ᠬᠤᠶᠠᠷ ᠬᠤᠷᠠᠯ ᠳᠤ ᠠᠩᠬᠠᠷᠤᠯ ᠢᠶᠠᠨ ᠲᠥᠪᠯᠡᠷᠡᠭᠦᠯᠦᠶ᠎ᠡ — ᠠᠮᠵᠢᠯᠲᠠ ᠪᠠᠨ ᠶᠠᠷᠢᠵᠤ᠂ ᠬᠥᠭᠵᠢᠯᠲᠡ ᠶᠢ ᠶᠠᠷᠢᠯᠴᠠᠵᠤ᠂ ᠠᠷᠭ᠎ᠠ ᠪᠣᠳᠣᠯᠭ᠎ᠠ ᠳᠡᠪᠰᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠠᠭᠠᠬᠢᠵᠤ ᠶᠠᠷᠢᠭᠰᠠᠨ ᠢ ᠨᠢ ᠰᠣᠨᠣᠰᠤᠶ᠎ᠠ
ᠨᠡᠶᠢᠲᠡᠯᠡᠭᠰᠡᠨ ᠴᠠᠭ᠄
2025/1/18
      ᠠᠮᠵᠢᠯᠲᠠ ᠪᠠᠨ ᠦᠵᠡᠵᠦ᠂ ᠬᠥᠮᠥᠰ ᠢ ᠵᠣᠷᠢᠭᠵᠢᠭᠤᠯᠤᠨ᠂ ᠢᠷᠡᠭᠡᠳᠦᠢ ᠪᠠᠨ ᠶᠠᠷᠢᠵᠤ᠂ ᠢᠲᠡᠭᠡᠯ ᠵᠣᠷᠢᠭ  ᠢᠶᠠᠨ ᠪᠠᠲᠤᠳᠬᠠᠨᠠᠮ᠃ 1 ᠳ᠋ᠦ᠋ᠭᠡᠷ ᠰᠠᠷ᠎ᠠ ᠶᠢᠨ 15  ᠤ ᠡᠳᠦᠷ ᠠᠴᠠ 16  ᠤ ᠡᠳᠦᠷ ᠪᠣᠯᠲᠠᠯ᠎ᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ  ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠳᠤ ᠣᠷᠣᠯᠴᠠᠭᠰᠠᠨ ᠲᠥᠯᠥᠭᠡᠯᠡᠭᠴᠢᠳ ᠡᠯ᠎ᠡ ᠵᠦᠢᠯ ᠤᠨ ᠠᠵᠢᠯ ᠤᠨ ᠮᠡᠳᠡᠭᠦᠯᠦᠯᠲᠡ ᠶᠢᠨ ᠲᠣᠭᠤᠷᠢᠨ ᠳᠤ ᠳᠤᠭᠤᠶᠢᠯᠠᠩ ᠬᠤᠪᠢᠶᠠᠨ ᠶᠠᠷᠢᠯᠴᠠᠪᠠ᠃ ᠶᠠᠷᠢᠯᠴᠠᠭᠠᠨ ᠤ ᠠᠬᠤᠢ ᠲᠠᠯᠠᠪᠠᠶ ᠶᠢᠨ ᠠᠭᠤᠷ ᠠᠮᠢᠰᠬᠤᠯ ᠬᠥᠷ ᠬᠥᠭᠵᠢᠶᠡᠨ ᠲᠠᠢ ᠪᠠᠶᠢᠵᠤ᠂ ᠲᠥᠯᠥᠭᠡᠯᠡᠭᠴᠢᠳ ᠤᠯᠤᠰ ᠲᠥᠷᠥ ᠶᠢᠨ ᠤᠬᠠᠮᠰᠠᠷ᠂ ᠬᠠᠷᠢᠭᠤᠴᠠᠯᠭ᠎ᠠ ᠶᠢᠨ ᠤᠬᠠᠮᠰᠠᠷ ᠪᠠ ᠲᠥᠯᠥᠭᠡᠯᠡᠭᠴᠢ ᠶᠢᠨ ᠤᠬᠠᠮᠰᠠᠷ ᠢᠶᠠᠷ ᠥᠪᠡᠷ ᠥᠪᠡᠷ ᠤᠨ ᠰᠠᠨᠠᠯ ᠢᠶᠠᠨ ᠶᠠᠷᠢᠵᠤ᠂ ᠪᠤᠳᠤᠭᠰᠠᠨ ᠢᠶᠠᠨ ᠠᠭᠤᠵᠢᠷᠠᠲᠠᠯ᠎ᠠ ᠶᠠᠷᠢᠪᠠ᠃       ᠲᠥᠯᠥᠭᠡᠯᠡᠭᠴᠢᠳ ᠲᠤᠰ ᠪᠡᠶ᠎ᠡ ᠶᠢᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠠᠵᠤ ᠦᠢᠯᠡᠰ ᠤᠨ ᠬᠥᠭᠵᠢᠯᠲᠡ᠂ ᠰᠤᠷᠭᠠᠨ ᠬᠥᠮᠦᠵᠢᠯ ᠡᠮᠴᠢᠯᠡᠭᠡ᠂ ᠬᠤᠳᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠪᠠᠷ᠂ ᠠᠰᠠᠭᠤᠳᠠᠯ ᠢ ᠶᠠᠷᠢᠯᠴᠠᠵᠤ᠂ ᠠᠷᠭᠠᠴᠠᠭᠠᠬᠤ ᠪᠣᠳᠣᠯᠭ᠎ᠠ ᠡᠷᠢᠵᠦ᠂ ᠰᠠᠨᠠᠭᠤᠯᠭ᠎ᠠ ᠳᠤᠷᠠᠳᠴᠤ᠂  ᠬᠥᠭᠵᠢᠯᠲᠡ ᠶᠢᠨ ᠲᠤᠬᠠᠢ ᠶᠠᠷᠢᠵᠤ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠪᠣᠳᠣᠯᠭ᠎ᠠ ᠭᠠᠷᠭᠠᠪᠠ᠃       01 ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ   ᠪᠠᠲᠤᠬᠠᠭᠠᠯᠭ᠎ᠠ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ   ᠲᠤᠶᠠᠭ᠎ᠠ      ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ᠂ ᠠᠷᠠᠳ ᠤᠨ ᠠᠮᠢᠳᠤᠷᠠᠯ ᠤᠨ ᠰᠠᠭᠤᠷᠢ ᠶᠢ ᠪᠠᠬᠢᠵᠢᠭᠦᠯᠬᠦ ᠢᠨᠵᠧᠨᠧᠷᠢᠩ ᠢ ᠬᠡᠷᠡᠭᠵᠢᠭᠦᠯᠵᠦ᠂ ᠤᠯᠠᠨ ᠲᠦᠮᠡᠨ ᠤ ᠪᠠᠴᠢᠮ ᠬᠦᠴᠢᠷ ᠵᠣᠪᠠᠨᠢᠯ ᠡᠷᠡᠮᠡᠯᠵᠡᠯ ᠤᠨ ᠠᠰᠠᠭᠤᠳᠠᠯ ᠢ ᠰᠢᠢᠳᠪᠦᠷᠢᠯᠡᠬᠦ ᠲᠠᠯ᠎ᠠ ᠪᠠᠷ ᠬᠦᠴᠦ ᠪᠠᠨ ᠲᠥᠪᠯᠡᠷᠡᠭᠦᠯᠦᠨ ᠪᠣᠭᠤᠮᠲᠠ ᠰᠢᠪᠲᠤᠯᠬᠤ ᠬᠡᠷᠡᠭᠲᠡᠢ᠃ ᠰᠤᠷᠭᠠᠨ ᠬᠥᠮᠦᠵᠢᠯ ᠢᠶᠠᠷ ᠬᠤᠰᠢᠭᠤ ᠪᠠᠨ ᠬᠦᠴᠦᠷᠬᠡᠭᠵᠢᠭᠦᠯᠬᠦ᠂ ᠡᠮᠴᠢᠯᠡᠭᠡ ᠪᠠᠷ ᠬᠤᠰᠢᠭᠤ ᠪᠠᠨ ᠬᠠᠷᠠᠭᠠᠯᠵᠠᠬᠤ᠂ ᠰᠣᠶᠣᠯ ᠢᠶᠠᠷ ᠬᠤᠰᠢᠭᠤ ᠪᠠᠨ ᠤᠮᠳᠠᠯᠠᠬᠤ ᠶᠢ ᠠᠳᠠᠯᠢ ᠴᠢᠭᠯᠡᠯ ᠢᠶᠠᠷ ᠬᠦᠴᠦᠯᠡᠬᠦ ᠶᠢ ᠪᠠᠷᠢᠮᠲᠠᠯᠠᠵᠤ᠂ ᠨᠢᠭᠡ ᠪᠦᠯᠦᠭ ᠤᠯᠠᠨ ᠲᠦᠮᠡᠨ ᠳᠤ ᠮᠡᠳᠡᠷᠡᠭᠳᠡᠬᠦᠶᠢᠴᠡ ᠬᠦᠷᠬᠦᠶᠢᠴᠡ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠦᠷᠭᠦᠯᠵᠢᠯᠡᠨ ᠰᠠᠶᠢᠲᠤᠷ ᠬᠢᠵᠦ᠂ ᠠᠷᠠᠳ ᠤᠨ ᠵᠣᠪᠠᠨᠢᠯ ᠢ ᠵᠠᠪᠠᠯ ᠪᠣᠳᠣᠯᠬᠢᠯᠠᠬᠤ᠂ ᠠᠷᠠᠳ ᠤᠨ ᠬᠦᠰᠡᠯ ᠢ ᠵᠠᠪᠠᠯ ᠪᠡᠶᠡᠯᠡᠭᠦᠯᠬᠦ ᠶᠢ ᠦᠨᠡᠨ ᠬᠦ ᠪᠡᠶᠡᠯᠡᠭᠦᠯᠬᠦ ᠬᠡᠷᠡᠭᠲᠡᠢ ᠭᠡᠵᠦ ᠳᠤᠷᠠᠳᠪᠠ᠃ ᠪᠠᠲᠤᠬᠠᠭᠠᠯᠭ᠎ᠠ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠲᠤᠶᠠᠭ᠎ᠠ᠄ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠥᠩᠭᠡᠷᠡᠭᠰᠡᠨ ᠨᠢᠭᠡ ᠵᠢᠯ ᠤᠨ ᠠᠮᠵᠢᠯᠲᠠ ᠶᠢ ᠪᠦᠬᠦ ᠲᠠᠯ᠎ᠠ ᠪᠠᠷ ᠳ᠋ᠦᠩᠨᠡᠭᠰᠡᠨ ᠤ ᠬᠠᠮᠲᠤ 2025 ᠣᠨ ᠤ ᠬᠥᠭᠵᠢᠯᠲᠡ ᠶᠢᠨ ᠵᠢᠷᠤᠭ ᠲᠥᠯᠥᠪᠯᠡᠭᠡ ᠶᠢ ᠲᠣᠳᠣᠷᠬᠠᠢ ᠵᠢᠷᠤᠭᠯᠠᠵᠤ᠂ ᠬᠥᠮᠥᠰ ᠤᠨ ᠰᠡᠳᠬᠢᠯ ᠢ ᠵᠣᠷᠢᠭᠵᠢᠭᠤᠯᠵᠤ᠂ ᠡᠷᠡᠯᠬᠡᠭᠯᠡᠨ ᠤᠷᠤᠭᠰᠢᠯᠠᠬᠤ ᠶᠢ ᠬᠥᠪᠴᠢᠯᠡᠪᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠤᠭᠰᠠᠨ ᠤ ᠬᠤᠪᠢ ᠳᠤ᠂ ᠪᠢ ᠮᠥᠷᠥᠨ ᠳᠡᠭᠡᠷᠡᠬᠢ ᠬᠠᠷᠢᠭᠤᠴᠠᠯᠭ᠎ᠠ ᠪᠣᠯᠣᠨ ᠡᠭᠦᠷᠭᠡ  ᠪᠠᠨ ᠭᠦᠨᠵᠡᠭᠡᠢ ᠮᠡᠳᠡᠷᠡᠪᠡ᠃ ᠬᠤᠶᠢᠰᠢᠳᠠ ᠶᠢᠨ ᠠᠵᠢᠯ ᠤᠨ ᠳᠤᠮᠳᠠ ᠪᠢ ᠲᠣᠰ ᠤᠳᠠᠭᠠᠨ ᠤ ᠬᠤᠷᠠᠯ ᠢᠶᠠᠷ ᠵᠢᠯᠣᠭᠤᠳᠤᠯᠭ᠎ᠠ ᠪᠣᠯᠭᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠦᠷᠭᠦᠯᠵᠢᠯᠡᠨ ᠳᠡᠭᠡᠭᠰᠢᠯᠡᠭᠦᠯᠵᠦ᠂ ᠨᠠᠩ ᠣᠯᠠᠨ ᠠᠷᠠᠳ ᠤᠨ ᠠᠮᠢᠳᠤᠷᠠᠯ ᠤᠨ ᠲᠥᠷᠥᠯ ᠵᠦᠢᠯ ᠢ ᠨᠠᠶᠢᠳᠠᠪᠤᠷᠢᠵᠢᠭᠤᠯᠤᠨ᠂ ᠪᠥᠬᠦ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ︾ ᠭᠡᠵᠦ ᠬᠡᠯᠡᠪᠡ᠃       02 ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠡᠪᠯᠡᠯ ᠤᠨ ᠬᠤᠰᠢᠭᠤᠨ ᠤ ᠨᠠᠮ ᠤᠨ ᠬᠤᠷᠢᠶᠠᠨ ᠤ ᠱᠦᠵᠢ   ᠠᠯᠲᠠᠨᠪᠣᠳᠢ      ᠵᠠᠯᠠᠭᠤᠴᠤᠳ ᠪᠣᠯ ᠤᠯᠤᠰ ᠣᠷᠣᠨ ᠤ ᠬᠦᠰᠡᠯ ᠡᠷᠡᠮᠡᠯᠵᠡᠯ᠂ ᠦᠨᠳᠦᠰᠦᠲᠡᠨ ᠤ ᠢᠷᠡᠭᠡᠳᠦᠢ ᠮᠥᠨ᠃ ᠡᠪᠯᠡᠯ ᠤᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠠᠯᠲᠠᠨᠪᠣᠳᠢ᠄ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ ᠨᠢ ᠥᠩᠭᠡᠷᠡᠭᠰᠡᠨ ᠢᠶᠠᠨ ᠡᠷᠭᠢᠴᠡᠭᠦᠯᠵᠦ᠂ ᠢᠷᠡᠭᠡᠳᠦᠢ ᠪᠠᠨ ᠪᠠᠷᠠᠯᠠᠵᠤ᠂ ᠬᠥᠮᠥᠰ ᠤᠨ ᠰᠡᠳᠬᠢᠯ ᠢ  ᠵᠣᠷᠢᠭᠵᠢᠭᠤᠯᠪᠠ᠂ ᠢᠯᠡᠳᠬᠡᠯ ᠳᠤ ᠰᠢᠨ᠎ᠡ ᠴᠠᠭ ᠦᠶ᠎ᠡ ᠶᠢᠨ ᠵᠠᠯᠠᠭᠤ ᠴᠢᠳᠠᠪᠤᠷᠢᠲᠠᠨ ᠤ ᠠᠵᠢᠯ ᠤᠨ ᠭᠤᠣᠯ ᠡᠭᠦᠷᠭᠡ  ᠨᠢ ᠪᠢᠳᠡᠨ ᠤ ᠬᠤᠶᠢᠰᠢᠳᠠ ᠶᠢᠨ ᠡᠪ ᠬᠠᠮᠲᠤ ᠵᠠᠯᠠᠭᠤᠴᠤᠳ ᠤᠨ ᠡᠪᠯᠡᠯ ᠤᠨ ᠠᠵᠢᠯ ᠢ ᠰᠠᠶᠢᠲᠤᠷ ᠬᠢᠬᠦ ᠳᠤ ᠴᠢᠭᠯᠡᠯ ᠢ ᠲᠣᠳᠣᠷᠬᠠᠢ ᠵᠢᠭᠠᠵᠤ ᠥᠭᠴᠡᠢ᠃ ᠳᠠᠷᠠᠭᠠᠴᠢ ᠶᠢᠨ ᠠᠯᠬᠤᠮ ᠳᠤ᠂ ᠪᠢ ᠡᠪ ᠬᠠᠮᠲᠤ ᠵᠠᠯᠠᠭᠤᠴᠤᠳ ᠤᠨ ᠡᠪᠯᠡᠯ ᠤᠨ ᠭᠤᠣᠯ ᠬᠠᠷᠢᠭᠤᠴᠠᠯᠭ᠎ᠠ ᠭᠤᠣᠯ ᠠᠵᠢᠯ ᠳᠤ ᠰᠠᠭᠤᠷᠢᠯᠠᠵᠤ᠂ ᠵᠠᠯᠠᠭᠤᠴᠤᠳ ᠢ ᠬᠥᠲᠥᠯᠥᠨ ᠳᠠᠭᠠᠭᠤᠯᠵᠤ ᠨᠢᠭᠲᠠᠷᠠᠭᠤᠯᠬᠤ᠂ ᠵᠠᠯᠠᠭᠤᠴᠤᠳ ᠢ ᠵᠣᠬᠢᠶᠠᠨ ᠪᠠᠶᠢᠭᠤᠯᠵᠤ ᠳᠠᠶᠢᠴᠢᠯᠠᠬᠤ᠂ ᠵᠠᠯᠠᠭᠤᠴᠤᠳ ᠲᠠᠢ ᠬᠠᠷᠢᠯᠴᠠᠵᠤ ᠲᠡᠳᠡᠨ ᠳᠤ ᠦᠢᠯᠡᠴᠢᠯᠡᠬᠦ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠰᠠᠶᠢᠲᠤᠷ ᠭᠦᠢᠴᠡᠳᠬᠡᠵᠦ᠂ ᠨᠠᠮ ᠵᠠᠰᠠᠭ ᠤᠨ ᠬᠡᠷᠡᠭᠴᠡᠭᠡ ᠪᠠ ᠵᠠᠯᠠᠭᠤᠴᠤᠳ ᠤᠨ ᠬᠦᠰᠡᠯ ᠡᠷᠡᠮᠡᠯᠵᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠯᠠᠭᠤᠴᠤᠳ ᠪᠠᠭᠠᠴᠤᠳ ᠲᠤ ᠦᠷᠭᠦᠯᠵᠢᠯᠡᠨ ᠪᠣᠳᠠᠲᠤ ᠶᠠᠪᠤᠳᠠᠯ᠂ ᠰᠠᠶᠢᠨ ᠶᠠᠪᠤᠳᠠᠯ ᠬᠢᠵᠦ ᠥᠭᠭᠦᠨ᠎ᠡ᠃ 2025 ᠣᠨ ᠳᠤ᠂ ᠡᠪᠯᠡᠯ ᠤᠨ ᠬᠤᠰᠢᠭᠤᠨ ᠤ ᠨᠠᠮ ᠤᠨ ᠬᠤᠷᠢᠶ᠎ᠠ ᠠᠴᠠ ᠵᠠᠯᠠᠭᠤᠴᠤᠳ ᠤᠨ ᠰᠥᠨᠢ ᠶᠢᠨ ᠰᠤᠷᠭᠠᠭᠤᠯᠢ᠂ ᠲᠦᠩ ᠳ᠋ᠡ ᠭᠦᠩ ᠮᠣᠣ ᠵᠠᠯᠠᠭᠤᠴᠤᠳ ᠤᠨ ᠨᠡᠶᠢᠭᠡᠮ ᠤᠨ ᠪᠦᠯᠬᠦᠮ᠂ ᠵᠠᠯᠠᠭᠤᠴᠤᠳ ᠤᠨ ᠭᠤᠣᠯᠳᠠᠯᠭᠠᠲᠤ ᠡᠷᠦᠬᠡ ᠵᠡᠷᠭᠡ ᠲᠠᠪᠴᠠᠩ ᠤᠨ ᠠᠵᠢᠯᠯᠠᠭ᠎ᠠ ᠶᠢᠨ ᠠᠭᠤᠯᠭ᠎ᠠ ᠶᠢ ᠰᠢᠯᠢᠳᠡᠭᠵᠢᠭᠦᠯᠬᠦ ᠶᠢᠨ ᠬᠠᠮᠲᠤ᠂ ᠡᠲᠡᠭᠡᠷ ᠲᠠᠪᠴᠠᠩ ᠢᠶᠠᠷ ᠳᠠᠮᠵᠢᠭᠤᠯᠤᠨ ᠨᠠᠮ ᠪᠠ ᠵᠠᠰᠠᠭ ᠤᠨ ᠣᠷᠳᠣᠨ ᠤ ᠬᠠᠯᠠᠮᠵᠢᠯᠠᠯ ᠢ ᠮᠠᠯᠵᠢᠬᠤ ᠲᠠᠷᠢᠶᠠᠯᠠᠬᠤ ᠣᠷᠣᠨ ᠪᠠ ᠠᠵᠤ ᠠᠬᠤᠶᠢᠯᠠᠯ ᠤᠨ ᠨᠢᠭᠡᠳᠦᠭᠡᠷ ᠹᠷᠣᠨᠲ ᠤᠨ ᠵᠠᠯᠠᠭᠤᠴᠤᠳ ᠤᠨ ᠳᠤᠮᠳᠠ ᠬᠦᠷᠭᠡᠵᠦ᠂ ᠡᠭᠦᠨ ᠤ ᠤᠯᠠᠮ ᠢᠶᠠᠷ ᠥᠷᠭᠡᠨ ᠣᠯᠠᠨ ᠡᠪᠯᠡᠯ ᠤᠨ ᠭᠡᠰᠢᠭᠦᠨ ᠵᠠᠯᠠᠭᠤᠴᠤᠳ ᠢ ᠪᠦᠯᠬᠦᠮᠳᠡᠭᠦᠯᠦᠨ ᠳᠠᠭᠠᠭᠤᠯᠵᠤ᠂ ᠮᠠᠨ ᠤ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠳᠤ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠨ᠎ᠡ︕︾ ᠭᠡᠵᠦ ᠬᠡᠯᠡᠪᠡ᠃       03 ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠸᠢ ᠹᠠᠩ ᠡᠾᠧ ᠮᠦ ᠲᠠᠷᠢᠶᠠᠯᠠᠩ ᠮᠠᠯ ᠠᠵᠤ ᠠᠬᠤᠢ ᠶᠢᠨ ᠲᠤᠰᠬᠠᠢ ᠬᠤᠷᠰᠢᠶᠠᠨ ᠤ ᠬᠡᠷᠡᠭ ᠡᠷᠬᠢᠯᠡᠭᠴᠢᠳ ᠤᠨ ᠳᠠᠷᠤᠭ᠎ᠠ   ᠯᠢᠦ ᠱᠣᠸ ᠯᠦᠩ       ︽ᠥᠨᠥᠳᠥᠷ ᠤᠨ ᠦᠳᠡ  ᠶᠢᠨ ᠡᠮᠦᠨ᠎ᠡ ᠡᠯ᠎ᠡ ᠠᠵᠢᠯ ᠤᠨ ᠮᠡᠳᠡᠭᠦᠯᠦᠯᠲᠡ ᠶᠢ ᠬᠢᠴᠢᠶᠡᠩᠭᠦᠶᠢᠯᠡᠨ ᠰᠣᠨᠣᠰᠤᠭᠠᠳ ᠬᠥᠮᠥᠰ ᠤᠨ ᠰᠡᠳᠬᠢᠯ ᠢ ᠵᠣᠷᠢᠭᠵᠢᠭᠤᠯᠵᠤ᠂ ᠡᠷᠡᠯᠬᠡᠭᠯᠡᠨ ᠤᠷᠤᠭᠰᠢᠯᠠᠬᠤ ᠶᠢ ᠬᠥᠪᠴᠢᠯᠡᠪᠡ᠃ ᠡᠳᠡᠭᠡᠷ ᠮᠡᠳᠡᠭᠦᠯᠦᠯᠲᠡ ᠨᠢ ᠥᠩᠭᠡᠷᠡᠭᠰᠡᠨ ᠨᠢᠭᠡ ᠵᠢᠯ ᠤᠨ ᠭᠡᠷᠡᠯ ᠰᠠᠴᠤᠷᠠᠩᠭᠤᠢ ᠠᠮᠵᠢᠯᠲᠠ ᠪᠦᠲᠦᠮᠵᠢ ᠪᠣᠯᠣᠨ ᠭᠤᠣᠯᠳᠠᠯᠭ᠎ᠠ ᠲᠠᠢ ᠠᠵᠢᠯ ᠢ ᠪᠤᠰᠤᠳᠴᠢ ᠪᠠᠷ ᠳ᠋ᠦᠩᠨᠡᠭᠰᠡᠨ ᠢᠶᠠᠷ ᠪᠠᠷᠠᠬᠤ ᠦᠭᠡᠢ ᠪᠠᠰᠠ ᠬᠤᠶᠢᠰᠢᠳᠠ ᠶᠢᠨ ᠠᠵᠢᠯ  ᠤᠨ ᠲᠤᠬᠠᠢ ᠨᠠᠷᠢᠨ ᠨᠢᠮᠪᠠᠢ ᠲᠥᠯᠥᠪᠯᠡᠭᠡ ᠪᠣᠯᠣᠨ ᠨᠠᠷᠢᠨ ᠨᠢᠭᠲᠠ ᠪᠠᠶᠢᠷᠢᠯᠠᠭᠤᠯᠤᠯᠲᠠ ᠬᠢᠭᠰᠡᠨ ᠪᠠᠶᠢᠨ᠎ᠠ︾᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠸᠢ ᠹᠠᠩ ᠾᠧ ᠮᠦ ᠲᠠᠷᠢᠶᠠᠯᠠᠩ ᠮᠠᠯ ᠠᠵᠤ ᠠᠬᠤᠢ ᠶᠢᠨ ᠲᠤᠰᠬᠠᠢ ᠬᠤᠷᠰᠢᠶᠠᠨ ᠤ ᠬᠡᠷᠡᠭ ᠡᠷᠬᠢᠯᠡᠭᠴᠢᠳ ᠤᠨ ᠳᠠᠷᠤᠭ᠎ᠠ ᠯᠢᠦ ᠱᠤᠤ ᠯᠦᠩ ᠠᠴᠠ ᠢᠷᠡᠭᠡᠳᠦᠢ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠪᠠ ᠬᠥᠳᠡᠭᠡ ᠲᠣᠰᠬᠤᠨ ᠤ ᠰᠢᠨ᠎ᠡ ᠲᠠᠷᠢᠶᠠᠴᠢᠨ ᠤ ᠦᠢᠯᠡᠳᠦᠯ ᠢᠶᠠᠨ ᠪᠠᠳᠠᠷᠠᠭᠤᠯᠬᠤ ᠪᠠᠷ ᠳᠠᠮᠵᠢᠭᠤᠯᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠪᠡ᠃ ︽ᠪᠢ ᠰᠤᠷᠤᠯᠴᠠᠯᠭ᠎ᠠ ᠪᠠᠨ ᠴᠢᠩᠭᠠᠳᠬᠠᠵᠤ᠂ ᠲᠤᠰ ᠪᠡᠶ᠎ᠡ ᠶᠢᠨ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠵᠦ᠂ ᠲᠥᠯᠥᠭᠡᠯᠡᠭᠴᠢᠳ ᠤᠨ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠨᠠᠮ ᠪᠣᠯᠤᠨ ᠵᠠᠰᠠᠭ ᠤᠨ ᠣᠷᠳᠣᠨ ᠳᠤ ᠰᠠᠨᠠᠯ ᠵᠥᠪᠯᠡᠯᠭᠡ ᠳᠤᠷᠠᠳᠤᠨ ᠠᠷᠭ᠎ᠠ ᠪᠣᠳᠣᠯᠭ᠎ᠠ ᠳᠡᠪᠰᠢᠭᠦᠯᠵᠦ᠂ ᠠᠷᠠᠳ ᠤᠨ ᠪᠠᠶᠢᠳᠠᠯ ᠠᠷᠠᠳ ᠤᠨ ᠰᠠᠨᠠᠭ᠎ᠠ ᠶᠢ ᠰᠠᠨᠠᠭᠠᠴᠢᠯᠠᠭ᠎ᠠ ᠠᠴᠠ ᠪᠠᠨ ᠣᠶᠢᠯᠠᠭᠠᠵᠤ᠂ ᠤᠯᠠᠨ ᠲᠦᠮᠡᠨ ᠳᠤ ᠢᠯᠡᠭᠦᠬᠡᠨ ᠪᠣᠳᠠᠲᠠᠢ ᠶᠠᠪᠤᠳᠠᠯ ᠬᠢᠵᠦ᠂ ᠥᠪᠡᠷ  ᠢ ᠪᠠᠨ ᠴᠢᠩᠭ᠎ᠠ ᠱᠠᠭᠠᠷᠳᠠᠵᠤ᠂ ᠲᠥᠯᠥᠭᠡᠯᠡᠭᠴᠢᠳ ᠤᠨ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠡᠭᠦᠨ ᠤ ᠬᠠᠮᠲᠤ᠂ ᠨᠤᠲᠤᠭ ᠲᠤ ᠪᠠᠨ ᠪᠤᠴᠠᠵᠤ ᠦᠢᠯᠡᠰ ᠴᠣᠭᠴᠠᠯᠠᠭᠰᠠᠨ ᠬᠥᠳᠡᠭᠡ ᠲᠣᠰᠬᠤᠨ ᠤ ᠰᠢᠨ᠎ᠡ ᠲᠠᠷᠢᠶᠠᠴᠢᠨ ᠪᠣᠯᠤᠭᠰᠠᠨ ᠤ ᠬᠤᠪᠢ ᠳᠤ᠂ ᠪᠢ ᠨᠠᠮ ᠤᠨ ᠲᠥᠪ ᠬᠤᠷᠢᠶᠠᠨ ᠤ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠢᠶᠠᠷ ᠵᠢᠯᠣᠭᠤᠳᠬᠤ ᠦᠵᠡᠯ ᠰᠠᠨᠠᠭ᠎ᠠ ᠪᠣᠯᠭᠠᠵᠤ᠂ ᠥᠪᠡᠷ ᠤᠨ ᠪᠣᠬᠢᠷᠲᠤᠯ ᠦᠭᠡᠢ ᠠᠮᠢ ᠠᠬᠤᠢ ᠶᠢᠨ ᠣᠷᠴᠢᠯ ᠠᠵᠤ ᠦᠢᠯᠡᠰ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠵᠦ᠂ ᠵᠢᠱᠢᠶ᠎ᠡ ᠦᠵᠡᠭᠦᠯᠦᠨ ᠳᠠᠭᠠᠭᠤᠯᠬᠤ ᠦᠢᠯᠡᠳᠦᠯ ᠦᠵᠡᠭᠦᠯᠵᠦ᠂ ᠨᠡᠩ ᠤᠯᠠᠨ ᠰᠢᠨ᠎ᠡ ᠲᠠᠷᠢᠶᠠᠴᠢᠨ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠩᠨᠡᠭᠡ ᠳᠤ ᠣᠷᠣᠭᠤᠯᠬᠤ ᠪᠠᠷ ᠴᠢᠷᠮᠠᠶᠢᠨ᠎ᠠ︾ ᠭᠡᠵᠦ ᠢᠯᠡᠳᠬᠡᠪᠡ᠃      04 ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ  ᠰᠢᠷᠠᠮᠦ᠋ᠷᠡᠨ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ   ᠫᠠᠨ ᠪᠥᠸᠧ      ᠠᠷᠠᠳ ᠤᠨ ᠵᠣᠪᠠᠨᠢᠯ ᠢ ᠰᠢᠢᠳᠪᠦᠷᠢᠯᠡᠬᠦ ᠶᠢ ᠲᠥᠯᠥᠭᠡᠯᠡᠭᠴᠢ ᠶᠢᠨ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠬᠦ ᠶᠢᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠣᠯᠭᠠᠵᠤ᠂ ᠰᠢᠷᠠᠮᠦ᠋ᠷᠡᠨ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠫᠠᠨ ᠪᠥᠸᠧ᠄ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠠᠴᠠ ᠥᠩᠭᠡᠷᠡᠭᠰᠡᠨ ᠨᠢᠭᠡ ᠵᠢᠯ ᠤᠨ ᠠᠵᠢᠯ ᠢᠶᠠᠨ ᠪᠤᠰᠤᠳᠴᠢ ᠪᠠᠷ ᠳ᠋ᠦᠩᠨᠡᠵᠦ᠂ 2025 ᠣᠨ ᠳᠠᠬᠢ ᠲᠡᠮᠡᠴᠡᠬᠦ ᠬᠠᠷᠠᠯᠲᠠ ᠪᠣᠯᠣᠨ ᠭᠤᠣᠯᠳᠠᠯᠭ᠎ᠠ ᠲᠠᠢ ᠡᠭᠦᠷᠭᠡ ᠶᠢ ᠲᠣᠳᠣᠷᠬᠠᠶᠢᠯᠠᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠤᠭᠰᠠᠨ ᠤ ᠬᠤᠪᠢ ᠳᠤ᠂ ᠪᠢ ᠪᠣᠳᠠᠲᠤ ᠠᠵᠢᠯᠯᠠᠭ᠎ᠠ ᠪᠠᠷ ᠢᠶᠠᠨ ᠬᠠᠷᠢᠭᠤᠴᠠᠯᠭ᠎ᠠ ᠪᠠ ᠡᠭᠦᠷᠭᠡ ᠪᠠᠨ ᠦᠢᠯᠡᠳᠦᠯᠭᠡᠵᠢᠭᠦᠯᠵᠦ᠂ ᠠᠷᠠᠳ ᠤᠨ ᠲᠥᠯᠥᠭᠡᠯᠡᠭᠴᠢᠳ  ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠡᠭᠦᠷᠭᠡ ᠴᠢᠳᠠᠪᠬᠢ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠲᠠᠷᠢᠶᠠᠨ ᠭᠠᠵᠠᠷ ᠲᠤ ᠭᠦᠨᠵᠡᠭᠡᠶᠢᠷᠡᠵᠦ᠂ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠵᠦᠢᠯ ᠢ ᠣᠶᠢᠯᠠᠭᠠᠵᠤ᠂ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠤᠯᠠᠨ ᠲᠦᠮᠡᠨ ᠤ ᠵᠠᠷᠢᠮ ᠪᠣᠳᠠᠲᠠᠢ ᠬᠦᠴᠢᠷᠳᠡᠯ ᠪᠠ ᠠᠰᠠᠭᠤᠳᠠᠯ ᠢ ᠦᠨᠡᠨ ᠬᠦ ᠰᠢᠢᠳᠪᠦᠷᠢᠯᠡᠵᠦ ᠥᠭᠭᠦᠨ᠎ᠡ᠃ ᠡᠭᠦᠨ ᠤ ᠬᠠᠮᠲᠤ ᠭᠤᠣᠯᠳᠠᠯᠭ᠎ᠠ ᠲᠠᠢ ᠨᠢᠭᠲᠠ ᠤᠶᠠᠯᠳᠤᠭᠤᠯᠤᠨ᠂ ᠶᠡᠭᠡ ᠲᠠᠯ᠎ᠠ ᠳᠤ ᠦᠢᠯᠡᠴᠢᠯᠡᠵᠦ᠂ ᠨᠠᠮ ᠤᠨ ᠬᠤᠷᠢᠶᠠᠨ ᠤ ᠭᠤᠣᠯᠳᠠᠯᠭ᠎ᠠ ᠬᠠᠮᠢᠭ᠎ᠠ ᠪᠠᠶᠢᠪᠠᠯ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠲᠡᠨᠳᠡ ᠳᠠᠭᠠᠵᠤ᠂ ᠰᠠᠨᠠᠭᠠᠴᠢᠯᠠᠭ᠎ᠠ ᠠᠴᠠ ᠪᠠᠨ ᠪᠣᠳᠣᠯᠬᠢᠯᠠᠵᠤ᠂ ᠨᠠᠷᠢᠨ ᠬᠢᠨᠠᠮᠠᠭᠠᠢ ᠤᠬᠠᠭᠠᠯᠠᠨ ᠲᠥᠯᠥᠪᠯᠡᠵᠦ᠂ ᠢᠳᠡᠪᠬᠢᠲᠡᠢ ᠠᠵᠢᠯᠯᠠᠵᠤ ᠂ ᠡᠯ᠎ᠡ ᠵᠦᠢᠯ ᠤᠨ ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠲᠦᠯᠬᠢᠨ ᠠᠬᠢᠭᠤᠯᠵᠤ᠂ ᠰᠢᠨ᠎ᠡ ᠠᠮᠵᠢᠯᠲᠠ ᠤᠯᠬᠤ ᠳᠤ ᠦᠵᠡᠭᠦᠯᠪᠡᠰᠦ ᠵᠣᠬᠢᠬᠤ ᠬᠦᠴᠦᠨ ᠴᠢᠳᠠᠯ ᠢᠶᠠᠨ ᠡᠷᠭᠦᠨ᠎ᠡ︾ ᠬᠡᠵᠡᠢ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号