1 ᠳ᠋ᠦ᠋ᠭᠡᠷ ᠰᠠᠷ᠎ᠠ ᠶᠢᠨ 14 ᠤ ᠡᠳᠦᠷ ᠠᠴᠠ 15 ᠤ ᠡᠳᠦᠷ ᠪᠣᠯᠲᠠᠯ᠎ᠠ᠂ ᠤᠯᠤᠰ ᠲᠥᠷᠥ ᠶᠢᠨ ᠵᠥᠪᠯᠡᠯᠭᠡᠨ ᠤ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ᠂ | ᠳᠥᠷᠪᠡᠳᠦᠭᠡᠷ ᠤᠳᠠᠭᠠᠨ ᠤ ᠬᠤᠷᠠᠯᠳᠤᠭᠠᠨ ᠳᠤ ᠣᠷᠣᠯᠴᠠᠭᠰᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠢ | ᠵᠠᠭᠠᠭ ᠡᠲᠡᠭᠡᠳ ᠢᠶᠠᠷ ᠨᠢ ᠲᠠᠪᠤᠨ ᠶᠠᠷᠢᠯᠴᠠᠬᠤ ᠳᠤᠭᠤᠶᠢᠯᠠᠩ ᠪᠣᠯᠭᠠᠨ ᠬᠤᠪᠢᠶᠠᠪᠠ᠃ ᠵᠠᠰᠠᠭ ᠤᠨ ᠣᠷᠳᠣᠨ ᠤ | ᠠᠵᠢᠯ ᠤᠨ ᠢᠯᠡᠳᠬᠡᠯ᠂ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ | ᠵᠢᠴᠢ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠮᠡᠳᠡᠭᠦᠯᠦᠯᠲᠡ ᠵᠡᠷᠭᠡ ᠠᠭᠤᠯᠭ᠎ᠠ ᠶᠢᠨ ᠲᠣᠭᠤᠷᠢᠨ ᠳᠤ | ᠳᠤᠭᠤᠶᠢᠯᠠᠩ ᠬᠤᠪᠢᠶᠠᠨ ᠶᠠᠷᠢᠯᠴᠠᠪᠠ᠃ ᠳᠤᠭᠤᠶᠢᠯᠠᠩ ᠬᠤᠪᠢᠶᠠᠨ ᠶᠠᠷᠢᠯᠴᠠᠬᠤ ᠲᠤᠬᠠᠢ ᠶᠢᠨ ᠲᠠᠯᠠᠪᠠᠢ ᠶᠢᠨ ᠠᠭᠤᠷ | ᠠᠮᠢᠰᠬᠤᠯ ᠬᠦᠷ ᠬᠥᠭᠵᠢᠶᠡᠨ ᠲᠠᠢ ᠪᠠᠶᠢᠵᠤ᠂ ᠭᠡᠰᠢᠭᠦᠳ ᠢᠳᠡᠪᠬᠢᠲᠡᠢ ᠪᠠᠷ ᠶᠠᠷᠢᠶ᠎ᠠ ᠲᠠᠯᠪᠢᠵᠤ᠂ ᠢᠯᠡᠳᠬᠡᠯ ᠪᠠ | ᠪᠣᠳᠠᠲᠠᠢ ᠠᠵᠢᠯ ᠤᠨ ᠠᠮᠵᠢᠯᠲᠠ ᠪᠦᠲᠦᠮᠵᠢ ᠲᠠᠢ ᠤᠶᠠᠯᠳᠤᠭᠤᠯᠤᠨ᠂ ᠬᠥᠭᠵᠢᠯᠲᠡ ᠶᠢ ᠶᠠᠷᠢᠵᠤ᠂ ᠰᠠᠶᠢᠨ ᠠᠷᠭ᠎ᠠ | ᠪᠤᠳᠤᠯᠭ᠎ᠠ ᠳᠡᠪᠰᠢᠭᠦᠯᠪᠡ᠃ ᠤᠯᠠᠨ ᠢᠶᠠᠷ ᠢᠶᠠᠨ ᠶᠡᠬᠡᠳᠡ ᠵᠣᠷᠢᠭᠵᠢᠵᠤ᠂ ᠭᠤᠣᠯ ᠶᠡᠭᠡ ᠲᠠᠯ᠎ᠠ ᠶᠢᠨ ᠲᠣᠭᠤᠷᠢᠨ ᠳᠤ | ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ | ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠠᠷᠭ᠎ᠠ ᠤᠬᠠᠭᠠᠨ ᠭᠠᠷᠭᠠᠨ᠎ᠠ ᠭᠡᠵᠦ ᠢᠯᠡᠳᠬᠡᠵᠡᠭᠡᠪᠡ᠃ | | ᠲᠡᠳᠡᠨ ᠤ ᠶᠠᠭᠤ ᠶᠠᠷᠢᠭᠰᠠᠨ ᠢ ᠨᠢ ᠪᠢᠳᠡ ᠬᠠᠮᠲᠤ ᠪᠠᠷ ᠰᠣᠨᠣᠰᠴᠠᠭᠠᠶ᠎ᠠ᠃ | 01 ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠠᠲᠤᠬᠠᠭᠠᠯᠭ᠎ᠠ ᠪᠠᠯᠭᠠᠰᠤᠨ ᠤ ᠨᠠᠮ | ᠵᠠᠰᠠᠭ ᠤᠨ ᠬᠠᠮᠲᠤᠷᠠᠨ ᠠᠵᠢᠯᠯᠠᠬᠤ ᠠᠯᠪᠠᠨ ᠭᠡᠷ ᠤᠨ ᠨᠠᠷᠢᠨ ᠪᠢᠴᠢᠭᠡᠴᠢ ᠵᠠᠩ ᠪᠦᠦ ᠷᠦᠢ | ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠪᠣᠯ ᠲᠠᠷᠢᠶᠠᠯᠠᠩ ᠬᠥᠳᠡᠭᠡ ᠲᠣᠰᠬᠤᠨ ᠤ | ᠣᠳᠣᠬᠢᠴᠢᠯᠠᠯᠲᠠ ᠶᠢ ᠲᠦᠯᠬᠢᠨ ᠠᠬᠢᠭᠤᠯᠬᠤ᠂ ᠠᠵᠤ ᠦᠢᠯᠡᠰ ᠤᠨ ᠮᠠᠨᠳᠤᠯᠲᠠ ᠶᠢ ᠲᠦᠯᠬᠢᠨ ᠠᠬᠢᠭᠤᠯᠬᠤ᠂ | ᠮᠠᠯᠴᠢᠨ ᠲᠠᠷᠢᠶᠠᠴᠢᠨ ᠤ ᠬᠠᠮᠲᠤ ᠪᠠᠷ ᠪᠠᠶᠠᠵᠢᠬᠤ ᠶᠢ ᠪᠡᠶᠡᠯᠡᠭᠦᠯᠬᠦ ᠶᠢᠨ ᠵᠠᠩᠭᠢᠯᠠᠭ᠎ᠠ ᠮᠥᠨ᠃ ᠬᠤᠰᠢᠭᠤᠨ ᠤ ᠤᠯᠤᠰ | ᠲᠥᠷᠥ ᠶᠢᠨ ᠵᠥᠪᠯᠡᠯᠭᠡᠨ ᠤ ᠭᠡᠰᠢᠭᠦᠨ᠂ ᠪᠠᠲᠤᠬᠠᠭᠠᠯᠭ᠎ᠠ ᠪᠠᠯᠭᠠᠰᠤᠨ ᠤ ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ | ᠭᠡᠷ ᠤᠨ ᠨᠠᠷᠢᠨ ᠪᠢᠴᠢᠭᠡᠴᠢ ᠵᠠᠩ ᠪᠦᠦ ᠷᠦᠢ ᠮᠠᠨ ᠤ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ | ᠬᠥᠭᠵᠢᠯᠲᠡ ᠶᠢ ᠦᠷᠭᠦᠯᠵᠢᠯᠡᠨ ᠠᠩᠬᠠᠷᠴᠤ᠂ ᠲᠡᠷᠡ᠄ ︽ᠤᠯᠤᠰ ᠲᠥᠷᠥ ᠶᠢᠨ ᠵᠥᠪᠯᠡᠯᠭᠡᠨ ᠤ ᠵᠠᠯᠠᠭᠤ ᠭᠡᠰᠢᠭᠦᠨ | ᠪᠣᠯᠤᠭᠰᠠᠨ ᠤ ᠬᠤᠪᠢ ᠳᠤ᠂ ᠬᠠᠷᠢᠭᠤᠴᠠᠯᠭ᠎ᠠ ᠬᠦᠨᠳᠦ ᠶᠡᠭᠡ᠂ ᠡᠭᠦᠷᠭᠡ ᠢᠷᠠᠭᠤ ᠠᠯᠳᠠᠷ ᠲᠠᠢ ᠭᠡᠳᠡᠭ ᠢ ᠪᠢ | ᠭᠦᠨᠵᠡᠭᠡᠢ ᠣᠶᠢᠯᠠᠭᠠᠵᠤ ᠪᠠᠶᠢᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠠᠭ ᠦᠶ᠎ᠡ ᠶᠢᠨ ᠠᠬᠤᠢ | ᠪᠠᠶᠢᠳᠠᠯ ᠳᠣᠣᠷ᠎ᠠ᠂ ᠪᠢ ᠪᠣᠳᠠᠲᠤ ᠠᠵᠢᠯᠯᠠᠭ᠎ᠠ ᠪᠠᠷ ᠢᠶᠠᠨ ᠭᠡᠰᠢᠭᠦᠳ ᠤᠨ ᠡᠭᠦᠷᠭᠡ ᠬᠠᠷᠢᠭᠤᠴᠠᠯᠭ᠎ᠠ ᠶᠢ | ᠦᠢᠯᠡᠳᠦᠯᠭᠡᠵᠢᠭᠦᠯᠵᠦ᠂ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠢᠳᠡᠪᠬᠢᠲᠡᠢ ᠪᠠᠷ ᠰᠠᠨᠠᠯ ᠵᠥᠪᠯᠡᠯᠭᠡ | ᠳᠤᠷᠠᠳᠤᠨ ᠠᠷᠭ᠎ᠠ ᠪᠣᠳᠣᠯᠭ᠎ᠠ ᠳᠡᠪᠰᠢᠭᠦᠯᠵᠦ᠂ ᠲᠤᠬᠠᠶᠢᠯᠠᠭᠰᠠᠨ ᠠᠵᠢᠯ ᠳᠤ ᠪᠠᠨ ᠰᠠᠭᠤᠷᠢᠯᠠᠵᠤ᠂ ᠭᠤᠣᠯᠳᠠᠯᠭ᠎ᠠ | ᠲᠠᠢ ᠪᠠᠷ ︿ᠨᠢᠭᠡᠳᠦᠯᠲᠡᠢ ᠲᠠᠷᠢᠵᠤ ᠬᠠᠮᠲᠤ ᠪᠠᠷ ᠪᠠᠶᠠᠵᠢᠬᠤ﹀᠂ ︿ᠨᠢᠭᠡᠳᠦᠯᠲᠡᠢ ᠲᠡᠵᠢᠭᠡᠵᠦ ᠬᠠᠮᠲᠤ ᠪᠠᠷ ᠪᠠᠶᠠᠵᠢᠬᠤ﹀ | ᠬᠡᠪ ᠵᠠᠭᠪᠤᠷ ᠤᠨ ᠲᠣᠭᠤᠷᠢᠨ ᠳᠤ ︿ᠨᠢᠭᠡᠳᠦᠯᠲᠡᠢ ᠪᠣᠷᠣᠯᠠᠭᠤᠯᠵᠤ ᠬᠠᠮᠲᠤ ᠪᠠᠷ ᠪᠠᠶᠠᠵᠢᠬᠤ﹀ ᠠᠷᠭ᠎ᠠ ᠵᠠᠮ ᠢ | ᠰᠦᠪᠡᠭᠴᠢᠯᠡᠵᠦ᠂ ᠨᠢᠭᠡᠳᠦᠯᠲᠡᠢ ᠪᠣᠷᠣᠯᠠᠭᠤᠯᠬᠤ ᠲᠠᠪᠴᠠᠩ ᠢ ᠪᠠᠶᠢᠭᠤᠯᠬᠤ ᠪᠠᠷ ᠳᠠᠮᠵᠢᠭᠤᠯᠤᠨ᠂ ᠪᠣᠷᠣᠯᠠᠭᠤᠯᠭ᠎ᠠ ᠶᠢᠨ | ᠠᠷᠭ᠎ᠠ ᠵᠠᠮ ᠢ ᠥᠷᠭᠡᠳᠬᠡᠵᠦ᠂ ᠳᠤᠮᠳᠠᠬᠢ ᠭᠤᠭᠴᠤᠭ᠎ᠠ ᠶᠢ ᠪᠠᠭᠠᠰᠬᠠᠵᠤ᠂ ᠵᠠᠬ᠎ᠠ ᠳᠡᠯᠭᠡᠭᠦᠷ ᠤᠨ ᠠᠶᠤᠯ | ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠨᠡᠮᠡᠭᠳᠡᠭᠦᠯᠵᠦ᠂ ᠮᠠᠯᠴᠢᠨ ᠲᠠᠷᠢᠶᠠᠴᠢᠳ ᠲᠤ ᠪᠣᠳᠠᠲᠤ ᠠᠰᠢᠭ | ᠬᠦᠷᠲᠡᠭᠡᠵᠦ᠂ ᠮᠠᠨ ᠤ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠳᠤ ᠬᠦᠴᠦᠨ ᠴᠢᠳᠠᠯ ᠢᠶᠠᠨ | ᠡᠷᠭᠦᠬᠦ ᠪᠠᠷ ᠴᠢᠷᠮᠠᠶᠢᠨ᠎ᠠ︾ ᠭᠡᠵᠦ ᠬᠡᠯᠡᠪᠡ᠃ | 02 ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠬᠤᠰᠢᠭᠤᠨ ᠤ ᠨᠢᠭᠡᠳᠦᠮᠡᠯ ᠹᠷᠣᠨᠲ ᠤᠨ | ᠬᠤᠯᠪᠣᠭ᠎ᠠ ᠪᠠᠷᠢᠬᠤ ᠦᠢᠯᠡᠴᠢᠯᠡᠭᠡᠨ ᠤ ᠲᠥᠪ ᠤᠨ ᠡᠷᠬᠢᠯᠡᠭᠴᠢ ᠮᠣᠯᠣᠷ | ᠪᠣᠭᠤᠮᠲᠠ ᠶᠢᠨ ᠭᠠᠳᠠᠨᠠᠬᠢ ᠲᠠᠯ᠎ᠠ ᠨᠤᠲᠤᠭ᠂ ᠰᠡᠳᠬᠢᠯ ᠨᠢᠭᠡᠳᠦᠨ ᠬᠦᠰᠡᠯ ᠵᠡᠭᠦᠳᠦ ᠪᠠᠨ ᠲᠡᠷᠭᠡᠯᠰᠢᠭᠦᠯᠬᠦ | ᠠᠭᠤᠤ ᠶᠡᠭᠡ ᠠᠶᠠᠰ ᠢ ᠴᠤᠤᠷᠢᠶᠠᠲᠤᠭᠤᠯᠤᠨ᠎ᠠ︔ ᠬᠤᠪᠢᠰᠬᠠᠯᠲᠤ ᠥᠩ ᠰᠢᠮᠡᠯᠢᠭ ᠬᠥᠷᠥᠰᠥ᠂ ᠦᠨᠳᠦᠰᠦᠲᠡᠨ ᠤ | ᠪᠦᠯᠬᠦᠮᠳᠡᠯ ᠤᠨ ᠭᠤᠸ᠎ᠠ ᠰᠠᠶᠢᠬᠠᠨ ᠴᠡᠴᠡᠭ ᠢ ᠨᠡᠶᠢᠳᠡᠮ ᠳᠡᠯᠭᠡᠷᠡᠭᠦᠯᠦᠨ᠎ᠡ᠃ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠳᠤᠮᠳᠠ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ | ᠭᠡᠰᠢᠭᠦᠨ᠂ ᠬᠤᠰᠢᠭᠤᠨ ᠤ ᠨᠢᠭᠡᠳᠦᠮᠡᠯ ᠹᠷᠣᠨᠲ ᠤᠨ ᠬᠤᠯᠪᠣᠭ᠎ᠠ ᠪᠠᠷᠢᠬᠤ ᠦᠢᠯᠡᠴᠢᠯᠡᠭᠡᠨ ᠤ ᠲᠥᠪ ᠤᠨ ᠡᠷᠬᠢᠯᠡᠭᠴᠢ | ᠮᠣᠯᠣᠷ᠄ ︽ᠡᠯ᠎ᠡ ᠵᠦᠢᠯ ᠤᠨ ᠠᠵᠢᠯ ᠤᠨ ᠮᠡᠳᠡᠭᠦᠯᠦᠯᠲᠡ ᠶᠢ ᠰᠣᠨᠣᠰᠬᠤ ᠪᠠᠷ ᠳᠡᠮᠵᠢᠨ᠂ ᠪᠢ ᠪᠥᠬᠦ ᠬᠤᠰᠢᠭᠤᠨ ᠤ | ᠳᠡᠭᠡᠳᠦ ᠳᠣᠤᠷᠠᠳᠤ ᠱᠠᠲᠤᠨ ᠳᠤ ᠮᠠᠰᠢ ᠣᠯᠠᠨ ᠬᠦᠴᠢᠷᠳᠡᠯ ᠪᠠ ᠥᠷᠢᠰᠥᠯᠳᠦᠭᠡᠨ ᠳᠤ ᠲᠤᠯᠭᠠᠷᠠᠵᠤ ᠪᠠᠶᠢᠭ᠎ᠠ ᠪᠠᠶᠢᠳᠠᠯ | ᠳᠣᠤᠷ᠎ᠠ᠂ ᠪᠢᠳᠡ ᠬᠠᠮᠲᠤ ᠪᠠᠷ ᠴᠢᠷᠮᠠᠶᠢᠵᠤ᠂ ᠴᠢᠷᠮᠠᠶᠢᠨ ᠲᠡᠮᠡᠴᠡᠵᠦ᠂ ︿ᠰᠢᠢᠳᠪᠦᠷᠢᠯᠡᠭᠳᠡᠬᠦᠢ ᠰᠡᠳᠬᠢᠬᠦᠶ﹀ ᠶᠢ ᠪᠣᠶ | ᠪᠣᠯᠭᠠᠵᠤ᠂ ᠡᠯ᠎ᠡ ᠵᠦᠢᠯ ᠤᠨ ᠠᠵᠢᠯ ᠤᠨ ᠳᠤᠮᠳᠠ ᠴᠥᠮ ᠮᠠᠰᠢ ᠰᠠᠶᠢᠨ ᠦᠷ᠎ᠡ ᠪᠦᠲᠦᠭᠡᠯ ᠣᠯᠣᠭᠰᠠᠨ ᠭᠡᠳᠡᠭ ᠢ | ᠣᠶᠢᠯᠠᠭᠠᠵᠤ ᠮᠡᠳᠡᠪᠡ᠃ ᠵᠢᠱᠢᠶᠡᠯᠡᠪᠡᠯ᠂ ᠰᠢᠨ᠎ᠡ ᠡᠨᠧᠷᠭᠢ ᠶᠢᠨ ᠠᠵᠤ ᠦᠢᠯᠡᠰ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠦᠨᠳᠦᠰᠦᠲᠡᠨ ᠤ ᠪᠦᠯᠬᠦᠮᠳᠡᠯ | ᠲᠠᠪᠰᠢᠯᠳᠠ ᠶᠢ ᠡᠭᠦᠳᠦᠨ ᠪᠠᠶᠢᠭᠤᠯᠬᠤ ᠵᠡᠷᠭᠡ ᠠᠵᠢᠯ ᠤᠨ ᠳᠤᠮᠳᠠ᠂ ᠪᠢᠳᠡ ᠰᠢᠨ᠎ᠡ ᠰᠡᠳᠬᠢᠮᠵᠢ ᠶᠢ ᠬᠡᠷᠡᠭᠯᠡᠵᠦ᠂ | ᠰᠢᠨ᠎ᠡ ᠰᠢᠪᠲᠤᠯᠤᠯᠲᠠ ᠲᠠᠢ ᠪᠤᠯᠵᠤ᠂ ᠨᠠᠳᠠ ᠳᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠬᠥᠭᠵᠢᠯᠲᠡ ᠶᠢᠨ | ᠪᠠᠶᠢᠳᠠᠯ ᠮᠠᠰᠢ ᠢᠳᠡ ᠬᠦᠴᠦᠲᠡᠢ ᠪᠠᠶᠢᠨ᠎ᠠ ᠭᠡᠳᠡᠭ ᠢ ᠮᠡᠳᠡᠷᠡᠭᠦᠯᠪᠡ᠃ ᠳᠠᠷᠠᠭᠠᠴᠢ ᠶᠢᠨ ᠠᠯᠬᠤᠮ ᠳᠤ᠂ ᠪᠢ ᠤᠯᠤᠰ | ᠲᠦᠷᠦ ᠶᠢᠨ ᠵᠥᠪᠯᠡᠯᠭᠡᠨ ᠤ ᠭᠡᠰᠢᠭᠦᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠱᠤᠭᠤᠮ | ᠪᠣᠯᠭᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ | ᠲᠤᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ︾ ᠭᠡᠵᠦ ᠬᠡᠯᠡᠪᠡ | ᠃ | 03 ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠷᠧᠨ ᡁᠢ ᠡᠮᠨᠡᠯᠭᠡ ᠶᠢᠨ ᠬᠤᠷᠢᠶᠠᠨ ᠤ | ᠳᠠᠷᠤᠭ᠎ᠠ ᠳ᠋ᠦᠩ ᡁᠢ ᠷᠧᠨ | ︽ᠬᠤᠶᠠᠷ ᠵᠢᠯ ᠤᠨ ᠡᠮᠦᠨ᠎ᠡ ᠲᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠢᠭᠦᠬᠦ ᠬᠤᠷᠢᠶ᠎ᠠ ᠠᠴᠠ ︿ | ᠤᠯᠤᠰ ᠲᠦᠷᠦ ᠶᠢᠨ ᠵᠥᠪᠯᠡᠯᠭᠡᠨ + ᠰᠢᠭᠦᠬᠦ ᠬᠤᠷᠢᠶ᠎ᠠ﹀ ᠶᠢᠨ ᠬᠡᠷᠡᠭ ᠤᠨ ᠵᠠᠷᠭᠤ ᠡᠶᠡᠳᠡᠭᠦᠯᠬᠦ ᠬᠡᠪ ᠵᠠᠭᠪᠤᠷ ᠢ | ᠭᠠᠷᠭᠠᠵᠤ᠂ ᠠᠳᠠᠯᠢ ᠬᠤᠭᠤᠴᠠᠭᠠᠨ ᠳᠤ ᠪᠢ ᠪᠠᠰᠠ ︿ᠤᠯᠤᠰ ᠲᠦᠷᠦ ᠶᠢᠨ ᠵᠥᠪᠯᠡᠯᠭᠡᠨ + ᠰᠢᠭᠦᠬᠦ ᠬᠤᠷᠢᠶ᠎ᠠ﹀ ᠶᠢᠨ | ᠣᠨᠴᠠ ᠤᠷᠢᠭᠰᠠᠨ ᠡᠶᠡᠳᠡᠭᠦᠯᠦᠭᠴᠢ ᠪᠠᠷ ᠤᠷᠢᠭᠳᠠᠪᠠ᠃ ᠪᠢ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ | ᠲᠤᠰᠬᠠᠢ ᠮᠡᠷᠭᠡᠵᠢᠯ ᠤᠨ ᠳᠠᠪᠠᠭᠤᠯᠢᠭ ᠢ ᠰᠢᠭᠦᠬᠦ ᠬᠤᠷᠢᠶᠠᠨ ᠤ ᠬᠠᠤᠯᠢ ᠴᠠᠭᠠᠵᠠ ᠶᠢᠨ ᠡᠬᠢ ᠪᠠᠶᠠᠯᠢᠭ ᠲᠠᠢ | ᠤᠶᠠᠯᠳᠤᠭᠤᠯᠵᠤ᠂ ᠵᠢᠭᠤᠷᠠᠯᠳᠤᠭᠠᠨ ᠢ ᠰᠢᠢᠳᠪᠦᠷᠢᠯᠡᠬᠦ ᠦᠷ᠎ᠡ ᠪᠦᠲᠦᠮᠵᠢ ᠪᠠ ᠶᠠᠰᠤ ᠴᠢᠨᠠᠷ ᠢ ᠢᠯᠡᠳᠲᠡ | ᠳᠡᠭᠡᠭᠰᠢᠯᠡᠭᠦᠯᠦᠭᠰᠡᠨ ᠪᠠᠶᠢᠨ᠎ᠠ᠂ ᠪᠠᠰᠠ ᠨᠡᠶᠢᠭᠡᠮ ᠤᠨ ᠵᠠᠰᠠᠯᠲᠠ ᠶᠢᠨ ᠬᠠᠮᠵᠢᠯᠴᠠᠬᠤ ᠴᠢᠨᠠᠷ ᠪᠠ ᠰᠢᠨ᠎ᠡ ᠶᠢ ᠡᠭᠦᠳᠬᠦ | ᠴᠢᠨᠠᠷ ᠢ ᠨᠡᠮᠡᠭᠳᠡᠭᠦᠯᠪᠡ᠂ ᠡᠶᠢᠮᠦᠷᠬᠦ ᠵᠠᠷᠭᠤ ᠶᠢ ᠡᠶᠡᠳᠡᠭᠦᠯᠬᠦ ᠶᠢ ᠵᠣᠯᠭᠠᠭᠤᠯᠬᠤ ᠲᠣᠭᠲᠠᠴᠠ ᠨᠢ ᠰᠢᠭᠦᠬᠦ ᠬᠤᠷᠢᠶᠠᠨ ᠤ | ᠰᠢᠭᠦᠨ ᠲᠠᠰᠤᠯᠬᠤ ᠳᠠᠷᠤᠭᠠᠰᠤ ᠶᠢ ᠬᠥᠩᠭᠡᠷᠡᠭᠦᠯᠦᠭᠰᠡᠨ ᠮᠥᠷᠲᠡᠭᠡᠨ ᠪᠠᠰᠠ ᠲᠤᠬᠠᠢ ᠶᠢᠨ ᠬᠥᠮᠦᠨ ᠳᠤ ᠨᠡᠩ | ᠠᠮᠢᠳᠤᠯᠢᠭ᠂ ᠨᠡᠩ ᠳᠥᠭᠦᠮ ᠳᠥᠲᠡ᠂ ᠥᠪᠡᠷ ᠤᠨ ᠦᠷᠳᠡᠭ ᠨᠢ ᠳᠣᠣᠷ᠎ᠠ ᠵᠢᠭᠤᠷᠠᠯᠳᠤᠭᠠᠨ ᠢ ᠰᠢᠢᠳᠪᠦᠷᠢᠯᠡᠬᠦ | ᠠᠷᠭ᠎ᠠ ᠬᠡᠯᠪᠡᠷᠢ ᠶᠢ ᠬᠠᠩᠭᠠᠭᠰᠠᠨ ᠪᠠᠶᠢᠨ᠎ᠠ︾᠃ ︽ᠤᠯᠤᠰ ᠲᠥᠷᠥ ᠶᠢᠨ ᠵᠥᠪᠯᠡᠯᠭᠡᠨ + ᠰᠢᠭᠦᠬᠦ ᠬᠤᠷᠢᠶ᠎ᠠ︾ ᠶᠢᠨ | ᠡᠶᠡᠳᠡᠭᠦᠯᠬᠦ ᠬᠡᠪ ᠵᠠᠭᠪᠤᠷ ᠳᠣᠤᠷ᠎ᠠ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠷᠧᠨ ᡁᠢ | ᠡᠮᠨᠡᠯᠭᠡ ᠶᠢᠨ ᠬᠤᠷᠢᠶᠠᠨ ᠤ ᠳᠠᠷᠤᠭ᠎ᠠ ᠳ᠋ᠦᠩ ᡁᠢ ᠷᠧᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠣᠯᠠᠨ | ᠲᠦᠮᠡᠨ ᠲᠠᠢ ᠨᠢᠭᠲᠠ ᠬᠠᠷᠢᠯᠴᠠᠬᠤ᠂ ᠣᠯᠠᠨ ᠲᠦᠮᠡᠨ ᠤ ᠠᠵᠢᠯ ᠢ ᠴᠢᠳᠠᠮᠠᠭᠠᠶ ᠪᠠᠷ ᠬᠢᠬᠦ ᠳᠠᠪᠠᠭᠤᠯᠢᠭ ᠢ ᠭᠦᠢᠴᠡᠳ | ᠪᠠᠳᠠᠷᠠᠭᠤᠯᠵᠤ᠂ ᠰᠢᠭᠦᠬᠦ ᠬᠤᠷᠢᠶᠠᠨ ᠤ ᠵᠠᠭᠠᠯᠳᠤᠬᠤ ᠠᠴᠠ ᠡᠮᠦᠨᠡᠬᠢ ᠡᠶᠡᠳᠡᠭᠦᠯᠬᠦ ᠠᠵᠢᠯ ᠳᠤ ᠣᠯᠠᠨ ᠲᠦᠮᠡᠨ ᠤ | ᠰᠠᠭᠤᠷᠢ ᠶᠢ ᠥᠷᠭᠡᠳᠬᠡᠵᠦ᠂ ᠰᠠᠶᠢᠨ ᠰᠠᠶᠢᠬᠠᠨ ᠨᠡᠶᠢᠭᠡᠮ ᠤᠨ ᠦᠷ᠎ᠡ ᠪᠦᠲᠦᠮᠵᠢ ᠣᠯᠤᠭᠰᠠᠨ ᠪᠠᠶᠢᠨ᠎ᠠ᠃ ᠲᠡᠷᠡ᠄ ︽ | 2025 ᠣᠨ ᠳᠤ᠂ ᠪᠢ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠲᠤᠰᠬᠠᠶ ᠮᠡᠷᠭᠡᠵᠢᠯ ᠤᠨ ᠳᠠᠪᠠᠭᠤᠯᠢᠭ | ᠢᠶᠠᠨ ᠦᠷᠭᠦᠯᠵᠢᠯᠡᠨ ᠪᠠᠳᠠᠷᠠᠭᠤᠯᠵᠤ᠂ ︿ᠤᠯᠤᠰ ᠲᠥᠷᠥ ᠶᠢᠨ ᠵᠥᠪᠯᠡᠯᠭᠡᠨ + ᠰᠢᠭᠦᠬᠦ ᠬᠤᠷᠢᠶ᠎ᠠ﹀ ᠶᠢᠨ ᠬᠡᠪ | ᠵᠠᠭᠪᠤᠷ ᠢᠶᠠᠷ ᠳᠠᠮᠵᠢᠭᠤᠯᠤᠨ᠂ ᠬᠡᠷᠡᠭ ᠢ ᠡᠶᠡᠳᠡᠭᠦᠯᠬᠦ ᠶᠢᠨ ᠠᠮᠵᠢᠯᠲᠠ ᠤᠯᠬᠤ ᠨᠣᠷᠮ᠎ᠠ ᠶᠢ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠡᠶᠡᠳᠡᠭᠦᠯᠬᠦ ᠦᠶᠡᠯᠡᠯ ᠤᠨ ᠬᠤᠭᠤᠴᠠᠭ᠎ᠠ ᠶᠢ ᠪᠣᠭᠤᠨᠢᠰᠬᠠᠬᠤ ᠪᠠᠷ ᠴᠢᠷᠮᠠᠶᠢᠵᠤ᠂ ᠬᠡᠷᠡᠭ ᠢ | ᠵᠠᠷᠭᠤ ᠶᠢᠨ ᠴᠤᠪᠤᠷᠠᠯ ᠳᠤ ᠣᠷᠣᠭᠤᠯᠬᠤ ᠲᠤᠭ᠎ᠠ ᠬᠡᠮᠵᠢᠶ᠎ᠡ ᠶᠢ ᠪᠠᠭᠠᠰᠬᠠᠨ᠎ᠠ᠃ ᠡᠭᠦᠨ ᠤ ᠬᠠᠮᠲᠤ ᠦᠢᠯᠡᠳᠦᠯᠭᠡ ᠶᠢᠨ | ᠳᠤᠮᠳᠠ ᠲᠤᠷᠰᠢᠯᠭ᠎ᠠ ᠪᠠᠨ ᠢᠳᠡᠪᠬᠢᠲᠡᠢ ᠰᠦᠪᠡᠭᠴᠢᠯᠡᠨ ᠳ᠋ᠦᠩᠨᠡᠵᠦ᠂ ᠵᠥᠷᠢᠴᠡᠯ ᠵᠢᠭᠤᠷᠠᠯᠳᠤᠭᠠᠨ ᠢ ᠤᠯᠠᠨ | ᠡᠰᠢᠴᠢᠯᠡᠨ ᠰᠢᠢᠳᠪᠦᠷᠢᠯᠡᠬᠦ ᠲᠣᠭᠲᠠᠴᠠ ᠶᠢ ᠰᠢᠯᠢᠳᠡᠭᠵᠢᠭᠦᠯᠬᠦ ᠪᠠ ᠰᠢᠨ᠎ᠡ ᠶᠢ ᠡᠭᠦᠳᠬᠦ ᠶᠢ ᠠᠬᠢᠭᠤᠯᠬᠤ ᠳᠤ | ᠥᠪᠡᠷ ᠤᠨ ᠬᠤᠪᠢ ᠨᠡᠮᠡᠷᠢ ᠪᠠᠨ ᠦᠵᠡᠭᠦᠯᠦᠨ᠎ᠡ︾ ᠭᠡᠵᠦ ᠢᠯᠡᠳᠬᠡᠪᠡ᠃ | 04 ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠳᠠᠷᠬᠠᠨ ᠮᠤᠤᠮᠢᠩᠭᠠᠨ ᠬᠤᠰᠢᠭᠤᠨ ᠤ | ᠪᠸᠢ ᠱᠧᠩ ᠺᠠᠩ ᠠᠭᠤᠷᠬᠠᠢ ᠶᠢᠨ ᠦᠢᠯᠡᠰ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠸᠠᠩ ᠹᠦ᠋ ᠯᠢ | ᠠᠭᠤᠷᠬᠠᠶ ᠶᠢᠨ ᠣᠷᠣᠨ ᠤ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠠᠵᠢᠯᠲᠠᠨ | ᠠᠵᠢᠯᠴᠢᠨ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠤᠨ᠂ ᠠᠵᠢᠯᠲᠠᠨ | ᠠᠵᠢᠯᠴᠢᠨ ᠤ ᠵᠣᠯ ᠵᠢᠷᠭᠠᠯᠲᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠢ ᠤᠯᠠᠮ ᠨᠢᠭᠡ ᠠᠯᠬᠤᠮ | ᠳᠡᠭᠡᠭᠰᠢᠯᠡᠭᠦᠯᠬᠦ ᠶᠢᠨ ᠲᠦᠯᠦᠭᠡ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠳᠠᠷᠬᠠᠨ | ᠮᠤᠤᠮᠢᠩᠭᠠᠨ ᠬᠤᠯᠪᠣᠭᠠᠲᠤ ᠬᠤᠰᠢᠭᠤᠨ ᠤ ᠪᠸᠢ ᠱᠧᠩ ᠺᠠᠩ ᠠᠭᠤᠷᠬᠠᠶ ᠶᠢᠨ ᠦᠢᠯᠡᠰ ᠤᠨ ᠬᠢᠵᠠᠭᠠᠷᠲᠤ ᠺᠣᠮᠫᠠᠨᠢ ᠶᠢᠨ | ᠶᠡᠷᠦᠩᠬᠡᠶ ᠳᠠᠭᠠᠭᠠᠮᠠᠯ ᠸᠠᠩ ᠹᠦ᠋ ᠯᠢ᠄ ︽ᠡᠯ᠎ᠡ ᠵᠦᠢᠯ ᠤᠨ ᠠᠵᠢᠯ ᠤᠨ ᠮᠡᠳᠡᠭᠦᠯᠦᠯᠲᠡ ᠶᠢ ᠬᠢᠴᠢᠶᠡᠩᠭᠦᠶᠢᠯᠡᠨ | ᠰᠣᠨᠣᠰᠤᠭᠠᠳ ᠮᠢᠨᠦ ᠲᠥᠷᠥᠭᠳᠡᠯ ᠮᠠᠰᠢ ᠭᠦᠨᠵᠡᠭᠡᠶ ᠪᠠᠶᠢᠨ᠎ᠠ᠃ 2024 ᠣᠨ ᠳᠠᠬᠢ ᠬᠤᠰᠢᠭᠤᠨ ᠤ ᠤᠯᠤᠰ | ᠲᠥᠷᠥ ᠶᠢᠨ ᠵᠥᠪᠯᠡᠯᠭᠡᠨ ᠤ ᠠᠵᠢᠯ ᠤᠨ ᠳ᠋ᠦᠩᠨᠡᠯᠲᠡ ᠨᠢ ᠦᠨᠡᠨ ᠠᠴᠠ ᠵᠥᠪ ᠢ ᠡᠷᠢᠵᠦ᠂ 2025 ᠣᠨ ᠳᠠᠬᠢ | ᠠᠵᠢᠯ ᠤᠨ ᠬᠠᠷᠠᠯᠲᠠ ᠶᠢ ᠲᠣᠪᠴᠢ ᠠᠪᠰᠠᠷᠬᠠᠨ ᠪᠥᠭᠡᠳ ᠪᠥᠬᠦ ᠲᠠᠯ᠎ᠠ ᠪᠠᠷ ᠤᠬᠠᠭᠠᠯᠠᠨ ᠲᠥᠯᠥᠪᠯᠡᠵᠦ᠂ ᠠᠷᠭ᠎ᠠ | ᠬᠡᠮᠵᠢᠶ᠎ᠡ ᠲᠤᠭᠲᠠᠭᠠᠭᠰᠠᠨ ᠨᠢ ᠦᠨᠡᠨ ᠬᠦ ᠶᠠᠪᠤᠭᠳᠠᠭᠤᠰᠢᠲᠠᠶ᠂ ᠬᠡᠮᠵᠢᠶᠡᠵᠢᠭᠦᠯᠦᠭᠰᠡᠨ ᠠᠵᠢᠯ ᠨᠢ ᠮᠠᠰᠢ ᠪᠣᠳᠠᠲᠠᠶ | ᠪᠠᠶᠢᠵᠤ᠂ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠰᠢᠢᠳᠪᠦᠷᠢ ᠳᠤ ᠰᠠᠨᠠᠯ ᠵᠥᠪᠯᠡᠯᠭᠡ ᠳᠤᠷᠠᠳᠤᠨ ᠠᠷᠭ᠎ᠠ ᠪᠣᠳᠣᠯᠭ᠎ᠠ ᠳᠡᠪᠰᠢᠭᠦᠯᠬᠦ ᠠᠵᠢᠯ ᠤᠨ ᠪᠠᠶᠢᠷᠢ | ᠲᠣᠭᠲᠠᠭᠠᠯᠲᠠ ᠶᠢ ᠭᠦᠢᠴᠡᠳ ᠢᠯᠡᠷᠡᠭᠦᠯᠪᠡ᠃ ︿ᠬᠤᠶᠠᠷ ᠬᠤᠷᠠᠯ﹀ ᠤᠨ ᠬᠤᠭᠤᠴᠠᠭᠠᠨ ᠳᠤ᠂ ᠪᠢ ︿ᠲᠡᠭ | ᠨᠡᠭᠦᠷᠡᠰᠦᠲᠥ᠋ᠷᠥᠭᠴᠢᠳᠤ ᠬᠦᠷᠢᠶᠡᠯᠡᠩ ᠲᠣᠭᠤᠷᠢᠭ ᠤᠨ ᠵᠠᠮ ᠢ ᠭᠤᠶᠤᠵᠢᠭᠤᠯᠬᠤ᠂ ᠭᠡᠷᠡᠯᠲᠦᠭᠦᠯᠬᠦ︾ ᠵᠡᠷᠭᠡ ᠰᠠᠨᠠᠯ | ᠳᠤᠷᠠᠳᠤᠯᠭ᠎ᠠ ᠶᠢ ᠲᠤᠰᠢᠶᠠᠪᠠ᠃ ᠳᠠᠷᠠᠭᠠᠴᠢ ᠶᠢᠨ ᠠᠵᠢᠯ ᠤᠨ ᠳᠤᠮᠳᠠ᠂ ᠪᠢ ᠠᠵᠢᠯ ᠤᠨ ᠪᠠᠶᠢᠷᠢ ᠳᠤ ᠪᠠᠨ | ᠰᠠᠭᠤᠷᠢᠯᠠᠵᠤ᠂ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠵᠦ᠂ ᠠᠷᠠᠳ ᠤᠨ ᠰᠠᠨᠠᠭ᠎ᠠ ᠶᠢ ᠨᠠᠷᠢᠨ ᠬᠢᠨᠠᠮᠠᠭᠠᠢ | ᠰᠣᠨᠣᠰᠴᠤ᠂ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠪᠣᠳᠣᠯᠭ᠎ᠠ ᠳᠡᠪᠰᠢᠭᠦᠯᠦᠨ᠎ᠡ︾ ᠭᠡᠵᠦ | ᠢᠯᠡᠳᠬᠡᠪᠡ᠃ |