︵2025 ᠣᠨ ᠤ 1 ᠳ᠋ᠦ᠋ᠭᠡᠷ ᠰᠠᠷ᠎ᠠ ᠶᠢᠨ 15 ᠤ ᠡᠳᠦᠷ ᠤᠯᠤᠰ ᠲᠥᠷᠥ ᠶᠢᠨ ᠵᠥᠪᠯᠡᠯᠭᠡᠨ ᠤ ᠳᠠᠷᠬᠠᠨ | ᠮᠤᠤᠮᠢᠩᠭᠠᠨ ᠬᠤᠯᠪᠣᠭᠠᠲᠤ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ | ᠬᠤᠷᠠᠯᠳᠤᠭᠠᠨ ᠤ ᠭᠤᠷᠪᠠᠳᠤᠭᠠᠷ ᠪᠥᠬᠦᠳᠡ ᠬᠤᠷᠠᠯᠳᠤᠭᠠᠨ ᠠᠴᠠ ᠪᠠᠲᠤᠯᠠᠪᠠ︶ | ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯᠳᠤᠭᠠᠨ | 2025 ᠣᠨ ᠤ 1 ᠳ᠋ᠦ᠋ᠭᠡᠷ ᠰᠠᠷ᠎ᠠ ᠶᠢᠨ 14 ᠤ ᠡᠳᠦᠷ ᠠᠴᠠ 15 ᠤ ᠡᠳᠦᠷ ᠪᠣᠯᠲᠠᠯ᠎ᠠ ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤᠨ ᠤ ᠬᠤᠷᠠᠯ ᠤᠨ ᠶᠠᠪᠤᠳᠠᠯ ᠤᠨ ᠲᠥᠪ ᠲᠤ ᠬᠤᠷᠠᠯᠳᠤᠪᠠ᠃ | ᠲᠤᠰ ᠤᠳᠠᠭᠠᠨ ᠤ ᠬᠤᠷᠠᠯ ᠪᠣᠯ ᠪᠥᠬᠦ ᠬᠤᠰᠢᠭᠤ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ | ᠲᠤᠭᠤᠰᠢᠯᠠᠭᠤᠯᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯᠳᠤᠭᠠᠨ ᠵᠢᠴᠢ | ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ | ᠪᠥᠬᠦᠳᠡ ᠬᠤᠷᠠᠯᠳᠤᠭᠠᠨ᠂ ᠬᠤᠲᠠ ᠶᠢᠨ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ | ᠶᠢᠰᠦᠳᠦᠭᠡᠷ ᠪᠥᠬᠦᠳᠡ ᠬᠤᠷᠠᠯᠳᠤᠭᠠᠨ ᠪᠣᠯᠤᠨ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠳᠥᠷᠪᠡᠳᠦᠭᠡᠷ | ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯᠳᠤᠭᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ | ᠨᠠᠶᠢᠳᠠᠪᠤᠷᠢᠵᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢᠨ ᠰᠢᠨ᠎ᠡ ᠢᠯᠠᠯᠲᠠ ᠶᠢ | ᠲᠡᠮᠡᠴᠡᠨ ᠤᠯᠬᠤ ᠵᠠᠩᠭᠢᠯᠠᠭ᠎ᠠ ᠶᠢᠨ ᠦᠶ᠎ᠡ ᠳᠤ ᠬᠤᠷᠠᠯᠳᠤᠭᠰᠠᠨ ᠨᠢᠭᠡ ᠤᠳᠠᠭ᠎ᠠ ᠶᠢᠨ ᠴᠢᠬᠤᠯᠠ ᠬᠤᠷᠠᠯᠳᠤᠭᠠᠨ | ᠪᠣᠯᠤᠨ᠎ᠠ᠃ | ᠬᠤᠷᠠᠯ ᠤᠨ ᠬᠤᠭᠤᠴᠠᠭᠠᠨ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤᠨ ᠤ ᠬᠤᠷᠢᠶᠠᠨ ᠤ ᠱᠦᠵᠢ ᠵᠢᠶᠠ ᠪᠦᠦ ᠯᠢᠶᠠᠩ᠂ ᠬᠤᠰᠢᠭᠤᠨ ᠤ ᠨᠠᠮ ᠤᠨ ᠬᠤᠷᠢᠶᠠᠨ ᠤ | ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠬᠤᠸᠠᠩ ᠯᠦᠩ ᠵᠡᠷᠭᠡ ᠤᠳᠤᠷᠢᠳᠤᠯᠭ᠎ᠠ ᠶᠡᠭᠡ ᠬᠤᠷᠠᠯ ᠳᠤ | ᠣᠷᠣᠯᠴᠠᠵᠤ᠂ ᠭᠡᠰᠢᠭᠦᠳ ᠲᠠᠢ ᠬᠠᠮᠲᠤ ᠪᠠᠷ ᠥᠭᠡᠷᠡᠴᠢᠯᠡᠯᠲᠡ ᠬᠥᠭᠵᠢᠯᠲᠡ ᠶᠢᠨ ᠶᠡᠭᠡ ᠪᠣᠳᠣᠯᠭ᠎ᠠ ᠪᠣᠯᠤᠨ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠵᠥᠪᠯᠡᠪᠡ᠃ ᠥᠷᠭᠡᠨ ᠤᠯᠠᠨ ᠭᠡᠰᠢᠭᠦᠳ ᠳᠡᠭᠡᠳᠦ ᠬᠡᠮᠵᠢᠶᠡᠨ ᠤ | ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠ ᠣᠷᠭᠢᠯᠤᠮ᠎ᠠ ᠬᠠᠯᠠᠭᠤᠨ ᠰᠡᠳᠬᠢᠯᠭᠡ ᠪᠠᠷ ᠬᠤᠰᠢᠭᠤᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠩᠬᠠᠷᠴᠤ ᠪᠠᠶᠢᠭ᠎ᠠ ᠴᠢᠬᠤᠯᠠ ᠶᠠᠪᠤᠳᠠᠯ᠂ ᠠᠷᠠᠳ ᠤᠨ ᠠᠮᠢᠳᠤᠷᠠᠯ ᠢ | ᠰᠠᠶᠢᠵᠢᠷᠠᠭᠤᠯᠬᠤ ᠪᠣᠳᠠᠲᠤ ᠶᠠᠪᠤᠳᠠᠯ᠂ ᠨᠡᠶᠢᠭᠡᠮ ᠤᠨ ᠵᠠᠰᠠᠯᠲᠠ ᠶᠢᠨ ᠬᠦᠴᠢᠷ ᠶᠠᠪᠤᠳᠠᠯ ᠳᠤ ᠠᠩᠬᠠᠷᠤᠯ ᠢᠶᠠᠨ | ᠲᠥᠪᠯᠡᠷᠡᠭᠦᠯᠵᠦ᠂ ᠢᠳᠡᠪᠬᠢᠲᠡᠢ ᠪᠠᠷ ᠰᠠᠨᠠᠯ ᠳᠤᠷᠠᠳᠤᠯᠭ᠎ᠠ ᠳᠡᠪᠰᠢᠭᠦᠯᠵᠦ᠂ ᠵᠠᠰᠠᠭ ᠤᠨ ᠶᠠᠪᠤᠳᠠᠯ ᠢ ᠭᠦᠨᠵᠡᠭᠡᠢ | ᠵᠥᠪᠳᠡᠯᠴᠡᠨ ᠵᠥᠪᠯᠡᠵᠦ᠂ ᠰᠠᠨᠠᠭᠠᠴᠢᠯᠠᠭ᠎ᠠ ᠠᠴᠠ ᠪᠠᠨ ᠰᠠᠨᠠᠯ ᠵᠥᠪᠯᠡᠯᠭᠡ ᠳᠤᠷᠠᠳᠤᠨ ᠠᠷᠭ᠎ᠠ ᠪᠣᠳᠣᠯᠭ᠎ᠠ | ᠳᠡᠪᠰᠢᠭᠦᠯᠵᠦ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠵᠤ᠂ ᠰᠢᠨ᠎ᠡ ᠴᠠᠭ ᠦᠶ᠎ᠡ ᠶᠢᠨ ᠤᠯᠤᠰ | ᠲᠦᠷᠦ ᠶᠢᠨ ᠵᠥᠪᠯᠡᠯᠭᠡᠨ ᠤ ᠭᠡᠰᠢᠭᠦᠨ ᠤ ᠬᠠᠷᠢᠭᠤᠴᠠᠯᠭ᠎ᠠ ᠪᠠ ᠡᠭᠦᠷᠭᠡ ᠶᠢ ᠢᠯᠡᠷᠡᠭᠦᠯᠪᠡ᠃ ᠭᠡᠰᠢᠭᠦᠳ ᠳᠠᠷᠬᠠᠨ | ᠮᠤᠤᠮᠢᠩᠭᠠᠨ ᠬᠤᠯᠪᠣᠭᠠᠲᠤ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ | ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠳᠤ ᠰᠤᠯᠠ ᠣᠷᠣᠯᠴᠠᠵᠤ᠂ ᠬᠤᠰᠢᠭᠤᠨ ᠳᠠᠷᠤᠭ᠎ᠠ ᠶᠢᠨ ᠬᠢᠭᠰᠡᠨ | ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠵᠢᠴᠢ ᠬᠥᠭᠵᠢᠯᠲᠡ ᠶᠢᠨ ᠲᠥᠯᠥᠪᠯᠡᠭᠡ᠂ ᠡᠳ᠋ ᠤᠨ ᠵᠠᠰᠠᠭ ᠤᠨ | ᠲᠥᠰᠦᠪ ᠵᠡᠷᠭᠡ ᠶᠢᠨ ᠮᠡᠳᠡᠭᠦᠯᠦᠯᠲᠡ ᠶᠢ ᠵᠥᠪᠳᠡᠯᠴᠡᠨ ᠶᠠᠷᠢᠯᠴᠠᠵᠤ᠂ ᠳᠡᠭᠡᠷ᠎ᠡ ᠳᠤᠷᠠᠳᠤᠭᠰᠠᠨ ᠮᠡᠳᠡᠭᠦᠯᠦᠯᠲᠡ ᠶᠢ | ᠵᠥᠪᠰᠢᠶᠡᠷᠡᠵᠦ ᠪᠠᠶᠢᠬᠤ ᠪᠠᠨ ᠢᠯᠡᠳᠬᠡᠬᠦ ᠶᠢᠨ ᠬᠠᠮᠲᠤ ᠰᠠᠨᠠᠯ ᠰᠠᠨᠠᠭᠤᠯᠭ᠎ᠠ ᠳᠤᠷᠠᠳᠪᠠ᠃ | ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠠᠷᠠᠳ ᠤᠨ ᠤᠯᠤᠰ | ᠲᠥᠷᠥ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠯᠢ ᠶᠦᠩ ᠰᠢᠨ ᠨᠥᠬᠦᠷ ᠤᠨ ᠤᠯᠤᠰ ᠲᠥᠷᠥ ᠶᠢᠨ | ᠵᠥᠪᠯᠡᠯᠭᠡᠨ ᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ | ᠬᠤᠷᠢᠶᠠᠨ ᠤ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠬᠢᠭᠰᠡᠨ ᠠᠵᠢᠯ ᠤᠨ ᠮᠡᠳᠡᠭᠦᠯᠦᠯᠲᠡ ᠶᠢ ᠬᠢᠨᠠᠨ ᠵᠥᠪᠯᠡᠵᠦ | ᠵᠥᠪᠰᠢᠶᠡᠷᠡᠵᠦ᠂ ᠰᠦᠨ ᠪᠢᠨ ᠨᠥᠬᠦᠷ ᠤᠨ ᠤᠯᠤᠰ ᠲᠥᠷᠥ ᠶᠢᠨ ᠵᠥᠪᠯᠡᠯᠭᠡᠨ ᠤ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ | ᠬᠢᠭᠰᠡᠨ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠮᠡᠳᠡᠭᠦᠯᠦᠯᠲᠡ ᠶᠢ ᠬᠢᠨᠠᠨ ᠵᠥᠪᠯᠡᠵᠦ ᠵᠥᠪᠰᠢᠶᠡᠷᠡᠪᠡ᠃ | ᠬᠤᠷᠠᠯᠳᠤᠭᠠᠨ ᠨᠢ ᠦᠪᠡᠳᠡᠭᠰᠢ ᠶᠡᠭᠡ᠂ ᠴᠢᠨᠠᠷ ᠰᠠᠶᠢᠲᠠᠢ ᠥᠨᠳᠥᠷ ᠪᠦᠲᠦᠮᠵᠢᠲᠡᠢ᠂ ᠰᠤᠷᠲᠠᠯ ᠴᠢᠬᠡᠴᠢ ᠣᠪᠣᠷ ᠲᠥᠪ | ᠂ ᠲᠡᠭᠦᠰ ᠠᠮᠵᠢᠯᠲᠠ ᠲᠠᠢ ᠪᠠᠶᠢᠵᠤ᠂ ᠨᠢᠭᠡ ᠤᠳᠠᠭᠠᠨ ᠤ ᠲᠤᠭ ᠢᠶᠠᠨ ᠥᠨᠳᠥᠷ ᠮᠠᠨᠳᠤᠭᠤᠯᠵᠤ᠂ ᠰᠡᠳᠬᠢᠯ ᠢᠶᠠᠨ | ᠨᠢᠭᠡᠳᠬᠡᠨ ᠬᠦᠴᠦ ᠪᠠᠨ ᠬᠠᠮᠲᠤᠳᠬᠠᠵᠤ᠂ ᠪᠦᠯᠬᠦᠮᠳᠡᠨ ᠤᠷᠤᠭᠰᠢᠯᠠᠵᠤ᠂ ᠪᠣᠳᠠᠲᠠᠢ ᠶᠢ ᠡᠷᠬᠢᠮᠯᠡᠨ ᠠᠵᠢᠯ ᠦᠢᠯᠡᠰ ᠢ | ᠬᠥᠭᠡᠭᠡᠴᠡᠯᠳᠦᠭᠰᠡᠨ ᠶᠡᠭᠡ ᠬᠤᠷᠠᠯ ᠪᠣᠯᠤᠨ᠎ᠠ᠃ | ᠬᠤᠷᠠᠯ ᠠᠴᠠ᠂ 2024 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠤᠨ᠎ᠠ᠃ ᠨᠢᠭᠡ ᠵᠢᠯ ᠤᠨ ᠲᠤᠷᠰᠢ᠂ | ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ | ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ | ᠪᠥᠬᠦᠳᠡ ᠬᠤᠷᠠᠯᠳᠤᠭᠠᠨ ᠤ ᠵᠣᠷᠢᠭ ᠰᠠᠨᠠᠭ᠎ᠠ ᠵᠢᠴᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ︽ | ᠨᠢᠭᠡ ᠭᠤᠣᠯ ᠱᠤᠭᠤᠮ︾ ᠢ ᠲᠤᠭᠤᠰᠢᠯᠠᠭᠤᠯᠬᠤ ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠲᠠᠢ ᠨᠢᠭᠲᠠ | ᠤᠶᠠᠯᠳᠤᠭᠤᠯᠤᠨ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠥᠬᠦ ᠲᠠᠯ᠎ᠠ ᠶᠢ ᠥᠨᠳᠥᠷ ᠪᠦᠲᠦᠮᠵᠢᠲᠡᠶ ᠪᠠᠷ | ᠨᠢᠭᠡᠳᠦᠯᠲᠡᠶ ᠲᠥᠯᠥᠪᠯᠡᠨ᠂ ᠠᠵᠤ ᠠᠬᠤᠶ ᠶᠢᠨ ᠠᠵᠢᠯᠯᠠᠭᠠᠨ ᠤ ᠲᠣᠭᠲᠠᠭᠤᠨ ᠤ ᠳᠤᠮᠳᠠ ᠲᠦᠷᠭᠡᠨ | ᠤᠷᠤᠭᠰᠢᠯᠠᠬᠤ ᠶᠢ ᠪᠡᠶᠡᠯᠡᠭᠦᠯᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠳᠤ ᠠᠮᠵᠢᠯᠲᠠ ᠪᠦᠲᠦᠮᠵᠢ | ᠲᠣᠪᠤᠶᠢᠮ᠎ᠠ ᠪᠠᠶᠢᠵᠤ᠂ ᠬᠤᠳᠠᠯᠳᠤᠭᠠᠯᠠᠨ ᠡᠵᠡᠩᠨᠡᠬᠦ ᠣᠷᠴᠢᠨ ᠨᠥᠬᠦᠴᠡᠯ ᠢ ᠲᠠᠰᠤᠷᠠᠯᠲᠠ ᠥᠬᠡᠶ ᠰᠢᠯᠢᠳᠡᠭᠵᠢᠭᠦᠯᠦᠨ᠂ | ᠬᠤᠲᠠ ᠪᠠᠯᠭᠠᠰᠤᠨ ᠤ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠬᠤᠷᠳᠤᠴᠠ ᠶᠢ ᠪᠥᠬᠦ ᠲᠠᠯ᠎ᠠ ᠪᠠᠷ ᠲᠦᠷᠭᠡᠳᠬᠡᠨ᠂ ᠠᠮᠢ ᠠᠬᠤᠶ ᠶᠢᠨ ᠣᠷᠴᠢᠨ ᠨᠥᠬᠦᠴᠡᠯ ᠢ | ᠦᠷᠭᠦᠯᠵᠢᠯᠡᠨ ᠰᠠᠶᠢᠵᠢᠷᠠᠭᠤᠯᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠯᠠᠪᠳᠠᠭᠤᠨ ᠪᠥᠭᠡᠳ ᠬᠦᠴᠦᠲᠡᠶ | ᠪᠣᠯᠭᠠᠨ᠂ ᠪᠥᠬᠦ ᠬᠤᠰᠢᠭᠤᠨ ᠤ ᠡᠯ᠎ᠡ ᠵᠦᠢᠯ ᠤᠨ ᠠᠵᠢᠯ ᠦᠢᠯᠡᠰ ᠤᠨ ᠴᠢᠨᠠᠷ ᠰᠠᠶᠢᠲᠠᠶ ᠬᠥᠭᠵᠢᠯᠲᠡ ᠰᠢᠨ᠎ᠡ | ᠠᠬᠢᠴᠠ ᠲᠠᠢ ᠪᠣᠯᠪᠠ ᠭᠡᠵᠦ ᠦᠵᠡᠭᠰᠡᠨ ᠪᠠᠶᠢᠨ᠎ᠠ᠃ | ᠬᠤᠷᠠᠯ ᠠᠴᠠ᠂ ᠥᠩᠭᠡᠷᠡᠭᠰᠡᠨ ᠨᠢᠭᠡ ᠵᠢᠯ ᠳᠤ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ | ᠪᠠᠶᠢᠩᠭᠤ ᠶᠢᠨ ᠬᠤᠷᠢᠶ᠎ᠠ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠳᠠᠷᠬᠠᠨ ᠮᠤᠤᠮᠢᠩᠭᠠᠨ ᠤ ᠬᠤᠯᠪᠣᠭᠠᠲᠤ | ᠬᠤᠰᠢᠭᠤᠨ ᠤ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ | ᠪᠣᠯᠭᠠᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠪᠠᠷ ᠭᠤᠤᠯ ᠱᠤᠭᠤᠮ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ | ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯᠳᠤᠭᠠᠨ ᠤ ᠵᠣᠷᠢᠭ ᠰᠠᠨᠠᠭ᠎ᠠ | ᠶᠢ ᠪᠥᠬᠦ ᠲᠠᠯ᠎ᠠ ᠪᠠᠷ ᠰᠤᠷᠤᠯᠴᠠᠨ ᠲᠤᠭᠤᠰᠢᠯᠠᠭᠤᠯᠵᠤ᠂ ᠥᠪᠥᠷ ᠮᠣᠩᠭᠤᠯ ᠤᠨ ︽ᠬᠤᠶᠠᠷ ᠶᠡᠭᠡ ᠶᠠᠪᠤᠳᠠᠯ︾ ᠢ | ᠰᠠᠶᠢᠲᠤᠷ ᠬᠢᠬᠦ ᠪᠠ ᠶᠡᠷᠦᠩᠬᠡᠶ ᠱᠦᠵᠢ ᠰᠢ ᠶᠢᠨ ᠫᠢᠩ ᠤᠨ ᠪᠤᠭᠤᠲᠤ ᠶᠢᠨ ᠲᠤᠬᠠᠢ ︽ᠨᠢᠭᠡ ᠰᠢᠨ᠎ᠡ ᠶᠢ ᠡᠭᠦᠳᠴᠦ᠂ | ᠭᠤᠷᠪᠠ ᠶᠢ ᠪᠡᠶᠡᠯᠡᠭᠦᠯᠬᠦ︾ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠴᠢᠩᠭ᠎ᠠ ᠠᠳᠬᠤᠵᠤ᠂ ᠨᠠᠮ ᠤᠨ | ᠤᠳᠤᠷᠢᠳᠤᠯᠭ᠎ᠠ᠂ ᠨᠢᠭᠡᠳᠦᠮᠡᠯ ᠹᠷᠣᠨᠲ᠂ ᠵᠥᠪᠯᠡᠬᠦ ᠠᠷᠠᠳᠴᠢᠯᠠᠯ ᠢ ᠣᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠵᠤ | ᠂ ᠪᠥᠬᠦ ᠬᠤᠰᠢᠭᠤᠨ ᠤ ᠠᠵᠢᠯ ᠤᠨ ᠶᠡᠭᠡ ᠲᠠᠯ᠎ᠠ ᠶᠢᠨ ᠲᠣᠭᠤᠷᠢᠨ ᠳᠤ᠂ ᠤᠯᠤᠰ ᠲᠥᠷᠥ ᠶᠢᠨ ᠵᠢᠯᠣᠭᠤᠳᠤᠮᠵᠢ ᠪᠠᠨ | ᠴᠢᠩᠭᠠᠳᠬᠠᠵᠤ᠂ ᠢᠳᠡᠪᠬᠢᠲᠡᠶ ᠪᠠᠷ ᠰᠠᠨᠠᠯ ᠵᠥᠪᠯᠡᠯᠭᠡ ᠳᠤᠷᠠᠳᠤᠨ ᠵᠠᠰᠠᠭ ᠲᠤ ᠲᠤᠰᠠᠯᠠᠵᠤ᠂ ᠬᠠᠮᠲᠤ ᠶᠢᠨ ᠲᠠᠨᠢᠯᠲᠠ | ᠶᠢ ᠥᠷᠭᠡᠨ ᠢᠶᠠᠷ ᠨᠢᠭᠲᠠᠷᠠᠭᠤᠯᠵᠤ᠂ ᠲᠣᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠦᠨᠡᠨ ᠬᠦ | ᠰᠠᠭᠤᠷᠢ ᠪᠠᠨ ᠪᠠᠬᠢᠵᠢᠭᠦᠯᠬᠦ ᠳᠤᠮᠳᠠ ᠤᠯᠤᠰ ᠲᠥᠷᠥ ᠶᠢᠨ ᠵᠥᠪᠯᠡᠯᠭᠡᠨ ᠤ ᠡᠭᠦᠷᠭᠡ ᠪᠠᠨ ᠢᠯᠡᠷᠡᠭᠦᠯᠵᠦ᠂ | ᠬᠥᠭᠵᠢᠯᠲᠡ ᠶᠢ ᠬᠠᠪᠰᠤᠷᠤᠨ ᠠᠬᠢᠭᠤᠯᠬᠤ ᠳᠤᠮᠳᠠ ᠤᠯᠤᠰ ᠲᠥᠷᠥ ᠶᠢᠨ ᠵᠥᠪᠯᠡᠯᠭᠡᠨ ᠤ ᠦᠢᠯᠡ ᠠᠵᠢᠯᠯᠠᠭ᠎ᠠ ᠪᠠᠨ | ᠢᠯᠡᠷᠡᠭᠦᠯᠵᠦ᠂ ᠠᠷᠠᠳ ᠤᠨ ᠲᠥᠯᠥᠭᠡ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠤᠮᠳᠠ ᠤᠯᠤᠰ ᠲᠥᠷᠥ ᠶᠢᠨ | ᠵᠥᠪᠯᠡᠯᠭᠡᠨ ᠤ ᠳᠠᠪᠠᠭᠤᠯᠢᠭ ᠢᠶᠠᠨ ᠢᠯᠡᠷᠡᠭᠦᠯᠵᠦ᠂ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠳᠤᠮᠳᠠ | ᠤᠯᠤᠰ ᠲᠥᠷᠥ ᠶᠢᠨ ᠵᠥᠪᠯᠡᠯᠭᠡᠨ ᠤ ᠴᠤᠭ ᠵᠢᠪᠬᠤᠭ᠎ᠠ ᠪᠠᠨ ᠢᠯᠡᠷᠡᠭᠦᠯᠵᠦ᠂ ᠪᠥᠬᠦ ᠬᠤᠰᠢᠭᠤᠨ ᠤ ᠪᠥᠬᠦ ᠵᠢᠯ ᠤᠨ | ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠣᠶᠤᠨ ᠤᠬᠠᠭᠠᠨ ᠪᠠ | ᠬᠦᠴᠦᠨ ᠴᠢᠳᠠᠯ ᠢᠶᠠᠨ ᠨᠢᠭᠲᠠᠷᠠᠭᠤᠯᠪᠠ ᠭᠡᠵᠦ ᠦᠵᠡᠪᠡ᠃ | ᠬᠤᠷᠠᠯ ᠠᠴᠠ᠂ 2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ | ᠶᠢᠨ ᠲᠡᠭᠦᠰᠬᠦ ᠵᠢᠯ ᠪᠠᠶᠢᠵᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠲᠥᠯᠥᠪᠵᠢᠭᠦᠯᠦᠨ | ᠪᠠᠶᠢᠷᠢᠯᠠᠭᠤᠯᠬᠤ ᠵᠢᠯ ᠪᠣᠯᠤᠨ᠎ᠠ᠂ ᠮᠥᠨ ᠴᠦ ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠵᠠᠩᠭᠢᠯᠠᠭ᠎ᠠ ᠶᠢᠨ ᠵᠢᠯ ᠪᠣᠯᠤᠨ᠎ᠠ᠃ | ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ | ᠪᠣᠯᠭᠠᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤᠳᠬᠠᠬᠤ ᠪᠠᠷ ᠭᠤᠣᠯ ᠱᠤᠭᠤᠮ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ | ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯᠳᠤᠭᠠᠨ ᠤ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠤᠯᠤᠰ ᠲᠦᠷᠦ ᠶᠢᠨ | ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ | ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠰᠢᠭᠤᠨ ᠤ ᠨᠠᠮ ᠤᠨ | ᠬᠤᠷᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠨᠠᠢᠮᠠᠳᠤᠭᠠᠷ ᠪᠦᠭᠦᠳᠡ ᠬᠤᠷᠠᠯᠳᠤᠭᠠᠨ ᠤ | ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠠᠷᠠᠳᠴᠢᠯᠠᠯ ᠢ ᠪᠠᠳᠠᠷᠠᠭᠤᠯᠬᠤ ᠪᠠ ᠪᠦᠯᠬᠦᠮᠳᠡᠯ ᠢ ᠴᠢᠩᠭᠠᠳᠬᠠᠬᠤ ᠶᠢ | ᠬᠠᠷᠢᠯᠴᠠᠨ ᠨᠡᠪᠲᠡᠷᠡᠯᠴᠡᠭᠦᠯᠬᠦ᠂ ᠰᠠᠨᠠᠯ ᠵᠥᠪᠯᠡᠯᠭᠡ ᠳᠤᠷᠠᠳᠴᠤ ᠵᠠᠰᠠᠭ ᠲᠤ ᠲᠤᠰᠠᠯᠠᠬᠤ ᠪᠠ ᠬᠠᠮᠲᠤ ᠶᠢᠨ ᠲᠠᠨᠢᠯᠲᠠ ᠶᠢ | ᠨᠢᠭᠲᠠᠷᠠᠭᠤᠯᠵᠤ ᠬᠤᠣᠰ ᠴᠢᠭᠯᠡᠯ ᠢᠶᠠᠷ ᠬᠦᠴᠦᠯᠡᠬᠦ ᠶᠢ ᠪᠠᠷᠢᠮᠲᠠᠯᠠᠵᠤ᠂ ᠤᠨᠤᠯ ᠤᠨ ᠰᠤᠷᠤᠯᠴᠠᠯᠭ᠎ᠠ ᠰᠤᠳᠤᠯᠭᠠᠨ ᠤ | ᠰᠠᠭᠤᠷᠢᠨ ᠭᠠᠵᠠᠷ᠂ ᠵᠥᠪᠯᠡᠬᠦ ᠠᠷᠠᠳᠴᠢᠯᠠᠯ ᠤᠨ ᠦᠢᠯᠡᠳᠦᠯᠭᠡ ᠶᠢᠨ ᠰᠠᠭᠤᠷᠢᠨ ᠭᠠᠵᠠᠷ᠂ ᠰᠡᠳᠬᠢᠯ ᠢᠶᠠᠨ ᠨᠢᠭᠡᠳᠬᠡᠨ | ᠬᠦᠴᠦ ᠪᠠᠨ ᠬᠠᠮᠲᠤᠳᠬᠠᠵᠤ ᠤᠶᠤᠨ ᠤᠬᠠᠭᠠᠨ ᠢᠶᠠᠨ ᠬᠤᠷᠠᠮᠳᠤᠭᠤᠯᠬᠤ ᠰᠠᠭᠤᠷᠢᠨ ᠭᠠᠵᠠᠷ ᠢ ᠬᠦᠴᠦᠯᠡᠨ | ᠪᠠᠶᠢᠭᠤᠯᠵᠤ᠂ ᠪᠦᠬᠦ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ᠂ ᠥᠭᠡᠷᠡᠴᠢᠯᠡᠯᠲᠡ ᠶᠢ | ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠳᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ︽ᠲᠠᠷᠬᠠᠨ | ᠮᠤᠤᠮᠢᠩᠭᠠᠨ ᠤ ᠬᠠᠷᠢᠭᠤᠯᠲᠠ ᠶᠢᠨ ᠬᠠᠭᠤᠳᠠᠰᠤ︾ ᠶᠢ ᠴᠢᠷᠮᠠᠶᠢᠨ ᠪᠢᠴᠢᠭᠯᠡᠵᠦ ᠪᠦᠯᠬᠦᠮᠳᠡᠨ ᠲᠡᠮᠡᠴᠡᠬᠦ ᠬᠦᠴᠦᠨ ᠢ | ᠨᠢᠭᠲᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠳ ᠨᠢᠭᠡᠨ | ᠦᠨᠳᠦᠰᠦᠨ ᠵᠦᠢᠯ ᠢ ᠪᠠᠲᠤ ᠰᠠᠬᠢᠵᠤ᠂ ᠤᠯᠤᠰ ᠲᠥᠷᠥ ᠶᠢᠨ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠦᠵᠡᠯ | ᠰᠠᠨᠠᠭᠠᠨ ᠤ ᠬᠥᠮᠦᠵᠢᠯ ᠢᠶᠠᠨ ᠴᠢᠩᠭᠠᠳᠬᠠᠵᠤ᠂ ᠨᠠᠮ ᠤᠨ ᠪᠠᠶᠢᠭᠤᠯᠤᠯᠲᠠ ᠶᠢ ᠳᠣᠪᠤᠶᠢᠯᠭᠠᠵᠤ᠂ ᠦᠵᠡᠯ ᠰᠠᠨᠠᠭ᠎ᠠ | ᠤᠯᠤᠰ ᠲᠥᠷᠥ ᠶᠢᠨ ᠵᠢᠯᠣᠭᠤᠳᠤᠮᠵᠢ ᠶᠢ ᠨᠠᠩ ᠪᠠᠲᠤ ᠪᠠᠬᠢ ᠪᠣᠯᠭᠠᠬᠤ ᠶᠢ ᠲᠦᠯᠬᠢᠨ ᠠᠬᠢᠭᠤᠯᠬᠤ ᠬᠡᠷᠡᠭᠲᠡᠶ︔ | ᠬᠤᠶᠠᠷ ᠶᠡᠭᠡ ᠭᠤᠣᠯ ᠰᠡᠳᠦᠪ ᠢ ᠳᠤᠪᠤᠶᠢᠯᠭᠠᠵᠤ᠂ ᠭᠤᠣᠯᠳᠠᠯᠭ᠎ᠠ ᠲᠠᠢ ᠪᠠᠷ ᠵᠥᠪᠯᠡᠬᠦ ︽ᠤᠷᠢᠳ ᠢᠶᠠᠷ︾ ᠡᠵᠡᠮᠳᠡᠵᠦ | ᠂ ᠭᠤᠣᠯ ᠬᠢᠨᠠᠯᠲᠠ ᠬᠠᠮᠢᠶᠠᠷᠤᠯᠲᠠ ᠶᠢᠨ ︽ᠵᠠᠩᠭᠢᠯᠠᠭ᠎ᠠ︾ ᠶᠢ ᠡᠵᠡᠮᠳᠡᠵᠦ᠂ ᠠᠷᠭ᠎ᠠ ᠬᠡᠯᠪᠡᠷᠢ ᠶᠢᠨ ︽ᠴᠢᠨᠠᠷ︾ ᠶᠢᠨ | ᠰᠢᠪᠲᠤᠯᠤᠯᠲᠠ ᠶᠢ ᠡᠵᠡᠮᠳᠡᠵᠦ᠂ ᠪᠦᠬᠦ ᠲᠠᠯ᠎ᠠ ᠶᠢ ︽ᠪᠣᠳᠠᠲᠠᠢ︾ ᠲᠤ ᠲᠥᠪᠯᠡᠷᠡᠭᠦᠯᠬᠦ ᠶᠢ ᠡᠵᠡᠮᠳᠡᠵᠦ᠂ ᠠᠷᠭ᠎ᠠ | ᠤᠬᠠᠭᠠᠨ ᠭᠠᠷᠭᠠᠨ ᠵᠠᠰᠠᠭ ᠲᠤ ᠲᠤᠰᠠᠯᠠᠬᠤ ᠪᠠ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠶᠢ ᠨᠡᠩ ᠬᠦᠴᠦᠲᠡᠢ | ᠪᠣᠯᠭᠠᠬᠤ ᠶᠢ ᠲᠦᠯᠬᠢᠨ ᠠᠬᠢᠭᠤᠯᠬᠤ ᠬᠡᠷᠡᠭᠲᠡᠢ︔ ᠭᠤᠷᠪᠠᠨ ᠲᠠᠪᠴᠠᠩ ᠢ ᠰᠠᠶᠢᠲᠤᠷ ᠬᠡᠷᠡᠭᠯᠡᠵᠦ᠂ ᠭᠡᠰᠢᠭᠦᠳ ᠤᠨ | ᠬᠤᠯᠪᠣᠭ᠎ᠠ ᠪᠠᠷᠢᠬᠤ ᠦᠷᠳᠡᠭᠡ᠂ ᠵᠠᠭᠠᠭ ᠡᠲᠡᠭᠡᠳ ᠤᠨ ᠬᠤᠯᠪᠣᠭ᠎ᠠ ᠪᠠᠷᠢᠬᠤ ᠠᠵᠢᠯ ᠤᠨ ᠲᠠᠰᠤᠭ᠂ ᠭᠡᠰᠢᠭᠦᠳ ᠤᠨ | ᠭᠡᠷ ᠪᠦᠯᠢ ᠶᠢᠨ ᠪᠠᠶᠢᠭᠤᠯᠤᠯᠲᠠ ᠶᠢ ᠴᠢᠩᠭᠠᠷᠠᠭᠤᠯᠵᠤ᠂ ᠵᠠᠭᠠᠭ ᠡᠲᠡᠭᠡᠳ ᠤᠨ ᠣᠯᠠᠨ ᠲᠦᠮᠡᠨ ᠲᠠᠢ ᠬᠤᠯᠪᠣᠭ᠎ᠠ | ᠪᠠᠷᠢᠬᠤ ᠠᠵᠢᠯ ᠢ ᠨᠡᠩ ᠭᠦᠨᠵᠡᠭᠡᠶᠢᠷᠡᠭᠦᠯᠬᠦ ᠶᠢ ᠲᠦᠯᠬᠢᠨ ᠠᠬᠢᠭᠤᠯᠬᠤ ᠬᠡᠷᠡᠭᠲᠡᠢ︔ ᠲᠦᠷᠪᠡᠨ ᠵᠠᠩᠭᠢᠯᠠᠭ᠎ᠠ ᠶᠢ | ᠴᠢᠩᠭ᠎ᠠ ᠠᠩᠬᠠᠷᠴᠤ᠂ ᠰᠣᠶᠣᠯ ᠤᠨ ᠤᠬᠠᠭᠤᠯᠭ᠎ᠠ ᠶᠢ ᠨᠡᠩ ᠥᠩᠭᠡ ᠭᠡᠷᠡᠯ ᠲᠠᠢ ᠪᠣᠯᠭᠠᠵᠤ᠂ ᠭᠡᠰᠢᠭᠦᠳ ᠤᠨ | ᠡᠩᠨᠡᠭᠡ ᠶᠢ ᠨᠡᠩ ᠬᠥᠭᠵᠢᠶᠡᠨ ᠲᠠᠢ ᠪᠣᠯᠭᠠᠵᠤ᠂ ᠲᠤᠰᠬᠠᠢ ᠵᠥᠪᠯᠡᠯ ᠤᠨ ᠦᠢᠯᠡᠳᠦᠯ ᠢ ᠨᠡᠩ ᠲᠣᠪᠣᠶᠢᠮ᠎ᠠ ᠪᠣᠯᠭᠠᠵᠤ᠂ | ᠪᠠᠶᠢᠭᠤᠯᠭ᠎ᠠ ᠶᠢᠨ ᠪᠠᠶᠢᠳᠠᠯ ᠢ ᠨᠡᠩ ᠴᠤᠭ ᠵᠢᠪᠬᠤᠭ᠎ᠠ ᠲᠠᠢ ᠪᠣᠯᠭᠠᠵᠤ᠂ ᠤᠯᠤᠰ ᠲᠦᠷᠦ ᠶᠢᠨ ᠵᠥᠪᠯᠡᠯᠭᠡᠨ ᠤ | ᠲᠤᠰᠢᠶᠠᠯ ᠬᠠᠷᠢᠭᠤᠴᠠᠯᠭ᠎ᠠ ᠪᠠᠨ ᠨᠡᠩ ᠪᠦᠲᠦᠮᠵᠢᠲᠡᠢ ᠪᠣᠯᠭᠠᠬᠤ ᠶᠢ ᠲᠦᠯᠬᠢᠨ ᠠᠬᠢᠭᠤᠯᠵᠤ᠂ ᠰᠢᠨ᠎ᠡ ᠴᠠᠭ ᠦᠶ᠎ᠡ ᠶᠢᠨ | ᠲᠠᠷᠬᠠᠨ ᠮᠤᠤᠮᠢᠩᠭᠠᠨ ᠤ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ | ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠤᠯᠤᠰ ᠲᠦᠷᠦ ᠶᠢᠨ ᠵᠥᠪᠯᠡᠯᠭᠡᠨ ᠤ ᠪᠦᠬᠦ ᠭᠡᠰᠢᠭᠦᠳ ᠰᠢ ᠶᠢᠨ ᠫᠢᠩ ᠨᠥᠬᠦᠷ ᠢᠶᠠᠷ ᠭᠤᠣᠯ | ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠬᠤᠰᠢᠭᠤᠨ ᠤ | ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠵᠠᠪᠠᠯ ᠢᠯᠠᠬᠤ ᠢᠲᠡᠭᠡᠯ ᠵᠣᠷᠢᠭ ᠢᠶᠠᠨ | ᠪᠠᠲᠤᠳᠬᠠᠵᠤ᠂ ᠲᠡᠮᠡᠴᠡᠯ ᠤᠨ ᠵᠣᠷᠢᠭ ᠢᠶᠠᠨ ᠬᠥᠭᠵᠢᠭᠡᠵᠦ᠂ ᠪᠦᠯᠬᠦᠮᠳᠡᠨ ᠲᠡᠮᠡᠴᠡᠬᠦ ᠰᠦᠷ ᠳᠠᠯᠠᠶᠢᠴᠠᠲᠠᠢ ᠬᠦᠴᠦᠨ ᠢ | ᠨᠢᠭᠲᠠᠷᠠᠭᠤᠯᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠣᠳᠣᠬᠢᠴᠢᠯᠠᠯᠲᠠ ᠶᠢᠨ ᠪᠦᠳᠦᠭᠡᠨ | ᠪᠠᠶᠢᠭᠤᠯᠤᠯᠲᠠ ᠶᠢᠨ ᠰᠢᠨ᠎ᠡ ᠠᠶᠠᠨ ᠵᠠᠮ ᠳᠤ ᠨᠡᠩ ᠶᠡᠭᠡ ᠢᠯᠠᠯᠲᠠ ᠶᠢ ᠲᠡᠮᠡᠴᠡᠨ ᠤᠯᠬᠤ ᠳᠤ ᠤᠯᠤᠰ ᠲᠦᠷᠦ ᠶᠢᠨ | ᠵᠥᠪᠯᠡᠯᠭᠡᠨ ᠤ ᠤᠶᠤᠨ ᠤᠬᠠᠭᠠᠨ ᠢᠶᠠᠨ ᠡᠷᠭᠦᠬᠦ ᠬᠡᠷᠡᠭᠲᠡᠢ ᠭᠡᠵᠦ ᠤᠷᠢᠶᠠᠯᠠᠪᠠ᠃ | |