ᠲᠦᠷᠭᠡᠨ ᠮᠡᠳᠡᠭᠡ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ  ᠬᠤᠷᠠᠯ ᠡᠬᠢᠯᠡᠪᠡ
ᠨᠡᠶᠢᠲᠡᠯᠡᠭᠰᠡᠨ ᠴᠠᠭ᠄
2025/1/17
      ᠬᠦᠰᠡᠯ  ᠨᠠᠶᠢᠳᠠᠯᠭ᠎ᠠ ᠶᠢ ᠪᠠᠲᠤ ᠴᠡᠭᠡᠵᠢᠯᠡᠵᠦ ᠠᠴᠢ  ᠳᠤ ᠲᠠᠯᠠᠷᠬᠠᠨ ᠡᠷᠡᠮᠡᠭᠡᠶᠢᠯᠡᠨ ᠲᠡᠮᠡᠴᠡᠵᠤ ᠢᠳᠡᠭᠡᠯ ᠵᠣᠷᠢᠭ ᠢᠶᠠᠨ  ᠪᠠᠳᠤᠳᠬᠠᠨ ᠰᠢᠨ᠎ᠡ ᠬᠠᠭᠤᠳᠠᠰᠤ ᠶᠢ  ᠪᠢᠴᠢᠭᠯᠡᠶ᠎ᠡ᠃ 1 ᠰᠠᠷ᠎ᠠ ᠶᠢᠨ 15 ᠤ  ᠡᠳᠦᠷ ᠤᠨ ᠦᠳᠡ ᠶᠢᠨ ᠡᠮᠦᠨ᠎ᠡ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠬᠤᠷᠠᠯ ᠤᠨ ᠶᠠᠪᠤᠳᠠᠯ ᠤᠨ ᠲᠥᠪ ᠲᠤ ᠡᠬᠢᠯᠡᠪᠡ᠃ ᠡᠯ᠎ᠡ ᠹᠷᠣᠨᠲ ᠠᠴᠠ ᠢᠷᠡᠭᠰᠡᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠪᠥᠬᠦ ᠬᠤᠰᠢᠭᠤᠨ ᠤ ᠠᠷᠠᠳ ᠲᠦᠮᠡᠨ ᠤ ᠬᠦᠨᠳᠦ ᠨᠠᠶᠢᠳᠠᠯᠭ᠎ᠠ ᠪᠠ ᠬᠦᠰᠡᠯ ᠡᠷᠡᠮᠡᠯᠵᠡᠯ ᠢ ᠡᠭᠦᠷᠭᠡᠯᠡᠵᠦ᠂ ᠣᠮᠤᠭ ᠲᠡᠭᠦᠯᠳᠡᠷ ᠢᠶᠠᠷ ᠨᠢᠭᠡ ᠲᠠᠩᠬᠢᠮ ᠳᠤ ᠴᠤᠭᠯᠠᠷᠠᠵᠤ᠂ ᠳᠠᠷᠬᠠᠨ ᠮᠤᠤᠮᠢᠩᠭᠠᠨ ᠤ ᠬᠥᠭᠵᠢᠯᠲᠡ ᠶᠢᠨ ᠶᠡᠭᠡ ᠪᠣᠳᠣᠯᠭ᠎ᠠ ᠶᠢ ᠬᠠᠮᠲᠤ ᠪᠠᠷ ᠵᠥᠪᠯᠡᠵᠦ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠠᠷᠢᠭᠤᠨ ᠳᠠᠷᠬᠠᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ  ᠬᠦᠢᠴᠡᠳᠭᠡᠪᠡ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号