᠳᠤ ᠴᠤᠭᠯᠠᠷᠠᠵᠤ᠂ ᠬᠤᠶᠠᠷ | ᠡᠳᠦᠷ ᠬᠠᠭᠠᠰ ᠤᠨ ᠬᠤᠷᠠᠯ ᠤᠨ ᠬᠤᠭᠤᠴᠠᠭᠠᠨ ᠳᠤ ᠬᠥᠭᠵᠢᠯᠲᠡ ᠶᠢᠨ ᠶᠡᠭᠡ ᠪᠣᠳᠣᠯᠭ᠎ᠠ ᠶᠢ ᠬᠠᠮᠲᠤ ᠪᠠᠷ ᠵᠥᠪᠯᠡᠵᠦ᠂ | ᠰᠠᠶᠢᠨ ᠰᠠᠶᠢᠬᠠᠨ ᠢᠷᠡᠭᠡᠳᠦᠶ ᠶᠢ ᠬᠠᠮᠲᠤ ᠪᠠᠷ ᠲᠥᠯᠥᠪᠯᠡᠵᠦ᠂ ᠮᠠᠨ ᠤ ᠬᠤᠰᠢᠭᠤᠨ ᠤ ᠴᠢᠨᠠᠷ ᠰᠠᠶᠢᠲᠠᠶ | ᠬᠥᠭᠵᠢᠯᠲᠡ ᠳᠤ ᠢᠳᠡᠪᠬᠢᠲᠡᠶ ᠪᠠᠷ ᠠᠷᠭ᠎ᠠ ᠤᠬᠠᠭᠠᠨ ᠭᠠᠷᠭᠠᠬᠤ ᠪᠣᠯᠤᠨ᠎ᠠ᠃ | ᠶᠡᠭᠡ ᠬᠤᠷᠠᠯ ᠤᠨ ᠲᠠᠯᠠᠪᠠᠢ ᠶᠢᠨ ᠠᠭᠤᠷ ᠠᠮᠢᠰᠬᠤᠯ ᠲᠥᠪ ᠬᠢᠴᠢᠶᠡᠩᠭᠦᠢ ᠪᠥᠭᠡᠳ ᠬᠦᠷ ᠬᠥᠭᠵᠢᠶᠡᠨ ᠲᠠᠢ | ᠪᠠᠶᠢᠵᠤ᠂ ᠦᠳᠡ ᠶᠢᠨ ᠡᠮᠦᠨᠡᠬᠢ 9 ᠴᠠᠭ ᠲᠤ ᠬᠤᠷᠠᠯ ᠡᠬᠢᠯᠡᠪᠡ᠃ ᠬᠤᠷᠠᠯ ᠳᠤ ᠣᠷᠣᠯᠴᠠᠭᠰᠠᠳ ᠪᠦᠭᠦᠳᠡᠭᠡᠷ ᠢᠶᠠᠨ | ᠪᠣᠰᠴᠤ ᠵᠣᠭᠰᠣᠨ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠰᠦᠯᠳᠡ ᠳᠠᠭᠤᠤ ᠶᠢ | ᠬᠥᠭᠵᠢᠮᠳᠡᠨ ᠳᠠᠭᠤᠯᠠᠪᠠ᠃ | ᠲᠣᠰ ᠤᠳᠠᠭᠠᠨ ᠤ ᠬᠤᠷᠠᠯ ᠳᠤ ᠣᠷᠣᠯᠴᠠᠬᠤ ᠶᠣᠰᠣᠲᠠᠶ ᠭᠡᠰᠢᠭᠦᠨ 153 ᠬᠥᠮᠦᠨ᠂ ᠪᠣᠳᠠᠲᠠᠶ | ᠣᠷᠣᠯᠴᠠᠭᠰᠠᠨ ᠨᠢ 143 ᠬᠥᠮᠦᠨ ᠪᠠᠶᠢᠵᠤ᠂ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠨ᠎ᠡ᠃ | ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠬᠤᠷᠠᠯ ᠳᠤ ᠣᠷᠣᠯᠴᠠᠵᠤ ᠪᠠᠶᠠᠷ | ᠬᠦᠷᠭᠡᠭᠰᠡᠨ ᠪᠥᠭᠡᠳ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃ | ᠬᠤᠸᠠᠩ ᠯᠦᠩ᠂ ᠵᠠᠩ ᠪᠠᠭᠠᠨ᠎ᠠ᠂ ᠯᠢ ᠶᠦᠩ ᠰᠢᠨ᠂ ᠦ᠋ ᠼᠦᠨ ᠪᠦᠦ᠂ ᠰᠦᠨ ᠪᠢᠨ᠂ ᠲᠠᠢ ᠬᠠᠢ ᠶᠠᠨ᠂ | ᠯᠢᠦ ᠶᠢᠨ ᠯᠢᠶᠠᠩ᠂ ᠴᠢᠦᠢ ᠶᠠᠨ ᠨᠠᠨ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃ | ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠭᠰᠠᠨ ᠤᠳᠤᠷᠢᠳᠬᠤ ᠨᠥᠬᠦᠳ ᠲᠤ ᠪᠠᠰᠠ᠄ ᠰᠢᠤᠢ ᠯᠠᠨ᠂ | ᠴᠠᠭᠠᠨᠯᠢᠩᠬᠤᠠ᠂ ᠠᠯᠲᠠ᠂ ᠮᠦᠷᠡᠨ᠂ ᠸᠠᠩ ᠹᠦ᠋ ᠯᠢ᠂ ᠹᠠᠨ ᠰᠢᠤ ᠫᠢᠩ᠂ ᠭᠤᠤ ᠹᠧᠩ᠂ ᠸᠠᠩ ᠶᠠ ᠨᠠᠨ᠂ ᠯᠢ ᠵᠠᠨ | ᠹᠧᠩ᠂ ᠭᠦᠸᠧ ᠢᠦᠶ᠂ ᠳ᠋ᠤᠸᠠᠨ ᠵᠢᠦ᠋ᠩ᠂ ᠸᠠᠩ ᠵᠢᠶᠦ᠋ᠨ᠂ ᠯᠢ ᠾᠧ ᠢ᠂ ᠳ᠋ᠦᠩ ᡁᠢ ᠷᠧᠨ᠂ ᠦ᠋ ᠡᠾᠦ᠋ᠩ ᠪᠢᠨ | ᠂ ᠼᠤᠤ ᠵᠧᠩ᠂ ᠮᠠ ᠶᠤᠸᠠᠢ᠂ ᠬᠤᠤ ᠼᠠᠢ ᠰᠢᠶᠠ ᠵᠡᠷᠭᠡ ᠪᠣᠢ᠃ | ᠡᠦ ᠼᠦᠨ ᠪᠦᠦ ᠡᠬᠢᠯᠡᠯᠲᠡ ᠶᠢᠨ ᠶᠡᠭᠡ ᠬᠤᠷᠠᠯ ᠢ ᠡᠷᠬᠢᠯᠡᠪᠡ᠃ ᠬᠤᠷᠠᠯ ᠠᠴᠠ ᠤᠯᠤᠰ ᠲᠦᠷᠦ ᠶᠢᠨ | ᠵᠥᠪᠯᠡᠯᠭᠡᠨ ᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ | ᠬᠤᠷᠢᠶᠠᠨ ᠤ ᠳᠥᠷᠪᠡᠳᠦᠭᠡᠷᠬᠤᠷᠠᠯᠳᠤᠭᠠᠨ ᠤ ᠵᠥᠪᠯᠡᠬᠦ ᠵᠦᠢᠯ ︵ᠲᠥᠰᠦᠯ︶ ᠢ ᠬᠢᠨᠠᠨ ᠵᠥᠪᠯᠡᠵᠦ ᠪᠠᠲᠤᠯᠠᠪᠠ᠃ | ᠯᠢ ᠶᠦᠩ ᠰᠢᠨ ᠤᠯᠤᠰ ᠲᠥᠷᠥ ᠶᠢᠨ ᠵᠥᠪᠯᠡᠯᠭᠡᠨ ᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ | ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠠᠵᠢᠯ ᠤᠨ | ᠮᠡᠳᠡᠭᠦᠯᠦᠯᠲᠡ ᠬᠢᠪᠠ᠃ | ᠯᠢ ᠶᠦᠩ ᠰᠢᠨ᠂ 2024 ᠣᠨ ᠪᠣᠯ ᠰᠢᠨ᠎ᠡ ᠳᠤᠮᠳᠠᠳᠤ ᠤᠯᠤᠰ ᠪᠠ ᠠᠷᠠᠳ ᠤᠨ ᠤᠯᠤᠰ ᠲᠥᠷᠥ ᠶᠢᠨ | ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠣᠶ ᠮᠥᠨ᠂ ᠪᠠᠰᠠ ᠴᠤ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠮᠥᠨ᠃ ᠨᠢᠭᠡ ᠵᠢᠯ ᠤᠨ | ᠲᠤᠷᠰᠢ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠪᠤᠭᠤᠲᠤ ᠬᠤᠲᠠ ᠶᠢᠨ | ᠤᠯᠤᠰ ᠲᠥᠷᠥ ᠶᠢᠨ ᠵᠥᠪᠯᠡᠯᠭᠡᠨ ᠤ ᠨᠠᠷᠢᠨ ᠨᠢᠮᠪᠠᠶ ᠵᠢᠯᠣᠭᠤᠳᠣᠯᠭ᠎ᠠ ᠪᠠ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ᠂ ᠬᠤᠰᠢᠭᠤᠨ ᠤ ᠵᠠᠰᠠᠭ ᠤᠨ ᠣᠷᠳᠣᠨ ᠤ ᠬᠦᠴᠦᠲᠡᠶ ᠳᠡᠮᠵᠢᠯᠭᠡ ᠪᠠ ᠡᠯ᠎ᠡ | ᠰᠠᠯᠠᠭ᠎ᠠ ᠮᠥᠴᠢᠷ ᠤᠨ ᠢᠳᠡᠪᠬᠢᠲᠡᠶ ᠬᠠᠮᠵᠢᠯᠴᠠᠭ᠎ᠠ ᠳᠣᠤᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ | ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ | ᠭᠤᠤᠯ ᠰᠢᠵᠢᠮ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠬᠤᠶᠠᠳᠤᠭᠠᠷ | ᠂ ᠭᠤᠷᠪᠠᠳᠤᠭᠠᠷ ᠪᠥᠬᠦᠳᠡ ᠬᠤᠷᠠᠯᠳᠤᠭᠠᠨ ᠤ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠰᠤᠷᠤᠯᠴᠠᠨ ᠲᠤᠭᠤᠰᠢᠯᠠᠭᠤᠯᠵᠤ᠂ | ᠥᠪᠥᠷ ᠮᠣᠩᠭᠤᠯ ᠤᠨ ︽ᠬᠤᠶᠠᠷ ᠶᠡᠭᠡ ᠶᠠᠪᠤᠳᠠᠯ︾ ᠪᠠ ᠶᠡᠷᠦᠩᠬᠡᠶ ᠱᠦᠵᠢ ᠰᠢ ᠶᠢᠨ ᠫᠢᠩ ᠤᠨ ᠪᠤᠭᠤᠲᠤ ᠳᠠᠬᠢ ︽ | ᠨᠢᠭᠡ ᠰᠢᠨ᠎ᠡ ᠶᠢ ᠡᠭᠦᠳᠴᠦ᠂ ᠭᠤᠷᠪᠠ ᠶᠢ ᠪᠡᠶᠡᠯᠡᠭᠦᠯᠬᠦ︾ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠪᠥᠬᠦ ᠲᠠᠯ᠎ᠠ | ᠪᠠᠷ ᠰᠤᠷᠤᠯᠴᠠᠨ ᠲᠤᠭᠤᠰᠢᠯᠠᠭᠤᠯᠵᠤ᠂ ᠨᠠᠮ ᠤᠨ ᠤᠳᠤᠷᠢᠳᠤᠯᠭ᠎ᠠ᠂ ᠨᠢᠭᠡᠳᠦᠮᠡᠯ ᠹᠷᠣᠨᠲ᠂ ᠵᠥᠪᠯᠡᠬᠦ ᠠᠷᠠᠳᠴᠢᠯᠠᠯ ᠢ | ᠣᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠵᠤ᠂ ᠦᠵᠡᠯ ᠰᠠᠨᠠᠭ᠎ᠠ ᠤᠯᠤᠰ ᠲᠥᠷᠥ ᠶᠢᠨ ᠵᠢᠯᠣᠭᠤᠳᠣᠯᠭ᠎ᠠ ᠶᠢ | ᠲᠦᠯᠬᠢᠨ ᠠᠬᠢᠭᠤᠯᠵᠤ᠂ ᠢᠳᠡᠪᠬᠢᠲᠡᠶ ᠠᠷᠭ᠎ᠠ ᠤᠬᠠᠭᠠᠨ ᠭᠠᠷᠭᠠᠨ ᠵᠠᠰᠠᠭ ᠲᠤ ᠲᠤᠰᠠᠯᠠᠵᠤ᠂ ᠬᠠᠮᠲᠤ ᠶᠢᠨ | ᠲᠠᠨᠢᠯᠲᠠ ᠶᠢ ᠥᠷᠭᠡᠨ ᠢᠶᠠᠷ ᠨᠢᠭᠲᠠᠷᠠᠭᠤᠯᠤᠨ᠂ ᠲᠣᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠮᠠᠨ ᠤ | ᠬᠤᠰᠢᠭᠤᠨ ᠤ ᠪᠥᠬᠦ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ | ᠣᠶᠤᠨ ᠤᠬᠠᠭᠠᠨ ᠪᠠ ᠬᠦᠴᠦᠨ ᠴᠢᠳᠠᠯ ᠢ ᠨᠢᠭᠲᠠᠷᠠᠭᠤᠯᠪᠠ ᠭᠡᠵᠦ ᠬᠡᠯᠡᠪᠡ᠃ | ᠯᠢ ᠶᠦᠩ ᠰᠢᠨ᠂ 2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ | ᠲᠡᠭᠦᠰᠬᠦ ᠵᠢᠯ ᠮᠥᠨ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠪᠠᠶᠢᠷᠢᠯᠠᠭᠤᠯᠬᠤ ᠵᠢᠯ | ᠮᠥᠨ᠂ ᠪᠠᠰᠠ ᠴᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠵᠠᠩᠭᠢᠯᠠᠭ᠎ᠠ ᠶᠢᠨ ᠵᠢᠯ ᠮᠥᠨ᠃ ᠬᠤᠰᠢᠭᠤᠨ ᠤ | ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ | ᠪᠣᠯᠤᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯᠳᠤᠭᠠᠨ᠂ ᠭᠤᠷᠪᠠᠳᠤᠭᠠᠷ ᠪᠦᠬᠦᠳᠡ | ᠬᠤᠷᠠᠯᠳᠤᠭᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢ ᠶᠢᠨ ᠫᠢᠩ ᠶᠡᠷᠦᠩᠬᠡᠢ | ᠱᠦᠵᠢ ᠶᠢᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠤᠢ ᠶᠢ ᠪᠡᠯᠭᠡᠯᠡᠬᠦ | ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠥᠪᠥᠷ ᠮᠣᠩᠭᠤᠯ ᠤᠨ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠪᠠ ᠶᠡᠷᠦᠩᠬᠡᠶ | ᠱᠦᠵᠢ ᠰᠢ ᠶᠢᠨ ᠫᠢᠩ ᠤᠨ ᠪᠤᠭᠤᠲᠤ ᠶᠢᠨ ︽ᠨᠢᠭᠡ ᠰᠢᠨ᠎ᠡ ᠶᠢ ᠡᠭᠦᠳᠴᠦ᠂ ᠭᠤᠷᠪᠠ ᠶᠢ ᠪᠡᠶᠡᠯᠡᠭᠦᠯᠬᠦ︾ ᠲᠤᠬᠠᠶ | ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠰᠢᠭᠤᠨ ᠤ ᠨᠠᠮ ᠤᠨ | ᠬᠤᠷᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯᠳᠤᠭᠠᠨ ᠤ ᠪᠠᠶᠢᠷᠢᠯᠠᠭᠤᠯᠤᠯᠲᠠ | ᠲᠠᠢ ᠨᠢᠭᠲᠠ ᠤᠶᠠᠯᠳᠤᠭᠤᠯᠤᠨ᠂ ᠠᠷᠠᠳᠴᠢᠯᠠᠯ ᠢ ᠪᠠᠳᠠᠷᠠᠭᠤᠯᠬᠤ ᠪᠠ ᠪᠦᠯᠬᠦᠮᠳᠡᠯ ᠢ ᠴᠢᠩᠭᠠᠳᠬᠠᠬᠤ ᠶᠢ ᠬᠠᠷᠢᠯᠴᠠᠨ | ᠨᠡᠪᠲᠡᠷᠡᠯᠴᠡᠭᠦᠯᠬᠦ᠂ ᠰᠠᠨᠠᠯ ᠵᠥᠪᠯᠡᠯᠭᠡ ᠳᠤᠷᠠᠳᠴᠤ ᠵᠠᠰᠠᠭ ᠲᠤ ᠲᠤᠰᠠᠯᠠᠬᠤ ᠪᠠ ᠬᠠᠮᠲᠤ ᠶᠢᠨ ᠲᠠᠨᠢᠯᠲᠠ ᠶᠢ | ᠨᠢᠭᠲᠠᠷᠠᠭᠤᠯᠬᠤ ᠬᠤᠣᠰ ᠴᠢᠭᠯᠡᠯ ᠢᠶᠠᠷ ᠬᠦᠴᠦᠯᠡᠬᠦ ᠶᠢ ᠪᠠᠷᠢᠮᠲᠠᠯᠠᠵᠤ᠂ ᠣᠨᠣᠯ ᠤᠨ ᠰᠤᠷᠤᠯᠴᠠᠯᠭ᠎ᠠ ᠰᠤᠳᠤᠯᠭᠠᠨ ᠤ | ᠰᠠᠭᠤᠷᠢᠨ ᠭᠠᠵᠠᠷ᠂ ᠵᠥᠪᠯᠡᠬᠦ ᠠᠷᠠᠳᠴᠢᠯᠠᠯ ᠤᠨ ᠦᠢᠯᠡᠳᠦᠯᠭᠡ ᠶᠢᠨ ᠰᠠᠭᠤᠷᠢᠨ ᠭᠠᠵᠠᠷ᠂ ᠰᠡᠳᠬᠢᠯ ᠢᠶᠠᠨ ᠨᠢᠭᠡᠳᠬᠡᠨ | ᠬᠦᠴᠦ ᠪᠠᠨ ᠬᠠᠮᠲᠤᠳᠬᠠᠵᠤ ᠣᠶᠤᠨ ᠤᠬᠠᠭᠠᠨ ᠢ ᠬᠤᠷᠠᠮᠳᠤᠭᠤᠯᠬᠤ ᠰᠠᠭᠤᠷᠢᠨ ᠭᠠᠵᠠᠷ ᠢ ᠬᠦᠴᠦᠯᠡᠨ ᠪᠠᠶᠢᠭᠤᠯᠵᠤ᠂ | ᠮᠠᠨ ᠤ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠬᠦ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ︽ᠲᠠᠷᠬᠠᠨ | ᠮᠤᠤᠮᠢᠩᠭᠠᠨ ᠤ ᠬᠠᠷᠢᠭᠤᠯᠲᠠ ᠶᠢᠨ ᠬᠠᠭᠤᠳᠠᠰᠤ︾ ᠶᠢ ᠴᠢᠷᠮᠠᠶᠢᠨ ᠪᠢᠴᠢᠭᠯᠡᠵᠦ ᠪᠦᠯᠬᠦᠮᠳᠡᠨ ᠲᠡᠮᠡᠴᠡᠬᠦ ᠬᠦᠴᠦᠨ ᠢ | ᠨᠢᠭᠲᠠᠷᠠᠭᠤᠯᠬᠤ ᠬᠡᠷᠡᠭᠲᠡᠢ ᠭᠡᠵᠦ ᠬᠡᠯᠡᠪᠡ᠃ | ᠰᠦᠨ ᠪᠢᠨ ᠤᠯᠤᠰ ᠲᠥᠷᠥ ᠶᠢᠨ ᠵᠥᠪᠯᠡᠯᠭᠡᠨ ᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠪᠠᠨ | ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠶᠡᠭᠡ ᠬᠤᠷᠠᠯ ᠳᠤ | ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠲᠠᠪᠤᠳᠤᠭᠠᠷ ᠬᠤᠭᠤᠴᠠᠭᠠᠨ ᠤ ᠭᠤᠷᠪᠠᠳᠤᠭᠠᠷ | ᠬᠤᠷᠠᠯᠳᠤᠭᠠᠨ ᠠᠴᠠ ᠨᠠᠭᠠᠰᠢᠬᠢ ᠳᠤᠷᠠᠳᠤᠯᠭ᠎ᠠ ᠶᠢᠨ ᠠᠵᠢᠯ ᠤᠨ ᠪᠠᠶᠢᠳᠠᠯ ᠢ ᠮᠡᠳᠡᠭᠦᠯᠪᠡ᠃ ᠲᠡᠷᠡ᠂ ᠤᠯᠤᠰ | ᠲᠥᠷᠥ ᠶᠢᠨ ᠵᠥᠪᠯᠡᠯᠭᠡᠨ ᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠪᠠᠨ ᠲᠠᠪᠤᠳᠤᠭᠠᠷ | ᠬᠤᠭᠤᠴᠠᠭᠠᠨ ᠤ ᠬᠤᠷᠢᠶᠠᠨ ᠤ ᠭᠤᠷᠪᠠᠳᠤᠭᠠᠷ ᠬᠤᠷᠠᠯᠳᠤᠭᠠᠨ ᠠᠴᠠ ᠨᠠᠭᠠᠰᠢ᠂ ᠪᠥᠬᠦ ᠬᠤᠰᠢᠭᠤᠨ ᠤ ᠥᠷᠭᠡᠨ ᠣᠯᠠᠨ | ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠵᠠᠭᠠᠭ ᠡᠲᠡᠭᠡᠳ ᠤᠨ ᠳᠤᠭᠤᠶᠢᠯᠠᠩ ᠪᠠ ᠡᠯ᠎ᠡ ᠲᠤᠰᠬᠠᠶ ᠺᠣᠮᠢᠰ ᠨᠢ | ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠭᠤᠤᠯ ᠠᠵᠢᠯ ᠪᠣᠯᠣᠨ ᠠᠷᠠᠳ ᠣᠯᠠᠨ ᠤ ᠨᠡᠶᠢᠳᠡᠮ | ᠠᠩᠬᠠᠷᠴᠤ ᠪᠠᠶᠢᠭ᠎ᠠ ᠬᠦᠴᠢᠷ ᠠᠰᠠᠭᠤᠳᠠᠯ ᠪᠠ ᠬᠠᠯᠠᠮᠰᠢᠯ ᠠᠰᠠᠭᠤᠳᠠᠯ ᠵᠡᠷᠭᠡ ᠠᠰᠠᠭᠤᠳᠠᠯ ᠤᠨ ᠲᠣᠭᠤᠷᠢᠨ ᠳᠤ | ᠳᠤᠷᠠᠳᠤᠯᠭ᠎ᠠ ᠶᠢ ᠬᠡᠷᠡᠭᠯᠡᠨ ᠰᠠᠨᠠᠯ ᠵᠥᠪᠯᠡᠯᠭᠡ ᠳᠤᠷᠠᠳᠤᠨ ᠵᠠᠰᠠᠭ ᠲᠤ ᠲᠤᠰᠠᠯᠠᠵᠤ᠂ ᠬᠠᠮᠲᠤ ᠶᠢᠨ ᠲᠠᠨᠢᠯᠲᠠ ᠪᠠᠨ | ᠨᠢᠭᠲᠠᠷᠠᠭᠤᠯᠤᠨ᠂ ᠤᠯᠤᠰ ᠲᠥᠷᠥ ᠶᠢᠨ ᠵᠥᠪᠯᠡᠯᠭᠡᠨ ᠤ ᠡᠭᠦᠷᠭᠡᠯᠡᠯ ᠢ ᠢᠯᠡᠷᠡᠭᠦᠯᠵᠦ᠂ ᠡᠯᠪᠡᠭ ᠪᠠᠶᠠᠯᠢᠭ ᠦᠷ᠎ᠡ | ᠪᠦᠲᠦᠭᠡᠯ ᠤᠯᠪᠠ᠃ ᠬᠤᠷᠠᠯ ᠤᠨ ᠬᠤᠭᠤᠴᠠᠭᠠᠨ ᠳᠤ ᠨᠡᠶᠢᠳᠡ 126 ᠬᠤᠪᠢ ᠰᠠᠨᠠᠯ ᠲᠤᠷᠠᠲᠤᠯᠭ᠎ᠠ ᠳᠤᠷᠠᠳᠴᠤ᠂ | 94 ᠬᠤᠪᠢ ᠰᠠᠨᠠᠯ ᠲᠤᠷᠠᠲᠤᠯᠭ᠎ᠠ ᠶᠢ ᠬᠢᠨᠠᠨ ᠪᠠᠶᠢᠴᠠᠭᠠᠵᠤ ᠲᠠᠩᠰᠠᠯᠠᠨ᠂ ᠳᠠᠩᠰᠠᠯᠠᠭᠰᠠᠨ ᠨᠤᠷᠮ᠎ᠠ ᠨᠢ 74.6% ᠳᠤ | ᠬᠦᠷᠪᠡ᠃ ᠬᠡᠷᠡᠭ ᠢ ᠨᠡᠶᠢᠯᠡᠭᠦᠯᠦᠨ ᠰᠢᠢᠳᠪᠦᠷᠢᠯᠡᠭᠰᠡᠨ ᠤ ᠳᠠᠷᠠᠭ᠎ᠠ ᠬᠤᠰᠢᠭᠤᠨ ᠤ ᠵᠠᠰᠠᠭ ᠤᠨ ᠣᠷᠳᠣᠨ ᠳᠤ 83 | ᠬᠡᠷᠡᠭ ᠢ ᠰᠢᠯᠵᠢᠭᠦᠯᠦᠨ ᠲᠤᠰᠢᠶᠠᠪᠠ᠃ ᠰᠢᠢᠳᠪᠦᠷᠢᠯᠡᠭᠰᠡᠨ ᠪᠠ ᠦᠨᠳᠦᠰᠦᠨ ᠳᠤ ᠪᠠᠨ ᠰᠢᠢᠳᠪᠦᠷᠢᠯᠡᠭᠰᠡᠨ ᠨᠢ 83 | ᠬᠤᠪᠢ᠂ ᠰᠠᠨᠠᠯ ᠳᠤᠷᠠᠳᠤᠯᠭ᠎ᠠ ᠳᠤ ᠬᠠᠷᠢᠭᠤᠯᠲᠠ ᠥᠭᠭᠦᠭᠰᠡᠨ ᠨᠤᠷᠮ᠎ᠠ 100% ᠳᠤ ᠬᠦᠷᠴᠦ᠂ ᠭᠡᠰᠢᠭᠦᠳ ᠤᠨ | ᠰᠡᠳᠬᠢᠯ ᠬᠠᠨᠤᠮᠵᠢᠲᠠᠶ ᠪᠠᠶᠢᠬᠤ ᠨᠤᠷᠮ᠎ᠠ 97.6% ᠬᠦᠷᠪᠡ᠃ ᠳᠤᠷᠠᠳᠤᠯᠭ᠎ᠠ ᠶᠢᠨ ᠠᠭᠤᠯᠭ᠎ᠠ ᠨᠢ ᠥᠷᠭᠡᠨ᠂ | ᠰᠠᠨᠠᠭᠤᠯᠭ᠎ᠠ ᠨᠢ ᠭᠦᠨᠴᠡ ᠲᠠᠢ᠂ ᠭᠦᠢᠴᠡᠳᠬᠡᠭᠰᠡᠨ ᠨᠢ ᠡᠷᠴᠢᠮ ᠲᠠᠢ ᠪᠠᠶᠢᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠭᠰᠠᠨ ᠲᠠᠷᠬᠠᠨ ᠮᠤᠤᠮᠢᠩᠭᠠᠨ ᠤ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠳᠤᠷᠠᠳᠤᠯᠭ᠎ᠠ ᠶᠢᠨ ᠤᠶᠤᠨ | ᠤᠬᠠᠭᠠᠨ ᠪᠠ ᠬᠦᠴᠦᠨ ᠴᠢᠳᠠᠯ ᠢᠶᠠᠨ ᠡᠷᠭᠦᠪᠡ ᠭᠡᠵᠦ ᠬᠡᠯᠡᠪᠡ᠃ | |