ᠵᠠᠰᠠᠭ ᠠᠵᠤ ᠠᠬᠤᠶᠢᠯᠠᠯ ᠬᠦᠴᠦ ᠬᠠᠮᠳᠤᠳᠬᠠᠨ ᠬᠥᠭᠵᠢᠯᠲᠡ ᠶᠢ ᠠᠬᠢᠭᠤᠯᠵᠤ ᠰᠢᠨ᠎ᠡ ᠬᠠᠭᠤᠳᠠᠰᠤ ᠶᠢ | ᠠᠬᠢᠭᠤᠯᠤᠶ᠎ᠠ᠃ 1 ᠰᠠᠷ᠎ᠠ ᠶᠢᠨ 15 ᠤ ᠡᠳᠦᠷ ᠤᠨ ᠦᠳᠡ ᠶᠢᠨ ᠬᠤᠶᠢᠨ᠎ᠠ᠂ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤ ᠴᠠᠭᠠᠨ ᠰᠠᠷ᠎ᠠ ᠶᠢᠨ ᠵᠠᠰᠠᠭ ᠠᠵᠤ ᠠᠬᠤᠶᠢᠯᠠᠯ ᠤᠨ ᠶᠠᠷᠢᠯᠴᠠᠬᠤ ᠬᠤᠷᠠᠯ ᠬᠢᠪᠠ᠃ ᠤᠷᠢᠭᠳᠠᠭᠰᠠᠨ 40 | ᠭᠠᠷᠤᠢ ᠠᠵᠤ ᠠᠬᠤᠶᠢᠯᠠᠯᠲᠠᠨ ᠤ ᠲᠥᠯᠥᠭᠡᠯᠡᠭᠴᠢ ᠨᠢᠭᠡ ᠲᠠᠩᠬᠢᠮ ᠳᠤ ᠰᠠᠭᠤᠵᠤ᠂ ᠣᠯᠤᠯᠲᠠ ᠪᠠᠨ ᠬᠠᠮᠲᠤ ᠪᠠᠷ | ᠡᠳ᠋ᠯᠡᠵᠦ᠂ ᠬᠥᠭᠵᠢᠯᠲᠡ ᠶᠢ ᠬᠠᠮᠲᠤ ᠪᠠᠷ ᠶᠠᠷᠢᠯᠴᠠᠵᠤ᠂ ᠢᠷᠡᠭᠡᠳᠦᠢ ᠶᠢ ᠬᠠᠮᠲᠤ ᠪᠠᠷ ᠰᠦᠪᠡᠭᠴᠢᠯᠡᠪᠡ᠃ | ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠬᠤᠸᠠᠩ ᠯᠦᠩ ᠬᠤᠷᠠᠯ ᠢ ᠡᠷᠭᠢᠯᠡᠪᠡ᠃ | | ᠶᠠᠷᠢᠯᠴᠠᠬᠤ ᠬᠤᠷᠠᠯ ᠳᠡᠭᠡᠷ᠎ᠡ᠂ ᠰᠢᠯᠢᠳᠡᠭ ᠠᠵᠤ ᠠᠬᠤᠶᠢᠯᠠᠯᠲᠠᠨ ᠤ 10 ᠲᠥᠯᠥᠭᠡᠯᠡᠭᠴᠢ ᠥᠩᠭᠡᠷᠡᠭᠰᠡᠨ ᠨᠢᠭᠡ | ᠵᠢᠯ ᠤᠨ ᠣᠯᠤᠭᠰᠠᠨ ᠠᠮᠵᠢᠯᠲᠠ ᠪᠦᠲᠦᠮᠵᠢ ᠪᠣᠯᠤᠨ ᠰᠢᠨ᠎ᠡ ᠨᠢᠭᠡ ᠵᠢᠯ ᠤᠨ ᠬᠠᠷᠠᠯᠲᠠ ᠶᠢᠨ ᠠᠯᠤᠰ ᠤᠨ | ᠲᠥᠰᠦᠪ ᠢᠶᠠᠨ ᠶᠠᠷᠢᠯᠴᠠᠬᠤ ᠶᠢᠨ ᠬᠠᠮᠲᠤ ᠠᠵᠢᠯ ᠲᠦᠷᠦᠯ ᠪᠣᠯᠤᠨ ᠠᠵᠤ ᠠᠬᠤᠶᠢᠯᠠᠯ ᠤᠨ ᠬᠥᠭᠵᠢᠯᠲᠡ ᠶᠢᠨ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠵᠤ᠂ ᠠᠵᠤ ᠦᠢᠯᠡᠳᠪᠦᠷᠢ ᠶᠢᠨ ᠪᠣᠬᠢᠷᠲᠤᠯ ᠦᠭᠡᠢ ᠬᠥᠭᠵᠢᠯᠲᠡ᠂ ᠰᠣᠶᠣᠯ | ᠵᠢᠭᠤᠯᠴᠢᠯᠠᠯ ᠤᠨ ᠠᠭᠤᠰᠤᠯᠴᠠᠨ ᠬᠥᠭᠵᠢᠬᠦ᠂ ᠪᠣᠭᠤᠮᠲᠠ ᠶᠢᠨ ᠭᠠᠳᠠᠭᠠᠳᠤ ᠨᠡᠭᠡᠭᠡᠯᠲᠡ ᠵᠡᠷᠭᠡ ᠲᠠᠯ᠎ᠠ ᠪᠠᠷ ᠴᠢᠩ | ᠦᠨᠡᠨᠴᠢ ᠪᠥᠭᠡᠳ ᠪᠦᠲᠦᠭᠡᠯᠴᠢ ᠴᠢᠨᠠᠷᠲᠠᠢ ᠰᠠᠨᠠᠯ ᠰᠠᠨᠠᠭᠤᠯᠭ᠎ᠠ ᠳᠤᠷᠠᠳᠴᠤ᠂ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠠᠷᠭ᠎ᠠ ᠤᠬᠠᠭᠠᠨ ᠭᠠᠷᠭᠠᠪᠠ᠃ | ᠳᠠᠷᠠᠭ᠎ᠠ ᠨᠢ᠂ ᠬᠤᠷᠠᠯ ᠳᠤ ᠣᠷᠣᠯᠴᠠᠭᠰᠠᠳ ᠤᠨ ᠬᠠᠮᠲᠤ ᠶᠢᠨ ᠭᠡᠷᠡᠴᠢᠯᠡᠭᠡ ᠪᠠᠷ᠂ ᠬᠤᠰᠢᠭᠤᠨ ᠤ ᠠᠷᠠᠳ ᠤᠨ | ᠵᠠᠰᠠᠭ ᠤᠨ ᠣᠷᠳᠣᠨ ᠪᠠᠰᠠ ᠥᠪᠥᠷ ᠮᠣᠩᠭᠤᠯ ᠤᠨ ᠬᠥᠬᠡᠬᠤᠲᠠ ᠶᠢᠨ ᠲᠡᠮᠦᠷ ᠵᠠᠮ ᠤᠨ ᠭᠠᠳᠠᠭᠠᠳᠤ ᠠᠵᠤ ᠠᠬᠤᠶ | ᠮᠡᠷᠭᠡᠵᠢᠯ ᠤᠨ ᠬᠠᠮᠲᠤᠷᠠᠯᠴᠠᠭᠠᠨ ᠤ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠳᠤᠮᠳᠠᠳᠤ ᠤᠯᠤᠰ ᠤᠨ | ᠰᠢᠨᠵᠢᠯᠡᠬᠦ ᠤᠬᠠᠭᠠᠨ ᠤ ᠬᠦᠷᠢᠶᠡᠯᠡᠩ ᠤᠨ ᠱᠠᠩᠬᠠᠶ ᠶᠢᠨ ᠬᠡᠷᠡᠭᠯᠡᠭᠡᠨ ᠤ ᠹᠢᠽᠢᠺ ᠤᠨ ᠰᠤᠳᠤᠯᠭᠠᠨ ᠤ ᠭᠠᠵᠠᠷ ᠤᠨ | ᠴᠢᠬᠤᠯᠠ ᠶᠡᠭᠡ ᠡᠭᠦᠷᠭᠡ ᠶᠢᠨ ᠭᠠᠵᠠᠷ᠂ ᠪᠤᠭᠤᠲᠤ ᠬᠤᠲᠠ ᠶᠢᠨ ᠰᠢᠪᠠᠷᠬᠦ᠋ᠷᠢᠶ᠎ᠡ ᠲᠡᠮᠦᠷ ᠤᠨ ᠠᠭᠤᠷᠬᠠᠶ ᠶᠢᠨ | ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠡᠷᠭᠡ 7 ᠠᠵᠤ ᠠᠬᠤᠶᠢᠯᠠᠯ ᠲᠠᠢ ᠬᠠᠮᠲᠤᠷᠠᠯᠴᠠᠭᠠᠨ ᠤ | ᠪᠦᠳᠦᠭᠦᠪᠴᠢ ᠵᠥᠪᠯᠡᠯᠴᠡᠭᠡᠷ ᠲᠣᠭᠲᠠᠪᠠ᠃ ᠠᠵᠤ ᠠᠬᠤᠶᠢᠯᠠᠯᠲᠠᠳ ᠦᠷᠭᠦᠯᠵᠢᠯᠡᠨ ᠠᠵᠠ ᠲᠣᠬᠢᠶᠠᠯ ᠢ ᠠᠮᠵᠢᠵᠤ᠂ | ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢᠨ ᠬᠠᠮᠲᠤ᠂ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠨᠠᠩ ᠶᠡᠭᠡ ᠬᠤᠪᠢ ᠨᠡᠮᠡᠷᠢ ᠦᠵᠡᠭᠦᠯᠦᠨ᠎ᠡ ᠭᠡᠵᠦ ᠰᠠᠨᠠᠯ | ᠨᠢᠭᠡᠲᠡᠶ ᠢᠯᠡᠷᠬᠡᠶᠢᠯᠡᠪᠡ᠃ | ᠵᠢᠶᠠ ᠪᠦᠦ ᠯᠢᠶᠠᠩ ᠡᠯ᠎ᠡ ᠠᠵᠤ ᠠᠬᠤᠶᠢᠯᠠᠯᠲᠠᠳ ᠤᠨ ᠳᠠᠷᠬᠠᠨ ᠮᠤᠤᠮᠢᠩᠭᠠᠨ ᠳᠤ ᠦᠢᠯᠡᠰ ᠪᠤᠰᠬᠠᠬᠤ | ᠬᠥᠭᠵᠢᠯᠲᠡ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠪᠡ᠃ ᠲᠡᠷᠡ ᠢᠯᠡᠷᠭᠡᠶᠢᠯᠡᠬᠦ ᠳᠡᠭᠡᠨ᠂ ᠠᠵᠤ | ᠠᠬᠤᠶᠢᠯᠠᠯᠲᠠᠳ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠥᠭᠵᠢᠯᠲᠡ ᠳᠤ ᠦᠭᠭᠦᠭᠰᠡᠨ ᠦᠢᠯᠡᠳᠦᠯ | ᠲᠤᠩ ᠶᠡᠭᠡ ᠪᠠᠶᠢᠵᠤ᠂ ᠪᠠᠶᠢᠷᠢ ᠰᠠᠭᠤᠷᠢ ᠪᠠ ᠦᠢᠯᠡᠳᠦᠯ ᠢ ᠰᠡᠵᠢᠭᠯᠡᠵᠦ ᠪᠤᠯᠬᠤ ᠦᠬᠡᠢ ᠂ ᠠᠵᠤ ᠠᠬᠤᠢ ᠶᠢᠨ | ᠬᠥᠭᠵᠢᠯᠲᠡ ᠶᠢᠨ ᠴᠢᠬᠤᠯᠠ ᠲᠤᠯᠭᠠᠭᠤᠷᠢᠯᠠᠯ ᠪᠣᠯᠬᠤ ᠪᠠᠷ ᠪᠠᠷᠠᠬᠤ ᠦᠭᠡᠢ ᠪᠠᠰᠠ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠴᠢᠬᠤᠯᠠ ᠭᠤᠣᠯ ᠴᠣᠭᠴᠠ ᠪᠠᠶᠢᠵᠤ ᠂ ᠠᠷᠠᠳ ᠤᠯᠠᠨ ᠳᠤ ᠪᠤᠶᠠᠨ ᠦᠢᠯᠡᠳᠬᠦ | ᠴᠢᠬᠤᠯᠠ ᠬᠦᠴᠦᠨ ᠮᠦᠨ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠵᠤ ᠦᠢᠯᠡᠳᠪᠦᠷᠢ᠂ ᠲᠠᠷᠢᠶᠠᠯᠠᠩ | ᠮᠠᠯ ᠠᠵᠤ ᠠᠬᠤᠢ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠡᠬᠢ ᠪᠠᠶᠠᠯᠢᠭ ᠡᠯᠪᠡᠭ ᠲᠡᠯᠪᠡᠭ᠂ ᠳᠠᠪᠠᠭᠤᠯᠢᠭ | ᠢᠯᠡᠷᠬᠡᠢ᠂ ᠰᠢᠨ᠎ᠡ ᠪᠠᠷ ᠮᠠᠨᠳᠤᠭᠰᠠᠨ ᠠᠵᠤ ᠦᠢᠯᠡᠰ᠂ ᠪᠣᠭᠤᠮᠲᠠ ᠶᠢᠨ ᠠᠵᠤ ᠠᠬᠤᠢ ᠶᠢᠨ ᠬᠥᠭᠵᠢᠯᠲᠡ ᠶᠢᠨ ᠣᠷᠣᠨ | ᠵᠠᠢ ᠥᠷᠭᠡᠨ ᠂ ᠢᠷᠡᠭᠡᠳᠦᠢ ᠭᠡᠭᠡᠨ ᠰᠠᠷᠠᠭᠤᠯ ᠂ ᠠᠵᠤ ᠠᠬᠤᠶᠢᠯᠠᠯᠲᠠᠳ ᠦᠷᠭᠦᠯᠵᠢᠯᠡᠨ ᠬᠥᠭᠵᠢᠯᠲᠡ ᠶᠢᠨ | ᠢᠲᠡᠭᠡᠯ ᠢᠶᠠᠨ ᠪᠠᠲᠤᠳᠬᠠᠵᠤ᠂ ᠨᠡᠩ ᠥᠷᠭᠡᠨ ᠬᠠᠷᠠᠭᠠᠰᠤ᠂ ᠨᠡᠩ ᠠᠯᠤᠰ ᠬᠡᠳᠤ ᠶᠢᠨ ᠬᠠᠷᠠᠴᠠ ᠪᠠᠷ ᠲᠦᠷᠦ ᠶᠢᠨ | ᠪᠤᠳᠤᠯᠭ᠎ᠠ ᠶᠢᠨ ᠠᠵᠠ ᠲᠣᠬᠢᠶᠠᠯ ᠢ ᠰᠠᠶᠢᠲᠤᠷ ᠠᠳᠬᠤᠨ ᠰᠠᠶᠢᠲᠤᠷ ᠠᠰᠢᠭᠯᠠᠵᠤ᠂ ᠠᠵᠤ ᠠᠬᠤᠶᠢᠯᠠᠯ ᠢ ᠯᠠᠪᠳᠠᠭᠤᠨ | ᠪᠠᠲᠤᠲᠠᠢ ᠰᠠᠶᠢᠲᠤᠷ ᠡᠷᠬᠢᠯᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠵᠠᠬ᠎ᠠ | ᠳᠡᠯᠭᠡᠭᠦᠷ ᠢ ᠨᠡᠭᠡᠭᠡᠬᠦ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠪᠡᠯᠡ ᠣᠷᠣᠭᠤᠯᠤᠯᠲᠠ ᠶᠢ ᠥᠷᠭᠡᠳᠬᠡᠬᠦ | ᠵᠡᠷᠭᠡ ᠲᠠᠯ᠎ᠠ ᠪᠠᠷ ᠰᠢᠨ᠎ᠡ ᠡᠭᠦᠷᠭᠡᠯᠡᠯ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠬᠦ ᠶᠢ ᠬᠦᠰᠡᠵᠦ ᠪᠠᠶᠢᠨ᠎ᠠ᠃ | ᠡᠭᠦᠨ ᠤ ᠬᠠᠮᠲᠤ ᠡᠯ᠎ᠡ ᠠᠵᠤ ᠠᠬᠤᠶᠢᠯᠠᠯᠲᠠᠳ ᠨᠡᠶᠢᠭᠡᠮ ᠤᠨ ᠬᠠᠷᠢᠭᠤᠴᠠᠯᠭ᠎ᠠ ᠪᠠᠨ ᠦᠷᠭᠦᠯᠵᠢᠯᠡᠨ ᠰᠠᠶᠢᠲᠤᠷ | ᠭᠦᠢᠴᠡᠳᠬᠡᠵᠦ᠂ ᠨᠡᠶᠢᠭᠡᠮ ᠨᠡᠶᠢᠲᠡ ᠶᠢᠨ ᠠᠰᠠᠷᠠᠮᠵᠢ᠂ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ᠂ | ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠵᠡᠷᠭᠡ ᠡᠯ᠎ᠡ ᠬᠦᠷᠢᠶᠡᠨ ᠳᠤ ᠢᠳᠡᠪᠬᠢᠲᠡᠢ ᠣᠷᠣᠯᠴᠠᠵᠤ᠂ ᠰᠢᠨ᠎ᠡ ᠴᠠᠭ | ᠦᠶ᠎ᠡ ᠶᠢᠨ ᠠᠵᠤ ᠠᠬᠤᠶᠢᠯᠠᠯᠲᠠᠨ ᠤ ᠦᠷᠳᠡᠭ ᠤᠨ ᠡᠭᠦᠷᠭᠡᠯᠡᠯ ᠢ ᠢᠯᠡᠷᠡᠭᠦᠯᠬᠦ ᠶᠢ ᠬᠦᠰᠡᠵᠦ ᠪᠠᠶᠢᠨ᠎ᠠ᠃ | ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠥᠩᠭᠡᠷᠡᠭᠰᠡᠨ ᠲᠠᠢ ᠪᠠᠨ ᠠᠳᠠᠯᠢ ᠪᠠᠷ ᠠᠵᠤ | ᠠᠬᠤᠶᠢᠯᠠᠯ ᠤᠨ ᠬᠥᠭᠵᠢᠯᠲᠡ ᠶᠢᠨ ᠬᠠᠮᠤᠭ ᠤᠨ ᠪᠠᠲᠤ ᠴᠢᠩᠭ᠎ᠠ ᠲᠦᠰᠢᠭ ᠪᠣᠯᠵᠣ᠂ ᠬᠤᠳᠠᠯᠳᠤᠭ᠎ᠠ ᠡᠷᠭᠢᠯᠡᠬᠦ ᠣᠷᠴᠢᠨ | ᠨᠥᠬᠦᠴᠡᠯ ᠢ ᠰᠢᠯᠢᠳᠡᠭᠵᠢᠭᠦᠯᠬᠦ ᠶᠢ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠬᠤ ᠴᠢᠬᠤᠯᠠ ᠭᠠᠷᠳᠠᠴᠠ | ᠪᠣᠯᠭᠠᠵᠤ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠠᠯᠢ ᠣᠯᠠᠨ ᠲᠥᠷᠥ ᠶᠢᠨ ᠪᠣᠳᠣᠯᠭ᠎ᠠ ᠶᠢ ᠲᠣᠭᠲᠠᠭᠠᠵᠤ᠂ | ᠠᠯᠢ ᠣᠯᠠᠨ ᠳᠡᠭᠡᠭᠰᠢᠯᠡᠭᠦᠯᠬᠦ ᠠᠷᠭ᠎ᠠ ᠬᠡᠮᠵᠢᠶ᠎ᠡ ᠶᠢ ᠥᠷᠨᠢᠭᠦᠯᠵᠦ᠂ ᠠᠵᠤ ᠠᠬᠤᠶᠢᠯᠠᠯ ᠳᠤ ᠢᠳᠡᠪᠬᠢᠲᠡᠶ ᠪᠣᠳᠠᠲᠠᠶ | ᠶᠠᠪᠤᠳᠠᠯ᠂ ᠰᠠᠶᠢᠨ ᠶᠠᠪᠤᠳᠠᠯ ᠬᠢᠵᠦ᠂ ᠬᠦᠴᠢᠷ ᠶᠠᠪᠤᠳᠠᠯ ᠢ ᠰᠢᠢᠳᠪᠦᠷᠢᠯᠡᠵᠦ᠂ ᠬᠠᠮᠲᠤ ᠪᠠᠷ ᠭᠠᠷ ᠬᠤᠯᠪᠣᠨ ᠵᠠᠰᠠᠭ | ᠠᠵᠤ ᠠᠬᠤᠶᠢᠯᠠᠯ ᠤᠨ ᠬᠠᠮᠲᠤᠷᠠᠯᠴᠠᠭ᠎ᠠ ᠶᠢᠨ ᠨᠠᠩ ᠶᠡᠭᠡ ᠰᠢᠨ᠎ᠡ ᠳᠠᠪᠰᠢᠯᠲᠠ ᠲᠠᠢ ᠪᠣᠯᠬᠤ ᠶᠢ ᠠᠬᠢᠭᠤᠯᠬᠤ ᠬᠡᠷᠡᠭᠲᠡᠢ᠃ | | ᠬᠤᠷᠠᠯ ᠠᠴᠠ ᠪᠠᠰᠠ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ 2024 ᠣᠨ ᠤ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠮᠡᠳᠡᠭᠳᠡᠪᠡ᠃ ᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠣᠪᠴᠢᠶ᠎ᠠ ᠶᠢᠨ ᠳᠡᠳ᠋ ᠳᠠᠷᠤᠭ᠎ᠠ ᠵᠥᠩ ᠬᠠᠶ ᠹᠧᠩ᠂ ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠤᠨ | ᠬᠤᠰᠢᠭᠤᠨ ᠳᠠᠭᠠᠨ ᠪᠠᠶᠢᠭ᠎ᠠ ᠤᠳᠤᠷᠢᠳᠤᠯᠭ᠎ᠠ ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ ᠬᠤᠰᠢᠭᠤᠨ ᠤ ᠬᠠᠷᠢᠶ᠎ᠠ | ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠠᠷᠢᠭᠤᠴᠠᠯᠭᠠᠲᠠᠨ ᠤᠷᠢᠯᠭ᠎ᠠ ᠪᠠᠷ ᠶᠠᠷᠢᠯᠴᠠᠬᠤ ᠬᠤᠷᠠᠯ ᠳᠤ | ᠣᠷᠣᠯᠴᠠᠪᠠ᠃ |