2024 ᠣᠨ ᠳᠤ᠂ ᠪᠠᠶᠠᠨᠬᠤᠸᠠ ᠪᠠᠯᠭᠠᠰᠤ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ | ᠂ ᠨᠠᠮ ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯᠳᠤᠭᠠᠨ ᠢ | ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ | ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ︽ᠤᠷᠤᠭᠰᠢᠯᠠᠬᠤ︾ ᠣᠪᠣᠷ ᠢᠶᠠᠷ ︽ᠲᠣᠭᠲᠠᠭᠤᠨ︾ ᠪᠠᠶᠢᠬᠤ ᠬᠤᠷᠢᠭ᠎ᠠ ᠱᠤᠭᠤᠮ ᠢ | ᠰᠠᠬᠢᠵᠤ᠂ ᠪᠦᠬᠦ ᠪᠠᠯᠭᠠᠰᠤᠨ ᠤ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠤᠷᠳᠤ ᠬᠤᠭᠤᠴᠠᠭ᠎ᠠ ᠪᠠᠷ | ᠴᠢᠷᠮᠠᠶᠢᠵᠤ᠂ ᠬᠠᠲᠠᠭᠤᠵᠢᠯᠲᠠᠢ ᠠᠵᠢᠯᠯᠠᠵᠤ ᠪᠣᠳᠠᠲᠠᠢ ᠠᠵᠢᠯᠯᠠᠵᠤ᠂ ᠡᠯ᠎ᠡ ᠵᠦᠢᠯ ᠤᠨ ᠠᠵᠢᠯ ᠤᠨ ᠬᠢᠯᠠᠰ ᠴᠡᠭ | ᠵᠠᠯᠭᠠᠭ᠎ᠠ ᠪᠠᠷ ᠢᠯᠡᠷᠡᠪᠡ᠃ | ᠭᠢᠯᠠᠰ ᠴᠡᠭ ᠨᠢᠭᠡ᠄ ᠠᠵᠤ ᠦᠢᠯᠡᠰ ᠤᠨ ᠬᠥᠭᠵᠢᠯᠲᠡ ᠲᠣᠭᠲᠠᠭᠤᠨ ᠤ ᠳᠤᠮᠳᠠ ᠠᠬᠢᠯᠲᠠ ᠲᠠᠢ ᠪᠣᠯᠪᠠ | ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠯᠢ ᠵᠧᠩ ᠨᠠᠨ ᠫᠷᠤᠹᠧᠰᠰᠤᠷ ᠤᠨ | ᠰᠢᠨᠵᠢᠯᠡᠬᠦ ᠤᠬᠠᠭᠠᠨ ᠤ ᠰᠤᠳᠤᠯᠭᠠᠨ ᠤ ᠪᠦᠯᠬᠦᠮ ᠢ ᠣᠷᠣᠭᠤᠯᠤᠨ ᠠᠪᠴᠢᠷᠠᠵᠤ᠂ ᠣᠯᠠᠨᠬᠤᠳᠳᠤᠭ ᠭᠠᠴᠠᠭᠠᠨ ᠤ ︽ | ᠤᠯᠠᠭᠠᠨ ᠲᠤᠭ ᠨᠤᠲᠤᠭ ᠤᠨ ᠠᠩᠬᠢᠯᠤᠮ᠎ᠠ ᠬᠦᠷᠢᠶᠡᠯᠡᠩ︾ ᠳᠤ 30 ᠮᠦ ᠴᠢᠨ᠋ᠸ᠎ᠠ ᠶᠢᠨ ᠬᠠᠷᠮᠠᠭ᠂ 120 ᠰᠠᠭᠤᠷᠢ | ᠦᠵᠦᠮ ᠲᠠᠷᠢᠪᠠ︔ ᠪᠠᠶ᠋ᠬᠠᠤᠪᠤᠭ᠎ᠠ ᠭᠠᠴᠠᠭᠠᠨ ᠤ ᠲᠠᠷᠢᠶᠠᠯᠠᠩ ᠤᠨ ᠮᠠᠰᠢᠨ ᠤ ᠬᠤᠷᠰᠢᠶ᠎ᠠ ᠶᠢᠨ ᠠᠵᠢᠯᠯᠠᠬᠤ ᠲᠠᠯᠠᠪᠠᠢ | 3 ᠲᠦᠮᠡᠨ ᠮᠦ ᠶᠢ ᠳᠠᠪᠠᠪᠠ︔ ᠤᠯᠠᠭᠠᠨᠪᠤᠯᠠᠭ ᠭᠠᠴᠠᠭ᠎ᠠ ᠨᠢ 4 ᠰᠠᠭᠤᠭ᠎ᠠ ᠭᠠᠵᠠᠷ ᠤᠨ ᠠᠵᠤ ᠠᠬᠤᠶᠢᠯᠠᠯ ᠳᠤ ᠬᠤᠭ | ᠨᠣᠪᠰᠢ ᠶᠢ ᠴᠡᠪᠡᠷᠯᠡᠨ ᠲᠡᠭᠡᠭᠡᠪᠦᠷᠢᠯᠡᠬᠦ ᠦᠢᠯᠡᠴᠢᠯᠡᠭᠡ ᠬᠠᠩᠭᠠᠪᠠ︔ ᠪᠠᠶᠠᠨᠴᠠᠭᠠᠨ ᠭᠠᠴᠠᠭ᠎ᠠ ᠨᠢ 500 ᠮᠦ | ᠬᠠᠮᠲᠤ ᠶᠢᠨ ᠲᠡᠵᠢᠭᠡᠯ ᠪᠣᠷᠳᠣᠭᠠᠨ ᠤ ᠭᠠᠵᠠᠷ ᠲᠤ ᠡᠷᠳᠡᠨᠢ ᠰᠢᠰᠢ ᠲᠠᠷᠢᠵᠤ᠂ ᠭᠠᠴᠠᠭᠠᠨ ᠤ ᠬᠠᠮᠲᠤ ᠶᠢᠨ ᠮᠦ | ᠪᠦᠷᠢ ᠶᠢᠨ ᠳᠤᠮᠳᠠᠴᠢ ᠣᠷᠣᠯᠭ᠎ᠠ ᠶᠢ 300 ᠲᠥᠭᠦᠷᠢᠭ ᠨᠡᠮᠡᠭᠳᠡᠭᠦᠯᠬᠦ ᠬᠠᠷᠠᠯᠲᠠ ᠶᠢ ᠪᠡᠶᠡᠯᠡᠭᠦᠯᠪᠡ︔ ᠵᠢᠪᠬᠤᠯᠠᠩᠲᠤ | ᠭᠠᠴᠠᠭ᠎ᠠ ᠨᠢ ᠴᠢᠩ ᠱᠠᠨ ᠲᠣᠭᠤᠷᠢᠭ ᠤᠨ ᠰᠢᠩ ᠱᠧᠩ ᠪᠠᠯᠭᠠᠰᠤᠨ ᠤ ᠵᠡᠭᠦᠨ ᠳ᠋ᠡ ᠭᠸᠤ ᠲᠣᠰᠬᠤᠨ ᠯᠤᠭ᠎ᠠ ᠠᠩᠬ᠎ᠠ | ᠠᠯᠬᠤᠮ ᠤᠨ ᠬᠠᠮᠲᠤᠷᠠᠯᠴᠠᠭᠠᠨ ᠤ ᠰᠠᠨᠠᠮᠵᠢ ᠲᠠᠢ ᠪᠤᠯᠵᠤ᠂ 40 ᠬᠠᠮᠲᠤ ᠶᠢᠨ ᠠᠯᠠᠰᠢᠨ ᠬᠤᠨᠢ ᠶᠢ ᠪᠣᠷᠣᠯᠠᠭᠤᠯᠵᠤ᠂ | ᠭᠠᠴᠠᠭᠠᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢᠨ ᠨᠡᠮᠡᠭᠳᠡᠯ ᠢ ᠠᠬᠢᠭᠤᠯᠪᠠ᠃ | ᠭᠢᠯᠠᠰ ᠴᠡᠭ ᠬᠤᠶᠠᠷ᠄ ᠠᠷᠠᠳ ᠤᠨ ᠠᠮᠢᠳᠤᠷᠠᠯ ᠤᠨ ᠠᠵᠠ ᠵᠢᠷᠭᠠᠯ ᠲᠠᠰᠤᠷᠠᠯᠲᠠ ᠥᠬᠡᠶ ᠨᠡᠮᠡᠭᠳᠡᠪᠡ | ᠭᠠᠴᠠᠭ᠎ᠠ ᠲᠣᠰᠬᠤᠨ ᠳᠤ ᠨᠡᠪᠲᠡᠷᠡᠬᠦ ᠵᠠᠰᠠᠮᠠᠯ ᠵᠠᠮ ᠢ 15.8 ᠺᠢᠯᠤᠮᠧᠲᠷ᠂ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠵᠠᠰᠠᠮᠠᠯ ᠵᠠᠮ ᠢ 47 ᠺᠢᠯᠤᠮᠧᠲᠷ ᠰᠢᠨ᠎ᠡ ᠪᠠᠷ ᠪᠠᠶᠢᠭᠤᠯᠵᠤ᠂ ᠴᠢᠮᠡᠭᠡ ᠬᠤᠯᠪᠣᠭᠠᠨ ᠤ ᠰᠢᠨ᠎ᠡ | ᠲᠥᠷᠥᠯ ᠵᠦᠢᠯ ᠢ 21 ᠡᠷᠦᠬᠡ ᠰᠢᠨ᠎ᠡ ᠪᠠᠷ ᠪᠠᠶᠢᠭᠤᠯᠵᠤ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠪᠡᠯᠡ | ᠮᠥᠩᠭᠦ ᠶᠢ ᠲᠡᠮᠡᠴᠡᠨ ᠣᠯᠵᠤ ᠠᠮᠢ ᠠᠬᠤᠢ ᠶᠢᠨ ᠤᠯᠠᠭᠠᠨ ᠱᠤᠭᠤᠮ ᠤᠨ ᠲᠣᠭᠤᠷᠢᠭ ᠤᠨ 4 ᠡᠷᠦᠬᠡ ᠮᠠᠯᠴᠢᠳ ᠲᠤ | 20 ᠺᠢᠯᠣᠸᠠᠲ ᠤᠨ ᠨᠡᠷᠡᠨ ᠤ ᠡᠨᠧᠷᠭᠢ ᠶᠢᠨ ᠡᠨᠧᠷᠭᠢ ᠬᠠᠳᠠᠭᠠᠯᠠᠬᠤ ᠰᠢᠰᠲ᠋ᠧᠮ ᠤᠭᠰᠠᠷᠠᠨ᠂ ᠬᠡᠰᠡᠭ ᠮᠠᠯᠴᠢᠳ ᠤᠨ | ᠦᠢᠯᠡᠳᠪᠦᠷᠢᠯᠡᠯ ᠳᠤ ᠬᠡᠷᠡᠭᠯᠡᠬᠦ ᠴᠠᠬᠢᠯᠭᠠᠨ ᠤ ᠠᠰᠠᠭᠤᠳᠠᠯ ᠢ ᠰᠢᠢᠳᠪᠦᠷᠢᠯᠡᠪᠡ︔ 26 ᠪᠡᠯᠡᠳᠬᠡᠮᠵᠢ ᠳᠤ ᠬᠡᠷᠡᠭᠯᠡᠬᠦ | ᠭᠠᠵᠠᠷ ᠢ ᠭᠤᠶᠤᠴᠢᠯᠠᠨ ᠮᠡᠳᠡᠭᠦᠯᠬᠦ ᠶᠢ ᠬᠢᠨᠠᠨ ᠵᠥᠪᠰᠢᠶᠡᠷᠡᠬᠦ ᠫᠷᠣᠭ᠍ᠷᠠᠮ ᠢ ᠪᠡᠶᠡᠯᠡᠭᠦᠯᠪᠡ︔ ᠲᠠᠷᠢᠶᠠᠯᠠᠩ ᠮᠠᠯ ᠠᠵᠤ | ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠣᠪᠴᠢᠶ᠎ᠠ ᠶᠢᠨ ᠮᠠᠯᠴᠢᠨ ᠲᠠᠷᠢᠶᠠᠴᠢᠨ ᠤ ᠬᠤᠷᠰᠢᠶ᠎ᠠ ᠪᠠ ᠭᠡᠷ | ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠶᠢ ᠪᠣᠶᠢᠵᠢᠭᠤᠯᠤᠨ ᠥᠷᠭᠡᠳᠬᠡᠬᠦ ᠲᠥᠷᠥᠯ ᠵᠦᠢᠯ ᠢ ᠭᠤᠶᠤᠴᠢᠯᠠᠨ | ᠮᠡᠳᠡᠭᠦᠯᠵᠦ᠂ 5 ᠭᠡᠷ ᠪᠦᠯᠢ ᠶᠢᠨ ᠮᠠᠯᠵᠢᠯ ᠤᠨ ᠲᠠᠯᠠᠪᠠᠢ ᠶᠢ ᠲᠠᠨᠢᠯᠴᠠᠭᠤᠯᠵᠤ᠂ ᠡᠷᠦᠬᠡ ᠪᠦᠷᠢ ᠳᠤ 2.5 ᠲᠦᠮᠡᠨ | ᠲᠥᠭᠦᠷᠢᠭ ᠱᠠᠩᠨᠠᠨ ᠨᠦᠬᠦᠪᠦᠷᠢᠯᠡᠪᠡ︔ 37 ᠲᠦᠮᠡᠨ ᠲᠥᠭᠦᠷᠢᠭ ᠤᠨ ᠪᠡᠯᠡ ᠣᠷᠣᠭᠤᠯᠵᠤ ᠵᠢᠪᠬᠤᠯᠠᠩᠲᠤ | ᠭᠠᠴᠠᠭᠠᠨ ᠤ ᠬᠥᠮᠥᠨ ᠮᠠᠯ ᠤᠨ ᠤᠤᠭᠤᠬᠤ ᠤᠰᠤᠨ ᠤ ᠰᠤᠪᠤᠷᠭ᠎ᠠ ᠶᠢᠨ ᠲᠥᠷᠥᠯ ᠵᠦᠢᠯ ᠢ ᠪᠦᠲᠦᠭᠡᠨ ᠪᠠᠶᠢᠭᠤᠯᠵᠤ᠂ | 12 ᠲᠦᠮᠡᠨ ᠲᠥᠭᠦᠷᠢᠭ ᠤᠨ ᠪᠡᠯᠡ ᠣᠷᠣᠭᠤᠯᠵᠤ ᠣᠯᠠᠨᠬᠤᠳᠳᠤᠭ ᠭᠠᠴᠠᠭᠠᠨ ᠤ ᠨᠠᠰᠤᠵᠢᠯ ᠤᠨ ᠦᠢᠯᠡᠴᠢᠯᠡᠭᠡᠨ ᠤ | ᠰᠢᠰᠲ᠋ᠧᠮ ᠤᠨ ᠲᠥᠷᠥᠯ ᠵᠦᠢᠯ ᠢ ᠪᠦᠲᠦᠭᠡᠨ ᠪᠠᠶᠢᠭᠤᠯᠵᠤ᠂ ᠡᠷᠬᠢᠨ ᠲᠣᠭᠤᠷᠢᠨ ᠤ ᠭᠠᠴᠠᠭᠠᠨ ᠤ 500 ᠭᠠᠷᠤᠶ | ᠬᠥᠮᠦᠨ ᠳᠤ ᠠᠰᠢᠭ ᠬᠦᠷᠲᠡᠭᠡᠪᠡ᠃ | ᠭᠢᠯᠠᠰ ᠴᠡᠭ ᠭᠤᠷᠪᠠ᠄ ᠨᠠᠷᠠᠲᠤ ᠲᠡᠮᠳᠡᠭ ᠤᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠪᠡ | ᠤᠯᠠᠮᠵᠢᠯᠠᠯᠲᠤ ᠤᠨᠴᠠᠯᠢᠭᠳᠤ ᠠᠵᠤ ᠦᠢᠯᠡᠰ ᠢᠶᠠᠷ ᠲᠤᠯᠭᠠᠭᠤᠷᠢᠯᠠᠭᠰᠠᠨ ᠤᠯᠠᠭᠠᠨᠪᠤᠯᠠᠭ ᠭᠠᠴᠠᠭᠠᠨ ᠤ | ᠬᠠᠲᠠᠭᠠᠭᠰᠠᠨ ᠮᠢᠬᠠᠨ ᠤ ᠤᠷᠢᠳᠴᠢᠯᠠᠨ ᠬᠢᠭᠰᠡᠨ ᠨᠣᠭᠤᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ | ᠨᠢᠭᠡᠨᠲᠡ ᠵᠢᠩᠬᠢᠨᠢ ᠪᠠᠷ ᠠᠰᠢᠭᠯᠠᠯᠲᠠ ᠳᠤ ᠣᠷᠣᠭᠤᠯᠤᠭᠰᠠᠨ ᠪᠥᠭᠡᠳ SC ᠭᠡᠷᠡᠴᠢᠯᠡᠯ ᠤᠨ ᠠᠵᠢᠯ ᠢ ᠪᠡᠶᠡᠯᠡᠭᠦᠯᠪᠡ︔ | ᠪᠠᠶᠠᠨᠬᠤᠸᠠ ᠪᠠᠯᠭᠠᠰᠤᠨ ᠤ ᠬᠤᠯᠪᠣᠭ᠎ᠠ ᠥᠪᠡᠷ ᠢᠶᠠᠨ ᠲᠡᠷᠭᠡ ᠵᠢᠯᠣᠭᠤᠳᠤᠨ ᠵᠤᠭᠠᠴᠠᠬᠤ ᠭᠠᠵᠠᠷ ᠤᠨ ᠬᠢᠨ ︽ | ᠳᠠᠷᠬᠠᠨ ᠮᠤᠤᠮᠢᠩᠭᠠᠨ ᠤ ᠬᠤᠯᠪᠣᠭ᠎ᠠ︾ 29 ᠲᠥᠷᠥᠯ᠂ 43 ᠲᠥᠷᠥᠯ᠂ 39 ᠲᠥᠷᠥᠯ ᠤᠨ ᠭᠤᠷᠪᠠᠨ ᠶᠡᠭᠡ | ᠲᠥᠷᠥᠯ ᠤᠨ ᠲᠠᠸᠠᠷ ᠤᠨ ᠲᠡᠮᠳᠡᠭ ᠢ ᠳᠠᠩᠰᠠᠯᠠᠬᠤ ᠠᠵᠢᠯ ᠢ ᠪᠡᠶᠡᠯᠡᠭᠦᠯᠬᠦ ᠶᠢᠨ ᠬᠠᠮᠲᠤ ᠲᠣᠰ ᠭᠠᠵᠠᠷ ᠣᠷᠣᠨ ᠤ | ᠰᠦᠯᠵᠢᠶᠡᠨ ᠣᠳᠣᠨ ᠳᠤ ᠲᠦᠰᠢᠭᠯᠡᠨ ᠪᠦᠲᠦᠭᠡᠭᠳᠡᠬᠦᠨ ᠢ ᠲᠠᠨᠢᠯᠴᠠᠭᠤᠯᠬᠤ ᠠᠵᠢᠯᠯᠠᠭ᠎ᠠ ᠶᠢ 3 ᠤᠳᠠᠭ᠎ᠠ ᠥᠷᠨᠢᠭᠦᠯᠪᠡ | ᠃ | | ᠭᠢᠯᠠᠰ ᠴᠡᠭ ᠳᠥᠷᠪᠡ᠄ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠯᠠᠪᠳᠠᠭᠤᠨ ᠢᠶᠠᠷ ᠲᠦᠯᠬᠢᠨ | ᠠᠬᠢᠭᠤᠯᠪᠠ | ᠬᠤᠳᠠᠯᠳᠤᠭᠠᠴᠢᠨ ᠤᠷᠢᠵᠤ ᠵᠢᠯ ᠤᠨ ᠭᠠᠷᠤᠯᠲᠠ ᠨᠢ 300 ᠲᠦᠮᠡᠨ ᠲᠣᠨ ᠪᠣᠯᠬᠤ ᠰᠢᠨ ᠱᠦᠨ ᠵᠢᠶᠧ | ᠪᠠᠷᠠᠭᠠᠨ ᠤ ᠭᠦᠢᠯᠭᠡᠭᠡᠨ ᠤ ᠬᠥᠮᠥᠷᠭᠡᠯᠡᠨ ᠬᠠᠳᠠᠭᠠᠯᠠᠬᠤ ᠴᠡᠪᠡᠷ ᠡᠨᠧᠷᠭᠢ ᠶᠢ ᠰᠣᠩᠭᠤᠨ ᠳᠣᠭᠢᠷᠠᠭᠤᠯᠬᠤ ᠲᠥᠷᠥᠯ | ᠵᠦᠢᠯ ᠢ ᠣᠷᠣᠭᠤᠯᠤᠨ ᠠᠪᠴᠢᠷᠠᠵᠤ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ 2 ᠳ᠋ᠦᠩᠰᠢᠭᠤᠷ | ᠲᠥᠭᠦᠷᠢᠭ ᠲᠤ ᠬᠦᠷᠴᠡᠶ︔ ᠵᠢᠯ ᠤᠨ ᠡᠬᠢᠨ ᠳᠤ ᠲᠣᠭᠲᠠᠭᠠᠭᠰᠠᠨ ︽ᠭᠤᠷᠪᠠ ᠶᠢ ᠲᠡᠮᠡᠴᠡᠨ ᠤᠯᠬᠤ︾ ᠬᠠᠷᠠᠯᠲᠠ | ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ | ᠭᠢᠯᠠᠰ ᠴᠡᠭ ᠲᠠᠪᠤ᠄ ᠠᠮᠢ ᠠᠬᠤᠢ ᠶᠢᠨ ᠬᠠᠮᠠᠭᠠᠯᠠᠯᠲᠠ ᠦᠷᠭᠦᠯᠵᠢᠯᠡᠨ ᠰᠠᠶᠢᠵᠢᠷᠠᠪᠠ | ᠲᠣᠭᠲᠠᠭᠠᠯ ᠠᠴᠠ ᠵᠥᠷᠢᠴᠡᠨ ᠨᠤᠲᠤᠭ ᠪᠡᠯᠴᠢᠭᠡᠷ ᠢ ᠲᠠᠲᠠᠪᠤᠷᠢᠯᠠᠨ ᠡᠵᠡᠯᠡᠬᠦ ᠠᠰᠠᠭᠤᠳᠠᠯ ᠢ ᠵᠠᠰᠠᠬᠤ ᠠᠵᠢᠯ ᠢ | ᠦᠷᠭᠦᠯᠵᠢᠯᠡᠨ ᠥᠷᠨᠢᠭᠦᠯᠵᠦ᠂ ᠤᠯᠤᠰ ᠤᠨ ᠭᠠᠵᠠᠷ ᠰᠢᠷᠣᠶ᠂ ᠣᠢ ᠰᠢᠭᠤᠶ ᠨᠤᠲᠤᠭ ᠪᠡᠯᠴᠢᠭᠡᠷ ᠤᠨ ᠵᠢᠷᠤᠭ ᠤᠨ | ᠲᠣᠯᠪᠤ ᠳᠠᠬᠢ179 ᠭᠠᠵᠠᠷ ᠤᠨ ᠳ᠋ᠤᠭᠠᠷ ᠢ ᠬᠠᠰᠤᠬᠤ ᠶᠢ ᠪᠡᠶᠡᠯᠡᠭᠦᠯᠪᠡ᠃ 3000 ᠮᠥ ᠵᠤᠵᠠᠭᠠᠳᠬᠠᠭᠰᠠᠨ | ᠰᠦᠯᠢᠶᠣᠣ ᠪᠦᠷᠬᠦᠪᠴᠢ ᠶᠢ ᠬᠡᠷᠡᠭᠯᠡᠬᠦ ᠶᠢ ᠳᠡᠯᠭᠡᠷᠡᠭᠦᠯᠵᠦ᠂ ᠠᠵᠤ ᠠᠬᠤᠶᠢᠯᠠᠯ᠂ ᠲᠠᠷᠢᠮᠠᠯ ᠤᠨ ᠲᠣᠮᠣ ᠡᠷᠦᠬᠡ ᠶᠢ | ᠰᠢᠮᠳᠠᠭᠤᠯᠵᠤ ᠪᠠᠶᠢᠭᠠᠳ ᠰᠦᠯᠢᠶᠣᠣ ᠪᠦᠷᠬᠦᠭᠦᠯ᠂ ᠨᠣᠭᠤᠭᠠᠨ ᠳᠠᠷᠤᠰᠢ ᠶᠢᠨ ᠪᠣᠭᠤᠳᠠᠯ ᠪᠠᠭᠯᠠᠭ᠎ᠠ ᠶᠢ ᠬᠤᠷᠢᠶᠠᠨ | ᠠᠪᠬᠤ ᠠᠵᠢᠯ ᠢ ᠰᠠᠶᠢᠲᠤᠷ ᠬᠢᠯᠭᠡᠪᠡ︔ 1 ᠦᠯᠡᠳᠡᠭᠳᠡᠯ ᠪᠦᠷᠬᠦᠪᠴᠢ ᠶᠢ ᠬᠤᠷᠢᠶᠠᠨ ᠠᠪᠬᠤ ᠮᠠᠰᠢᠨ ᠬᠤᠳᠠᠯᠳᠤᠨ | ᠠᠪᠴᠤ᠂ 5000 ᠮᠥ ᠰᠦᠯᠢᠶᠣᠣ ᠪᠦᠷᠬᠦᠪᠴᠢ ᠶᠢ ᠬᠤᠷᠢᠶᠠᠨ ᠠᠪᠤᠪᠠ᠃ | ᠭᠢᠯᠠᠰ ᠴᠡᠭ ᠵᠢᠷᠭᠤᠭ᠎ᠠ᠄ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠡᠮᠬᠢ ᠵᠢᠷᠤᠮ ᠲᠠᠢ ᠪᠥᠭᠡᠳ | ᠬᠦᠴᠦᠲᠡᠢ ᠪᠣᠯᠪᠠ | ᠣᠷᠴᠢᠨ ᠲᠣᠭᠤᠷᠢᠨ ᠢ ᠴᠡᠪᠡᠷᠯᠡᠬᠦ ᠬᠤᠪᠢ ᠬᠤᠷᠠᠮᠳᠤᠭᠤᠯᠬᠤ ᠳᠦᠷᠢᠮ ᠪᠠ ︽ᠤᠯᠠᠭᠠᠨ ᠬᠠᠷ᠎ᠠ ᠰᠠᠮᠪᠠᠷ᠎ᠠ︾ | ᠶᠢᠨ ᠳᠦᠷᠢᠮ ᠢ ᠬᠡᠷᠡᠭᠵᠢᠭᠦᠯᠵᠦ᠂ ᠺᠠᠳ᠋ᠷ ᠣᠯᠠᠨ ᠲᠦᠮᠡᠨ ᠢ ᠵᠣᠬᠢᠶᠠᠨ ᠪᠠᠶᠢᠭᠤᠯᠤᠨ ᠣᠷᠣᠰᠢᠨ ᠰᠠᠭᠤᠬᠤ ᠣᠷᠴᠢᠨ | ᠲᠣᠭᠤᠷᠢᠨ ᠢ 36 ᠤᠳᠠᠭ᠎ᠠ ᠴᠡᠭᠴᠡᠯᠡᠨ ᠵᠠᠰᠠᠵᠤ᠂ 1 ᠬᠤᠭ ᠨᠣᠪᠰᠢ ᠰᠢᠢᠳᠪᠦᠷᠢᠯᠡᠬᠦ ᠲᠠᠯᠠᠪᠠᠢ ᠶᠢ ᠰᠡᠯᠪᠢᠨ ᠵᠠᠰᠠᠵᠤ | ᠂ 3 ᠬᠤᠲᠠ ᠪᠠᠯᠭᠠᠰᠤᠨ ᠤ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠨᠢ ᠵᠢᠷᠤᠮᠵᠢᠯ ᠦᠭᠡᠢ | ᠠᠰᠠᠭᠤᠳᠠᠯ ᠢ ᠪᠦᠬᠦ ᠲᠠᠯ᠎ᠠ ᠪᠠᠷ ᠴᠡᠭᠴᠡᠯᠡᠨ ᠵᠠᠰᠠᠪᠠ︔ ᠤᠯᠠᠭᠠᠨᠪᠤᠯᠠᠭ ᠭᠠᠴᠠᠭ᠎ᠠ ᠳᠤ 1 ᠭᠤᠬᠠᠲᠤ ᠲᠡᠷᠭᠡ᠂ 10 | ᠬᠤᠭ ᠨᠣᠪᠰᠢ ᠶᠢᠨ ᠬᠠᠶᠢᠷᠴᠠᠭ ᠬᠤᠳᠠᠯᠳᠤᠨ ᠠᠪᠴᠤ ᠥᠭᠪᠡ︔ ᠬᠡᠭᠡᠷ᠎ᠡ ᠶᠢᠨ ᠭᠤᠣᠯ ᠭᠠᠴᠠᠭ᠎ᠠ ᠳᠤ | ᠦᠵᠡᠰᠬᠦᠯᠡᠩᠲᠦ ᠰᠠᠶᠢᠬᠠᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠵᠦ᠂ 3 ᠮᠦ ᠠᠶᠢᠯ | ᠲᠣᠰᠬᠤᠨ ᠢ ᠨᠣᠭᠤᠭᠠᠷᠠᠭᠤᠯᠬᠤ ᠶᠢ ᠪᠡᠶᠡᠯᠡᠭᠦᠯᠵᠦ᠂ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠣᠷᠴᠢᠨ | ᠲᠣᠭᠤᠷᠢᠨ ᠢ ᠢᠯᠡᠳᠲᠡ ᠰᠠᠶᠢᠵᠢᠷᠠᠭᠤᠯᠪᠠ᠃ | ᠭᠢᠯᠠᠰ ᠴᠡᠭ ᠲᠤᠯᠤᠭ᠎ᠠ᠄ ᠤᠷᠤᠯᠳᠤᠭᠠᠨ ᠤ ᠠᠵᠢᠯᠯᠠᠭᠠᠵᠠᠯᠭᠠᠭᠠ ᠪᠠᠷ ᠭᠤᠶᠢᠳᠠ ᠰᠠᠶᠢᠬᠠᠨ ᠶᠠᠪᠤᠭᠳᠠᠪᠠ | ᠮᠠᠯᠴᠢᠳ ᠢ ᠵᠣᠬᠢᠶᠠᠨ ᠪᠠᠶᠢᠭᠤᠯᠵᠤ ︽ᠮᠣᠷᠢᠨ ᠤᠷᠤᠯᠳᠤᠭᠠᠨ︾ ᠤ ᠲᠣᠰᠬᠤᠨ ᠤ ᠬᠡᠲᠦ ᠠᠵᠢᠯᠯᠠᠭ᠎ᠠ ᠳᠤ | ᠣᠷᠣᠯᠴᠠᠭᠤᠯᠵᠤ᠂ ᠨᠢᠭᠡᠳᠦᠭᠡᠷ ᠨᠡᠷ᠎ᠡ ᠶᠢ 11 ᠤᠳᠠᠭ᠎ᠠ ᠣᠯᠵᠤ᠂ ᠮᠠᠯᠴᠢᠨ ᠦᠨᠳᠦᠰᠦ 1.4 ᠮᠧᠲᠷ ᠠᠴᠠ | ᠳᠡᠭᠡᠭᠰᠢᠬᠢ ᠬᠤᠷᠳᠤᠨ ᠮᠤᠷᠢᠨ ᠤ ᠵᠢᠯ ᠤᠨ ᠮᠠᠩᠯᠠᠢ ᠪᠠᠶᠢᠨ᠎ᠠ︔ ᠪᠥᠬᠦ ᠬᠤᠰᠢᠭᠤᠨ ᠤ ᠵᠤᠨ ᠪᠠ ᠡᠪᠦᠯ ᠤᠨ | ᠤᠯᠠᠷᠢᠯ ᠤᠨ ᠨᠠᠭᠠᠳᠤᠮ ᠳᠤ ᠢᠳᠡᠪᠬᠢᠲᠡᠶ ᠣᠷᠣᠯᠴᠠᠵᠤ᠂ 10 ᠲᠦᠮᠡᠨ ᠲᠥᠭᠦᠷᠢᠭ ᠤᠨ ᠪᠠᠯᠠ ᠮᠥᠩᠭᠦ | ᠴᠤᠭᠯᠠᠭᠤᠯᠵᠤ ᠵᠢᠷᠭᠤᠳᠤᠭᠠᠷ ᠬᠤᠭᠤᠴᠠᠭᠠᠨ ᠤ ᠳᠤᠮᠳᠠᠳᠤ ᠮᠣᠩᠭᠤᠯ ᠤᠨ ᠣᠯᠠᠨ ᠤᠯᠤᠰ ᠤᠨ ᠰᠣᠶᠣᠯ | ᠵᠢᠭᠤᠯᠴᠢᠯᠠᠯ ᠤᠨ ᠨᠠᠭᠠᠳᠤᠮ ᠳᠤ ᠡᠷᠬᠢᠯᠡᠬᠦ ᠳᠤ ᠣᠷᠣᠯᠴᠠᠪᠠ᠃ | ᠭᠢᠯᠠᠰ ᠴᠡᠭ ᠨᠠᠢᠮᠠ᠄ ᠠᠷᠠᠳ ᠤᠨ ᠠᠮᠢᠳᠤᠷᠠᠯ ᠤᠨ ᠪᠠᠲᠤᠯᠠᠭ᠎ᠠ ᠪᠠᠲᠤᠲᠠᠢ ᠬᠦᠴᠦᠲᠡᠢ ᠪᠣᠯᠪᠠ | ᠡᠳᠦᠷ ᠲᠤᠲᠤᠮ ᠤᠨ ᠠᠵᠢᠯ ᠤᠨ ᠲᠣᠬᠢᠷᠠᠭᠤᠯᠤᠯᠲᠠ ᠶᠢᠨ ᠲᠣᠭᠲᠠᠴᠠ ᠶᠢ ᠪᠠᠶᠢᠭᠤᠯᠵᠤ᠂ ︽ᠬᠤᠶᠠᠷ ᠲᠤ | ᠵᠣᠪᠠᠭ᠋ᠤ ᠥᠬᠡᠶ ᠭᠤᠷᠪᠠ ᠶᠢ ᠪᠠᠲᠤᠯᠠᠵᠤ ᠨᠢᠭᠡ ᠠᠮᠤᠷ ᠲᠦᠪᠰᠢᠨ︾ ᠦᠷ᠎ᠡ ᠪᠦᠲᠦᠭᠡᠯ ᠢ ᠦᠷᠭᠦᠯᠵᠢᠯᠡᠨ | ᠪᠠᠬᠢᠵᠢᠭᠦᠯᠵᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠦᠭᠡᠮᠡᠯ ᠬᠠᠷᠠᠭᠠᠯᠵᠠᠯ ᠤᠨ ᠴᠢᠨᠠᠷᠲᠠᠶ ᠲᠥᠷᠥ ᠶᠢᠨ | ᠪᠣᠳᠣᠯᠭ᠎ᠠ ᠶᠢ ᠪᠥᠬᠦ ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠵᠤ᠂ ᠪᠥᠬᠦ ᠪᠠᠯᠭᠠᠰᠤᠨ ᠤ 3 ᠡᠷᠦᠬᠡ 8 ᠬᠥᠮᠦᠨ ᠤ | ᠶᠠᠳᠠᠭᠤ ᠠᠴᠠ ᠠᠩᠭᠢᠵᠢᠷᠠᠭᠤᠯᠬᠤ ᠡᠷᠦᠬᠡ ᠶᠢᠨ ᠣᠷᠣᠯᠭ᠎ᠠ ᠶᠢᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠪᠡ︔ | ᠬᠥᠳᠡᠯᠦᠩᠭᠦᠶ ᠪᠠᠷ ᠬᠢᠨᠠᠨ ᠰᠢᠨᠵᠢᠵᠦ ᠪᠠᠶᠢᠴᠠᠭᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠨᠡᠶᠢᠲᠡ 1380 | ᠡᠷᠦᠬᠡ ᠶᠢ ᠪᠠᠶᠢᠴᠠᠭᠠᠨ ᠣᠶᠢᠯᠠᠭᠠᠪᠠ᠃ | ᠭᠢᠯᠠᠰ ᠴᠡᠭ ᠶᠢᠰᠦ᠄ ᠬᠥᠳᠡᠭᠡ ᠲᠣᠰᠬᠤᠨ ᠢ ᠵᠠᠰᠠᠬᠤ ᠬᠡᠪ ᠵᠠᠭᠪᠤᠷ ᠤᠨ ᠰᠢᠨ᠎ᠡ ᠶᠢ ᠡᠭᠦᠳᠪᠡ | ︽1 + 4 + N︾ ᠣᠯᠠᠨ ᠡᠰᠢᠲᠦ ᠵᠥᠷᠢᠴᠡᠯ ᠵᠢᠭᠤᠷᠠᠯᠳᠤᠭᠠᠨ ᠢ ᠪᠠᠶᠢᠴᠠᠭᠠᠵᠤ ᠰᠢᠢᠳᠪᠦᠷᠢᠯᠡᠬᠦ | ᠠᠵᠢᠯ ᠤᠨ ᠠᠷᠭ᠎ᠠ ᠶᠢ ᠬᠡᠷᠡᠭᠵᠢᠭᠦᠯᠵᠦ᠂ 30 ᠨᠡᠷᠡᠰ ᠬᠠᠤᠯᠢ ᠴᠠᠭᠠᠵᠠ ᠶᠢᠨ ᠮᠡᠷᠭᠡᠨ ᠬᠥᠮᠦᠨ ᠢ ᠬᠥᠮᠦᠵᠢᠭᠦᠯᠵᠦ᠂ | 32 ᠬᠤᠪᠢ ᠵᠥᠷᠢᠴᠡᠯ ᠵᠢᠭᠤᠷᠠᠯᠳᠤᠭᠠᠨ ᠢ ᠠᠮᠵᠢᠯᠲᠠ ᠲᠠᠢ ᠡᠶᠡᠳᠡᠭᠦᠯᠦᠨ ᠰᠢᠢᠳᠪᠦᠷᠢᠯᠡᠪᠡ︔ ᠬᠠᠤᠯᠢ ᠠᠴᠠ | ᠵᠥᠷᠢᠴᠡᠭᠰᠡᠨ ᠶᠠᠯᠠᠲᠤ ᠬᠥᠮᠦᠰ ᠵᠢᠴᠢ ᠡᠷᠡᠭᠦᠦ ᠠᠴᠠ ᠰᠤᠯᠠᠯᠵᠤ ᠵᠢᠭᠠᠨ ᠰᠤᠷᠭᠠᠬᠤ ᠬᠥᠮᠥᠨ ᠤ ᠬᠠᠮᠢᠶᠠᠷᠤᠯᠲᠠ ᠶᠢ | ᠴᠢᠩᠭᠠᠳᠬᠠᠵᠤ᠂ ᠪᠥᠬᠦ ᠪᠠᠯᠭᠠᠰᠤᠨ ᠤ ᠨᠡᠶᠢᠭᠡᠮ ᠲᠣᠭᠤᠷᠢᠭ ᠤᠨ ᠵᠠᠯᠠᠷᠠᠭᠤᠯᠬᠤ ᠪᠠ ᠲᠥᠪᠬᠢᠨᠡᠭᠦᠯᠵᠦ ᠬᠠᠪᠰᠤᠷᠤᠨ | ᠰᠤᠷᠭᠠᠬᠤ ᠵᠡᠷᠭᠡ 9 ᠭᠤᠤᠯᠳᠠᠯᠭ᠎ᠠ ᠲᠠᠢ ᠬᠥᠮᠦᠰ ᠲᠤ ᠲᠠᠩᠰᠠ ᠡᠪᠬᠡᠮᠡᠯ ᠪᠠᠶᠢᠭᠤᠯᠵᠤ᠂ ᠪᠦᠬᠦ ᠵᠢᠯ ᠳᠤ ᠨᠡᠶᠢᠲᠡ 3 | ᠬᠤᠪᠢ ᠵᠠᠬᠢᠳᠠᠯ ᠰᠤᠷᠪᠤᠯᠵᠢᠯᠠᠯ ᠤᠨ ᠵᠦᠢᠯᠡᠰ ᠢ ᠬᠦᠯᠢᠶᠡᠨ ᠠᠪᠴᠤ ᠭᠦᠢᠴᠡᠳᠬᠡᠵᠦ᠂ ︽12345︾ | ᠲᠠᠪᠴᠠᠩ ᠢᠶᠠᠷ 36 ᠬᠤᠪᠢ ᠠᠵᠢᠯ ᠲᠣᠮᠢᠯᠠᠵᠤ᠂ ᠪᠦᠬᠦᠨ ᠢ ᠰᠢᠢᠳᠪᠦᠷᠢᠯᠡᠵᠦ ᠳᠠᠭᠤᠰᠬᠠᠪᠠ︔ ᠶᠡᠷᠦᠩᠬᠡᠶᠢᠯᠡᠨ | ᠵᠠᠰᠠᠬᠤ ᠲᠥᠪ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠨᠠᠮ ᠵᠠᠰᠠᠭ ᠴᠡᠷᠢᠭ | ᠴᠠᠭᠳᠠᠭ᠎ᠠ ᠠᠷᠠᠳ ᠬᠦᠴᠦ ᠪᠠᠨ ᠬᠠᠮᠲᠤᠳᠬᠠᠨ ᠬᠢᠯᠢ ᠬᠢᠵᠠᠭᠠᠷ ᠢ ᠬᠦᠴᠦᠷᠬᠡᠭᠵᠢᠭᠦᠯᠦᠨ ᠰᠡᠷᠭᠡᠶᠢᠯᠡᠯᠲᠡ ᠶᠢ | ᠪᠠᠬᠢᠵᠢᠭᠦᠯᠵᠦ᠂ ᠬᠢᠯᠢ ᠬᠢᠵᠠᠭᠠᠷ ᠢ ᠴᠡᠪᠡᠷᠰᠢᠭᠦᠯᠦᠨ ᠪᠠᠶᠢᠴᠠᠭᠠᠬᠤ ᠠᠵᠢᠯᠯᠠᠭ᠎ᠠ ᠶᠢ 3 ᠤᠳᠠᠭ᠎ᠠ ᠥᠷᠨᠢᠭᠦᠯᠵᠦ᠂ | ᠬᠢᠯᠢ ᠶᠢᠨ ᠬᠠᠮᠠᠭᠠᠯᠠᠯᠲᠠ ᠶᠢᠨ ᠡᠭᠦᠷᠭᠡ ᠭᠦᠢᠴᠡᠳᠬᠡᠪᠡ᠃ | ᠭᠢᠯᠠᠰ ᠴᠡᠭ ᠠᠷᠪᠠ᠄ ᠠᠮᠤᠷ ᠲᠦᠪᠰᠢᠨ ᠲᠣᠭᠲᠠᠭᠤᠨ ᠪᠠᠶᠢᠬᠤ ᠨᠢ ᠰᠠᠭᠤᠷᠢ ᠶᠢ ᠪᠠᠲᠤᠳᠬᠠᠵᠤ ᠦᠨᠳᠦᠰᠦ ᠶᠢ | ᠪᠠᠬᠢᠵᠢᠭᠦᠯᠦᠨ᠎ᠡ | ᠬᠠᠷᠢᠶ᠎ᠠ ᠣᠷᠣᠨ ᠤ ᠠᠵᠤ ᠠᠬᠤᠶᠢᠯᠠᠯ᠂ ᠡᠵᠡᠩᠨᠡᠯᠲᠡ ᠶᠢᠨ ᠨᠢᠭᠡᠴᠢ ᠳᠤ ᠠᠶᠤᠯᠭᠦᠢ ᠦᠢᠯᠡᠳᠪᠦᠷᠢᠯᠡᠯ ᠤᠨ | ᠪᠠᠶᠢᠴᠠᠭᠠᠯᠲᠠ ᠶᠢ ᠪᠠᠶᠢᠩᠭᠤᠵᠢᠭᠤᠯᠤᠨ ᠥᠷᠨᠢᠭᠦᠯᠵᠦ᠂ ᠡᠯ᠎ᠡ ᠲᠥᠷᠥᠯ ᠤᠨ ᠠᠵᠤ ᠠᠬᠤᠶᠢᠯᠠᠯ ᠢ 190 ᠡᠷᠦᠬᠡ ︵ | ᠤᠳᠠᠭ᠎ᠠ︶ ᠪᠠᠶᠢᠴᠠᠭᠠᠵᠤ᠂ ᠠᠰᠠᠭᠤᠳᠠᠯ ᠤᠨ ᠳᠠᠯᠳᠠ ᠭᠡᠮ ᠢ ᠢᠯᠡᠷᠡᠭᠦᠯᠦᠭᠰᠡᠨ 22 ᠭᠠᠵᠠᠷ ᠢ ᠴᠡᠭᠴᠡᠯᠡᠨ ᠵᠠᠰᠠᠵᠤ | ᠳᠠᠭᠤᠰᠬᠠᠪᠠ︔ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠲᠣᠭᠲᠠᠯᠴᠠᠭ᠎ᠠ ᠶᠢ ᠪᠠᠶᠢᠭᠤᠯᠵᠤ᠂ ᠪᠠᠴᠢᠮ | ᠪᠠᠶᠢᠳᠠᠯ ᠢ ᠠᠷᠭᠠᠴᠠᠭᠠᠬᠤ ᠲᠣᠣᠷ ᠰᠦᠯᠵᠢᠶ᠎ᠡ ᠪᠠ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠲᠧᠯᠸᠢᠰ 7 | ᠢᠵᠢ ᠲᠣᠬᠢᠷᠠᠭᠤᠯᠪᠠ︔ ᠪᠠᠶᠠᠨᠬᠤᠸᠠ ᠪᠠᠯᠭᠠᠰᠤᠨ ᠤ ᠰᠠᠶᠢᠨ ᠳᠤᠷ᠎ᠠ ᠶᠢᠨ ᠭᠠᠯ ᠤᠨᠲᠠᠷᠠᠭᠠᠬᠤ ᠠᠩᠭᠢ ᠶᠢ ᠫᠠᠶᠢᠰᠠ | ᠡᠯᠭᠦᠨ ᠪᠠᠶᠢᠭᠤᠯᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠦᠢᠯᠡᠴᠢᠯᠡᠭᠡᠨ ᠤ ᠲᠥᠪ ᠤᠨ ᠳᠦᠷᠢᠮ ᠤᠨ | ᠪᠠᠶᠢᠭᠤᠯᠤᠯᠲᠠ ᠶᠢ ᠲᠡᠭᠦᠯᠳᠡᠷᠵᠢᠭᠦᠯᠵᠦ᠂ 47 ᠬᠥᠮᠦᠨ ᠤ ᠶᠡᠷᠦᠩᠬᠡᠶᠢᠯᠡᠭᠰᠡᠨ ᠪᠠᠴᠢᠮ ᠪᠠᠶᠢᠳᠠᠯ ᠢ ᠠᠷᠭᠠᠴᠠᠭᠠᠵᠤ | ᠠᠪᠤᠷᠠᠨ ᠲᠤᠰᠠᠯᠠᠬᠤ ᠡᠩᠨᠡᠭᠡ ᠶᠢ ᠵᠣᠬᠢᠶᠠᠨ ᠪᠠᠶᠢᠭᠤᠯᠵᠤ᠂ ᠪᠦᠲᠦᠭᠡᠨ ᠪᠠᠶᠢᠭᠤᠯᠤᠯᠲᠠ ᠶᠢᠨ ᠰᠢᠯᠭᠠᠨ ᠠᠪᠬᠤ ᠠᠵᠢᠯ | ᠢ ᠲᠡᠭᠦᠰ ᠠᠮᠵᠢᠯᠲᠠ ᠲᠠᠢ ᠪᠡᠶᠡᠯᠡᠭᠦᠯᠪᠡ︔ ᠢᠳᠡᠭᠡᠨ ᠤ ᠡᠵᠡᠩᠨᠡᠯᠲᠡ ᠶᠢᠨ ᠭᠤᠣᠯ ᠴᠣᠭᠴᠠ ᠶᠢᠨ ᠡᠳᠦᠷ ᠲᠤᠲᠤᠮ | ᠤᠨ ᠬᠢᠨᠠᠨ ᠵᠢᠯᠣᠭᠤᠳᠤᠯᠭ᠎ᠠ ᠶᠢ ᠴᠢᠩᠭᠠᠳᠬᠠᠵᠤ᠂ ᠬᠠᠷᠢᠶ᠎ᠠ ᠣᠷᠣᠨ ᠤ ᠨᠡᠶᠢᠲᠡ 35 ᠡᠷᠦᠬᠡ ︵ᠤᠳᠠᠭ᠎ᠠ︶ | ᠢᠳᠡᠭᠡᠨ ᠤ ᠡᠵᠡᠩᠨᠡᠯᠲᠡ ᠶᠢᠨ ᠭᠤᠣᠯ ᠴᠣᠭᠴᠠ ᠶᠢ ᠬᠢᠨᠠᠨ ᠵᠢᠯᠣᠭᠤᠳᠴᠤ ᠪᠠᠶᠢᠴᠠᠭᠠᠵᠤ᠂ ᠬᠤᠰᠢᠭᠤᠨ ᠤ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠨ 1 ᠤᠳᠠᠭ᠎ᠠ ᠬᠠᠮᠲᠤᠷᠠᠭᠰᠠᠨ | ᠪᠠᠶᠢᠴᠠᠭᠠᠯᠲᠠ ᠥᠷᠨᠢᠭᠦᠯᠪᠡ᠃ | |