ᠠᠰᠢᠭ ᠬᠤᠪᠢᠶᠠᠷᠢᠯᠠᠯ᠎ᠠ︕ ᠠᠳᠡᠬᠢ ᠶᠢᠨ ᠲᠣᠰᠬᠤᠨ ᠤ ᠠᠷᠠᠳ ︽ᠵᠣᠭᠤᠰ ᠭᠠᠷᠭᠠᠵᠤ︾ ᠰᠢᠨᠡᠯᠡᠬᠦ ᠪᠠᠷ ᠪᠣᠢ︕
ᠨᠡᠶᠢᠲᠡᠯᠡᠭᠰᠡᠨ ᠴᠠᠭ᠄
2025/1/19
      1 ᠰᠠᠷ᠎ᠠ ᠶᠢᠨ 17 ᠤ ᠡᠳᠦᠷ᠂ ᠰᠢᠪᠠᠷᠬᠦ᠋ᠷᠢᠶ᠎ᠡ ᠪᠠᠯᠭᠠᠰᠤᠨ ᠤ ᠬᠦᠨᠳᠡᠶᠢᠲᠠᠯ᠎ᠠ ᠲᠣᠰᠬᠤᠨ ᠳᠤ ᠪᠠᠶᠠᠷ ᠪᠠᠶᠠᠰᠬᠤᠯᠠᠩᠲᠤ ᠠᠭᠤᠷ ᠠᠮᠢᠰᠬᠤᠯ ᠢᠶᠠᠷ ᠪᠢᠯᠬᠠᠵᠤ᠂ ᠨᠢᠭᠡ ᠤᠳᠠᠭᠠᠨ ᠤ ᠬᠥᠷ ᠬᠥᠭᠵᠢᠶᠡᠨ ᠲᠠᠢ ᠠᠰᠢᠭ ᠬᠤᠪᠢᠶᠠᠷᠢᠯᠠᠬᠤ ᠶᠡᠭᠡ ᠬᠤᠷᠠᠯ ᠬᠦᠨᠳᠡᠶᠢᠲᠠᠯ᠎ᠠ ᠲᠣᠰᠬᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ᠶᠠᠭ ᠰᠠᠶᠢᠬᠠᠨ ᠶᠠᠪᠤᠭᠳᠠᠵᠤ ᠪᠣᠢ᠃ ᠬᠤᠷᠰᠢᠶᠠᠨ ᠤ ᠭᠡᠰᠢᠭᠦᠳ ᠤᠨ ᠴᠢᠷᠠᠢ ᠳᠤ ᠪᠠᠶᠠᠷ ᠤᠨ ᠥᠩᠭᠡ ᠭᠢᠯᠠᠯᠵᠠᠵᠤ᠂ ᠥᠪᠡᠷ ᠥᠪᠡᠷ ᠤᠨ ᠠᠰᠢᠭ ᠬᠤᠪᠢᠶᠠᠷᠢᠯᠠᠯᠲᠠ ᠶᠢᠨ ᠮᠥᠩᠭᠦ ᠪᠠᠨ ᠪᠠᠶᠠᠷᠲᠠᠢ ᠪᠠᠷ ᠠᠪᠴᠤ᠂ ᠲᠠᠷᠢᠶᠠᠯᠠᠩ ᠤᠨ ᠮᠠᠰᠢᠨ ᠤ ᠬᠤᠷᠰᠢᠶ᠎ᠠ ᠪᠠᠶᠢᠭᠤᠯᠤᠭᠰᠠᠨ ᠠᠴᠠ ᠪᠣᠯᠤᠭᠰᠠᠨ ᠬᠤᠪᠢᠷᠠᠯᠲᠠ ᠶᠢ ᠪᠠᠶᠠᠷᠯᠠᠨ ᠶᠠᠷᠢᠯᠴᠠᠵᠠᠭᠠᠵᠤ ᠪᠠᠶᠢᠯ᠎ᠠ᠃      ︽ᠪᠦᠯᠬᠦᠮᠳᠡᠨ ᠬᠥᠭᠵᠢᠬᠦ︾ ᠨᠢ ᠡᠯᠪᠡᠭ ᠦᠷ᠎ᠡ ᠪᠦᠲᠦᠭᠡᠯ ᠣᠯᠵᠤ᠂ ᠵᠢᠯ ᠤᠨ ᠡᠴᠦᠰ ᠲᠤ ᠠᠰᠢᠭ ᠬᠤᠪᠢᠶᠠᠷᠢᠯᠠᠬᠤ ᠳᠤ ᠪᠠᠶᠠᠷ ᠪᠠᠶᠠᠰᠬᠤᠯᠠᠩ ᠳᠦᠭᠦᠷᠡᠩ᠃ ᠠᠰᠢᠭ ᠬᠤᠪᠢᠶᠠᠷᠢᠯᠠᠬᠤ ᠶᠡᠭᠡ ᠬᠤᠷᠠᠯ ᠤᠨ ᠲᠤᠬᠠᠢ ᠶᠢᠨ ᠲᠠᠯᠠᠪᠠᠢ ᠳᠤ ᠪᠠᠶᠠᠷ ᠬᠦᠷ ᠢᠶᠠᠷ ᠪᠢᠯᠬᠠᠵᠤ᠂ ᠡᠮᠬᠢ ᠳᠢᠭᠯᠢᠮ ᠲᠠᠢ ᠪᠠᠶᠢᠵᠤ᠂ ᠲᠣᠰᠬᠤᠨ ᠤ ᠠᠷᠠᠳ ᠳᠠᠰ ᠳᠠᠷᠠᠭᠠᠯᠠᠯ ᠲᠠᠢ ᠮᠥᠷᠯᠡᠵᠦ᠂ ᠰᠤᠷᠠᠭ ᠵᠠᠩᠭᠢ ᠪᠠᠨ ᠬᠠᠷᠭᠤᠭᠤᠯᠵᠤ᠂ ᠭᠠᠷ ᠤᠨ ᠦᠰᠦᠭ ᠢᠶᠠᠨ ᠵᠢᠷᠤᠵᠤ ᠨᠤᠲᠠᠯᠠᠵᠤ᠂ ᠠᠰᠢᠭ ᠬᠤᠪᠢᠶᠠᠷᠢᠯᠠᠯᠲᠠ ᠶᠢᠨ ᠪᠡᠯᠡᠨ ᠮᠥᠩᠭᠦ ᠪᠠᠨ ᠠᠪᠴᠤ᠂ ᠨᠠᠮ ᠤᠨ ᠡᠭᠦᠷ ᠤᠨ ᠳᠠᠭᠠᠭᠤᠯᠤᠨ ᠡᠷᠬᠢᠯᠡᠭᠰᠡᠨ ᠬᠤᠷᠰᠢᠶ᠎ᠠ ᠶᠢᠨ ᠠᠪᠴᠢᠷᠠᠭᠰᠠᠨ ᠡᠯᠪᠡᠭ ᠪᠠᠶᠠᠯᠢᠭ ᠦᠷ᠎ᠡ ᠪᠦᠲᠦᠭᠡᠯ ᠢ ᠬᠠᠮᠲᠤ ᠪᠠᠷ ᠬᠤᠪᠢᠶᠠᠯᠴᠠᠨ᠎ᠠ᠃ ᠲᠣᠰᠬᠤᠨ ᠤ ᠠᠷᠠᠳ ᠵᠤᠪ ᠵᠤᠵᠠᠭᠠᠨ ᠠᠰᠢᠭ ᠬᠤᠪᠢᠶᠠᠷᠢᠯᠠᠯᠲᠠ ᠶᠢᠨ ᠮᠥᠩᠭᠦ ᠪᠠᠨ ᠠᠪᠴᠤ᠂ ᠵᠣᠯ ᠵᠢᠷᠭᠠᠯ ᠪᠠ ᠪᠠᠶᠠᠷ ᠪᠠᠭ᠋ᠠᠳᠤᠯ ᠬᠥᠮᠦᠨ ᠪᠦᠷᠢ ᠶᠢᠨ ᠴᠢᠷᠠᠶ ᠳᠤ ᠪᠢᠯᠬᠠᠨ᠎ᠠ᠃ ᠠᠰᠢᠭ ᠬᠤᠪᠢᠶᠠᠷᠢᠯᠠᠬᠤ ᠶᠡᠭᠡ ᠬᠤᠷᠠᠯ ᠨᠢ ᠪᠡᠯᠡᠨ ᠵᠣᠭᠤᠰ ᠪᠣᠯᠤᠨ ᠰᠦᠯᠵᠢᠶᠡᠨ ᠳᠡᠭᠡᠷ᠎ᠡ ᠳᠠᠩᠰᠠ ᠰᠢᠯᠵᠢᠭᠦᠯᠬᠦ ᠵᠡᠷᠭᠡ ᠬᠡᠯᠪᠡᠷᠢ ᠪᠠᠷ ᠨᠡᠶᠢᠲᠡ 300 ᠭᠠᠷᠤᠶ ᠡᠷᠦᠬᠡ ᠲᠣᠰᠬᠤᠨ ᠤ ᠠᠷᠠᠳ ᠲᠤ ᠨᠡᠶᠢᠲᠡ 39 ᠲᠦᠮᠡ ᠭᠠᠷᠤᠶ ᠲᠥᠭᠦᠷᠢᠭ ᠤᠨ ᠠᠰᠢᠭ ᠬᠤᠪᠢᠶᠠᠷᠢᠯᠠᠯᠲᠠ ᠶᠢᠨ ᠮᠥᠩᠭᠦ ᠲᠠᠷᠬᠠᠭᠠᠪᠠ᠃      2024 ᠣᠨ ᠤ 3 ᠳ᠋ᠤᠭᠠᠷ ᠰᠠᠷ᠎ᠠ ᠳᠤ᠂ ᠬᠦᠨᠳᠡᠶᠢᠲᠠᠯ᠎ᠠ ᠲᠣᠰᠬᠤᠨ ᠤ ᠨᠠᠮ ᠤᠨ ᠡᠭᠦᠷ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠹᠦ᠋ ᠴᠢᠶᠠᠩ ᠲᠠᠷᠢᠶᠠᠯᠠᠩ ᠤᠨ ᠮᠠᠰᠢᠨ ᠤ ᠲᠤᠰᠬᠠᠢ ᠬᠤᠷᠰᠢᠶ᠎ᠠ ᠶᠢ ᠳᠠᠭᠠᠭᠤᠯᠤᠨ ᠡᠷᠬᠢᠯᠡᠪᠡ᠃ ᠬᠤᠷᠰᠢᠶ᠎ᠠ ᠨᠢ 30 ᠲᠦᠮᠡᠨ ᠲᠥᠭᠦᠷᠢᠭ ᠤᠨ ᠶᠡᠷᠦᠩᠬᠡᠶ ᠪᠠᠯᠠ ᠣᠷᠣᠭᠤᠯᠵᠤ᠂ ᠲᠡᠭᠦᠨ ᠳᠤ ᠲᠣᠰᠬᠤᠨ ᠤ ᠬᠠᠮᠲᠤ ᠨᠡᠶᠢᠲᠡ ᠠᠴᠠ ᠦᠢᠯᠡᠳᠪᠦᠷᠢ ᠶᠢᠨ ᠪᠠᠶᠢᠰᠢᠩ ᠢᠶᠠᠷ ᠨᠤᠭᠤᠯᠤᠨ ᠪᠣᠳᠣᠵᠤ 6 ᠲᠦᠮᠡᠨ ᠲᠥᠭᠦᠷᠢᠭ ᠤᠨ ᠬᠤᠪᠢ ᠣᠷᠣᠭᠤᠯᠵᠤ᠂ 20% ᠶᠢᠨ ᠬᠤᠪᠢ ᠶᠢ ᠡᠵᠡᠯᠡᠪᠡ︔ 10 ᠲᠠᠷᠢᠶᠠᠴᠢᠨ ᠡᠷᠦᠬᠡ 6 ᠲᠠᠷᠢᠶᠠᠯᠠᠩ ᠤᠨ ᠮᠠᠰᠢᠨ ᠢᠶᠠᠷ ᠨᠤᠭᠤᠯᠤᠨ ᠪᠣᠳᠣᠵᠤ 24 ᠲᠦᠮᠡᠨ ᠲᠥᠭᠦᠷᠢᠭ ᠤᠨ ᠬᠤᠪᠢ ᠣᠷᠣᠭᠤᠯᠵᠤ᠂ 80% ᠶᠢᠨ ᠬᠤᠪᠢ ᠶᠢ ᠡᠵᠡᠯᠡᠪᠡ᠃ 2024 ᠣᠨ ᠳᠤ᠂ ᠬᠤᠷᠰᠢᠶ᠎ᠠ ᠨᠢ 1 ᠲᠦᠮᠡᠨ ᠮᠥ ᠨᠡᠶᠢᠭᠡᠮᠴᠢᠯᠡᠭᠰᠡᠨ ᠦᠢᠯᠡᠴᠢᠯᠡᠭᠡ ᠶᠢ ᠪᠡᠶᠡᠯᠡᠭᠦᠯᠪᠡ᠃      ᠣᠳᠣ ᠶᠢᠨ ᠪᠠᠶᠢᠭ᠎ᠠ ᠡᠳ᠋ ᠬᠥᠷᠥᠩᠭᠡ ᠨᠢ ᠨᠢᠳᠦᠨ ᠳᠤ ᠦᠵᠡᠭᠳᠡᠮ᠎ᠡ᠂ ᠭᠠᠷ ᠲᠤ ᠪᠠᠷᠢᠭᠳᠠᠮ᠎ᠠ ︽ᠠᠰᠢᠭ ᠤᠯᠵᠠᠪᠤᠷᠢ︾ ᠪᠣᠯᠵᠤ ᠬᠤᠪᠢᠷᠠᠭᠰᠠᠨ ᠢ ᠦᠵᠡᠭᠡᠳ᠂ ᠰᠢᠪᠠᠷᠬᠦ᠋ᠷᠢᠶ᠎ᠡ ᠪᠠᠯᠭᠠᠰᠤᠨ ᠤ ᠳ᠋ᠠᠵᠢᠩ ᠲᠣᠰᠬᠤᠨ ᠤ ᠠᠷᠠᠳ ᠯᠢ ᠪᠠᠨ ᠸᠠ ᠰᠤᠷᠪᠤᠯᠵᠢᠯᠠᠭᠴᠢ ᠳᠤ᠄ ︽ᠥᠨᠥᠳᠦᠷ ᠪᠢ 3000 ᠭᠠᠷᠤᠶ ᠲᠥᠭᠦᠷᠢᠭ ᠤᠨ ᠠᠰᠢᠭ ᠬᠤᠪᠢᠶᠠᠵᠤ ᠣᠯᠣᠭᠠᠳ ᠮᠠᠰᠢ ᠪᠠᠶᠠᠷᠯᠠᠵᠤ ᠪᠠᠶᠢᠨ᠎ᠠ᠂ ᠪᠢ ᠥᠨᠥ ᠵᠢᠯ 71 ᠨᠠᠰᠤᠲᠠᠶ ᠪᠣᠯᠵᠠᠢ᠂ ᠥᠩᠭᠡᠷᠡᠭᠰᠡᠨ ᠳᠤ ᠲᠠᠷᠢᠶᠠᠨ ᠳᠤ ᠲᠠᠷᠢᠵᠤ ᠬᠤᠷᠢᠶᠠᠬᠤ ᠦᠶ᠎ᠡ ᠳᠤ ᠮᠠᠰᠢ ᠰᠠᠨᠠᠭ᠎ᠠ ᠵᠣᠪᠠᠳᠠᠭ᠂ ᠪᠢ ᠪᠠᠰᠠ ᠥᠪᠡᠷ ᠢᠶᠠᠨ ᠲᠠᠷᠢᠶ᠎ᠠ ᠲᠠᠷᠢᠨ᠎ᠠ᠂ ᠣᠳᠣ ᠡᠨᠡ ᠬᠦ ᠲᠠᠷᠢᠶᠠᠯᠠᠩ ᠤᠨ ᠮᠠᠰᠢᠨ ᠤ ᠬᠤᠷᠰᠢᠶ᠎ᠠ ᠶᠢ ᠪᠠᠶᠢᠭᠤᠯᠤᠭᠠᠳ᠂ ᠪᠥᠬᠦ ᠶᠠᠪᠤᠴᠠ ᠳᠤ ᠮᠧᠬᠠᠨᠢᠭᠵᠢᠯᠲᠠ ᠪᠠᠷ ᠲᠠᠷᠢᠵᠤ᠂ ᠬᠠᠳᠤᠵᠤ ᠬᠤᠷᠢᠶᠠᠬᠤ ᠪᠣᠯᠣᠭᠰᠠᠨ ᠨᠢ᠂ ᠮᠢᠨᠤ ᠲᠠᠷᠢᠶ᠎ᠠ ᠲᠠᠷᠢᠬᠤ ᠳᠠᠷᠤᠭᠠᠰᠤ ᠶᠢ ᠬᠥᠩᠭᠡᠷᠡᠭᠦᠯᠦᠭᠰᠡᠨ ᠢᠶᠠᠷ ᠪᠠᠷᠠᠬᠤ ᠦᠭᠡᠢ᠂ ᠵᠢᠯ ᠤᠨ ᠡᠴᠦᠰ ᠲᠤ ᠪᠢᠳᠡ ᠪᠠᠰᠠ ᠠᠰᠢᠭ ᠬᠤᠪᠢᠶᠠᠨ ᠣᠯᠵᠤ ᠣᠷᠣᠯᠭ᠎ᠠ ᠨᠡᠮᠡᠭᠳᠡᠪᠡ᠂ ᠢᠷᠡᠬᠦ ᠵᠢᠯ ᠨᠥᠬᠦᠴᠡᠯ ᠪᠣᠯᠣᠮᠵᠢ ᠲᠠᠢ ᠪᠣᠯ᠂ ᠪᠢ ᠪᠠᠰᠠ ᠨᠠᠩ ᠣᠯᠠᠨ ᠲᠣᠰᠬᠤᠨ ᠤ ᠠᠷᠠᠳ ᠢ ᠬᠤᠷᠰᠢᠶᠠᠨ ᠳᠤ ᠣᠷᠣᠭᠤᠯᠬᠤ ᠶᠢ ᠦᠷᠭᠦᠯᠵᠢᠯᠡᠨ ᠤᠷᠢᠶᠠᠯᠠᠵᠤ᠂ ᠬᠠᠮᠲᠤ ᠪᠠᠷ ᠪᠠᠶᠠᠵᠢᠨ᠎ᠠ︾ ᠭᠡᠵᠦ ᠪᠠᠶᠠᠷᠲᠠᠢ ᠪᠠᠷ ᠬᠡᠯᠡᠪᠡ᠃      ᠲᠣᠰᠬᠤᠨ ᠤ ᠠᠷᠠᠳ ᠤᠨ ᠭᠠᠷ ᠲᠤ ᠪᠠᠨ ᠠᠳᠬᠤᠭᠰᠠᠨ ᠨᠢ ᠠᠰᠢᠭ ᠬᠤᠪᠢᠶᠠᠷᠢᠯᠠᠯᠲᠠ ᠶᠢᠨ ᠮᠥᠩᠭᠦ᠂ ᠰᠡᠳᠬᠢᠯ ᠳᠤ ᠪᠠᠨ ᠲᠠᠷᠢᠭᠰᠠᠨ ᠨᠢ ᠬᠦᠰᠡᠯ ᠡᠷᠡᠮᠡᠯᠵᠡᠯ ᠪᠣᠯᠣᠨ᠎ᠠ᠃ ︽ᠵᠢᠩᠬᠢᠨᠢ ᠠᠯᠲᠠ ᠮᠥᠩᠭᠦ︾ ᠶᠢᠨ ᠬᠤᠪᠢ ᠣᠷᠤᠭᠤᠯᠤᠯᠲᠠ ᠶᠢᠨ ᠠᠰᠢᠭ ᠬᠤᠪᠢᠶᠠᠷᠢᠯᠠᠯᠲᠠ ᠨᠢ ᠣᠯᠠᠨ ᠲᠦᠮᠡᠨ ᠢ ᠣᠷᠣᠯᠭ᠎ᠠ ᠪᠠᠨ ᠨᠡᠮᠡᠭᠳᠡᠭᠦᠯᠬᠦ ᠬᠦᠰᠡᠯ ᠡᠷᠡᠮᠡᠯᠵᠡᠯ ᠲᠠᠢ ᠪᠣᠯᠭᠠᠵᠤ᠂ ᠰᠢᠪᠠᠷᠬᠦ᠋ᠷᠢᠶ᠎ᠡ ᠪᠠᠯᠭᠠᠰᠤᠨ ᠤ ᠬᠦᠨᠳᠡᠶᠢᠲᠠᠯ᠎ᠠ ᠲᠣᠰᠬᠤᠨ ᠤ ᠨᠠᠮ ᠤᠨ ᠡᠭᠦᠷ ᠤᠨ ᠱᠦᠵᠢ ᠪᠥᠭᠡᠳ ᠡᠷᠬᠢᠯᠡᠭᠴᠢ ᠮᠧᠩ ᠵᠢᠶᠦ᠋ᠨ ᠾᠧᠩ᠄ ︽ᠬᠦᠨᠳᠡᠶᠢᠲᠠᠯ᠎ᠠ ᠲᠣᠰᠬᠤᠨ ᠡᠨᠡ ᠵᠢᠯ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠹᠦ᠋ ᠴᠢᠶᠠᠩ ᠲᠠᠷᠢᠶᠠᠯᠠᠩ ᠤᠨ ᠮᠠᠰᠢᠨ ᠤ ᠲᠤᠰᠬᠠᠶ ᠬᠤᠷᠰᠢᠶ᠎ᠠ ᠶᠢ ᠪᠠᠶᠢᠭᠤᠯᠵᠤ᠂ 300 ᠭᠠᠷᠤᠶ ᠲᠠᠷᠢᠶᠠᠴᠢᠨ ᠡᠷᠦᠬᠡ ᠬᠤᠪᠢ ᠣᠷᠣᠭᠤᠯᠪᠠ᠃ ᠡᠨᠡ ᠵᠢᠯ ᠬᠤᠷᠰᠢᠶ᠎ᠠ ᠶᠢᠨ ᠳᠠᠭᠠᠭᠤᠯᠭ᠎ᠠ ᠳᠣᠤᠷ᠎ᠠ᠂ ᠡᠷᠦᠬᠡ ᠪᠦᠷᠢ ᠶᠢᠨ ᠳᠤᠮᠳᠠᠴᠢ ᠣᠷᠣᠯᠭ᠎ᠠ 1500 ᠲᠥᠭᠦᠷᠢᠭ ᠣᠷᠴᠢᠮ ᠨᠡᠮᠡᠭᠳᠡᠵᠦ᠂ 2025 ᠣᠨ ᠳᠤ ᠪᠢᠳᠡ ᠲᠠᠷᠢᠶᠠᠴᠢᠨ ᠡᠷᠦᠬᠡ ᠶᠢ ᠬᠥᠲᠥᠯᠥᠨ ᠵᠢᠯᠣᠭᠤᠳᠴᠤ ᠬᠤᠪᠢ ᠣᠷᠣᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠢᠷᠡᠬᠦ ᠵᠢᠯ ᠤᠨ ᠡᠷᠦᠬᠡ ᠪᠦᠷᠢ ᠶᠢᠨ ᠳᠤᠮᠳᠠᠴᠢ ᠣᠷᠣᠯᠭ᠎ᠠ ᠶᠢ 2500 ᠲᠥᠭᠦᠷᠢᠭ ᠨᠡᠮᠡᠭᠳᠡᠭᠦᠯᠬᠦ ᠪᠠᠷ ᠴᠢᠷᠮᠠᠶᠢᠨ᠎ᠠ︾ ᠭᠡᠵᠦ ᠬᠡᠯᠡᠪᠡ᠃              ᠣᠶᠢᠷ᠎ᠠ ᠶᠢᠨ ᠵᠢᠯ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠠᠴᠠ ᠲᠠᠷᠢᠶᠠᠯᠠᠩ ᠮᠠᠯ ᠠᠵᠤ ᠠᠬᠤᠶ ᠶᠢᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠮᠠᠯᠴᠢᠨ ᠲᠠᠷᠢᠶᠠᠴᠢᠨ ᠤ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠳᠤ ᠬᠦᠴᠦᠨ ᠨᠡᠮᠡᠷᠢᠯᠡᠬᠦ ᠶᠢ ᠲᠡᠷᠢᠭᠦᠨ ᠪᠠᠶᠢᠷᠢᠨ ᠳᠤ ᠲᠠᠯᠪᠢᠵᠤ᠂ ᠦᠨᠳᠦᠰᠦᠨ ᠱᠠᠲᠤᠨ ᠤ ᠨᠠᠮ ᠤᠨ ᠡᠭᠦᠷ ᠤᠨ ᠬᠥᠲᠥᠯᠦᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠤᠯ ᠬᠥᠭ ᠠᠶᠠᠰ ᠤᠨ ᠲᠣᠭᠤᠷᠢᠨ ᠳᠤ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰᠵᠢᠭᠰᠡᠨ᠂ ᠬᠡᠪᠴᠢᠶᠡᠵᠢᠭᠰᠡᠨ᠂ ᠪᠠᠷᠢᠮᠵᠢᠶᠠᠵᠢᠭᠰᠠᠨ᠂ ᠡᠷᠴᠢᠮᠵᠢᠭᠰᠡᠨ ᠬᠥᠭᠵᠢᠯᠲᠡ ᠶᠢ ᠢᠳᠡᠪᠬᠢᠲᠡᠶ ᠬᠠᠶᠢᠨ ᠰᠦᠪᠡᠭᠴᠢᠯᠡᠵᠦ᠂ ︽ᠨᠢᠭᠡᠳᠦᠯᠲᠡᠶ ᠳᠠᠷᠢᠵᠤ ᠬᠠᠮᠲᠤ ᠪᠠᠷ ᠪᠠᠶᠠᠵᠢᠬᠤ︾᠂ ︽ᠨᠢᠭᠡᠳᠦᠯᠲᠡᠶ ᠲᠡᠵᠢᠭᠡᠵᠦ ᠬᠠᠮᠲᠤ ᠪᠠᠷ ᠪᠠᠶᠠᠵᠢᠬᠤ︾᠂ ᠲᠠᠷᠢᠶᠠᠯᠠᠩ ᠤᠨ ᠮᠠᠰᠢᠨ ᠤ ᠨᠡᠶᠢᠭᠡᠮᠴᠢᠯᠡᠭᠰᠡᠨ ᠦᠢᠯᠡᠴᠢᠯᠡᠭᠡ ᠵᠡᠷᠭᠡ ᠣᠯᠠᠨ ᠵᠦᠢᠯ ᠤᠨ ᠣᠯᠠᠨ ᠡᠰᠢᠵᠢᠭᠰᠡᠨ ᠬᠤᠷᠰᠢᠨ ᠡᠵᠡᠩᠨᠡᠬᠦ ᠬᠡᠪ ᠵᠠᠭᠪᠤᠷ ᠢᠶᠠᠷ ᠳᠠᠮᠵᠢᠭᠤᠯᠤᠨ᠂ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠪᠣᠯᠣᠨ ᠮᠠᠯᠴᠢᠨ ᠲᠠᠷᠢᠶᠠᠴᠢᠨ ᠤ ᠣᠷᠣᠯᠭ᠎ᠠ ᠢ ᠨᠡᠮᠡᠭᠳᠡᠭᠦᠯᠬᠦ ᠬᠤᠤᠰ ᠠᠬᠢᠭᠤᠯᠤᠯ ᠢ ᠪᠡᠶᠡᠯᠡᠭᠦᠯᠪᠡ᠃      ᠡᠳᠦᠭᠡ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ᠂ ᠨᠠᠮ ᠤᠨ ᠡᠭᠦᠷ ᠠᠴᠠ ᠳᠠᠭᠠᠭᠤᠯᠤᠨ ᠡᠷᠬᠢᠯᠡᠭᠰᠡᠨ ᠬᠤᠷᠰᠢᠶ᠎ᠠ ᠶᠢᠨ ᠡᠯ᠎ᠡ ᠲᠥᠷᠥᠯ ᠤᠨ ᠲᠥᠷᠥᠯ ᠵᠦᠢᠯ ᠭᠠᠵᠠᠷ ᠰᠠᠢ ᠦᠭᠡᠢ ᠶᠠᠪᠤᠭᠳᠠᠵᠤ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ᠂ ᠬᠠᠮᠲᠤ ᠪᠠᠷ ᠴᠢᠨᠡᠭᠡᠯᠢᠭᠵᠢᠬᠦ ᠶᠢ ᠪᠡᠶᠡᠯᠡᠭᠦᠯᠬᠦ ᠴᠢᠬᠤᠯᠠ ᠬᠦᠴᠦᠨ ᠪᠣᠯᠣᠭᠰᠠᠨ ᠪᠠᠶᠢᠨ᠎ᠠ᠃ ᠣᠳᠣᠬᠠᠨ ᠳᠤ᠂ ᠪᠥᠬᠦ ᠬᠤᠰᠢᠭᠤᠨ ᠤ ᠨᠠᠮ ᠤᠨ ᠡᠭᠦᠷ ᠤᠨ ᠳᠠᠭᠠᠭᠤᠯᠤᠨ ᠡᠷᠭᠢᠯᠡᠭᠰᠡᠨ ᠬᠤᠷᠰᠢᠶ᠎ᠠ ᠶᠢᠨ ᠲᠤᠭ᠎ᠠ 53 ᠪᠣᠯᠵᠣ᠂ ᠠᠵᠤ ᠦᠢᠯᠡᠰ ᠤᠨ ᠲᠥᠷᠥᠯ ᠵᠦᠢᠯ ᠨᠢ ᠮᠠᠯ ᠤᠨᠤᠭ᠎ᠠ ᠶᠢ ᠨᠠᠶᠢᠳᠠᠨ ᠲᠡᠵᠢᠭᠡᠨ ᠦᠷᠡᠵᠢᠭᠦᠯᠬᠦ᠂ ᠭᠠᠵᠠᠷ ᠰᠢᠷᠣᠶ ᠶᠢ ᠡᠷᠭᠢᠯᠳᠦᠭᠦᠯᠬᠦ᠂ ᠲᠠᠷᠢᠶᠠᠯᠠᠩ ᠤᠨ ᠮᠠᠰᠢᠨ ᠪᠠᠭᠠᠵᠢ ᠶᠢᠨ ᠦᠶ᠋ᠯᠡᠴᠢᠯᠡᠭᠡ ᠵᠡᠷᠭᠡ ᠣᠯᠠᠨ ᠬᠦᠷᠢᠶ᠎ᠡ ᠴᠠᠷᠠᠭ᠎ᠠ ᠶᠢ ᠬᠠᠮᠤᠷᠴᠤ᠂ ᠠᠯᠬᠤᠮ ᠠᠯᠬᠤᠮ ᠢᠶᠠᠷ ᠡᠬᠢ ᠪᠠᠶᠠᠯᠢᠭ ᠢ ᠡᠮᠬᠢᠳᠬᠡᠨ ᠨᠡᠶᠢᠳᠬᠡᠬᠦ᠂ ᠰᠢᠯᠢᠳᠡᠭᠵᠢᠭᠦᠯᠦᠨ ᠳᠣᠭᠢᠷᠠᠭᠤᠯᠬᠤ᠂ ᠥᠪᠡᠷ ᠤᠨ ᠥᠷᠲᠡᠭ ᠢ ᠠᠷᠪᠢᠯᠠᠨ ᠦᠷ᠎ᠡ ᠠᠰᠢᠭ ᠢ ᠨᠡᠮᠡᠭᠳᠡᠭᠦᠯᠬᠦ ᠪᠠᠷ ᠳᠠᠮᠵᠢᠭᠤᠯᠤᠨ᠂ ᠲᠣᠰᠬᠤᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ ᠶᠢᠨ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠵᠦ᠂ ᠲᠣᠰᠬᠤᠨ ᠤ ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠶᠢ ᠳᠠᠶᠢᠴᠢᠯᠠᠨ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠥᠷᠳᠡᠬᠦ ᠰᠠᠶᠢᠨ ᠬᠥᠭᠵᠢᠯᠲᠡ ᠶᠢᠨ ᠵᠠᠮ ᠢᠶᠠᠷ ᠵᠠᠮᠨᠠᠭᠰᠠᠨ ᠪᠠᠶᠢᠨ᠎ᠠ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号