ᠮᠠᠯᠵᠢᠬᠤ ᠲᠠᠷᠢᠶᠠᠯᠠᠬᠤ ᠣᠷᠣᠨ ᠤ ᠰᠣᠶᠣᠯ ᠤᠨ ᠡᠷᠦᠬᠡ ᠶᠢᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠠᠬᠢᠭᠤᠯᠬᠤ᠂ ᠬᠥᠳᠡᠭᠡ ᠲᠣᠰᠬᠤᠨ ᠤ ᠵᠠᠩ ᠰᠤᠷᠲᠠᠯ ᠤᠨ ᠪᠣᠯᠪᠠᠰᠤᠨ ᠢ ᠪᠠᠶᠢᠭᠤᠯᠬᠤ᠂ ᠣᠶᠢᠷ᠎ᠠ | ᠬᠠᠪᠢ ᠶᠢᠨ ᠮᠠᠯᠴᠢᠨ ᠲᠠᠷᠢᠶᠠᠴᠢᠨ ᠤ ᠰᠣᠶᠣᠯ ᠤᠨ ᠠᠮᠢᠳᠤᠷᠠᠯ ᠢ ᠬᠠᠩᠭᠠᠬᠤ ᠵᠡᠷᠭᠡ ᠲᠠᠯ᠎ᠠ ᠶᠢᠨ ᠢᠳᠡᠪᠬᠢ | ᠦᠢᠯᠡᠳᠦᠯ ᠢ ᠪᠠᠳᠠᠷᠠᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ | ᠲᠢᠩᠬᠢᠮ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ | ᠣᠷᠣᠨ ᠤ ᠲᠢᠩᠬᠢᠮ ᠬᠠᠮᠲᠤ ᠪᠠᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ | ᠣᠷᠣᠨ ᠤ ᠰᠣᠶᠣᠯ ᠤᠨ ᠡᠷᠦᠬᠡ ᠶᠢ ᠲᠡᠳᠬᠦᠨ ᠬᠥᠭᠵᠢᠭᠦᠯᠬᠦ ᠬᠡᠷᠡᠭᠵᠢᠭᠦᠯᠬᠦ ᠲᠥᠰᠦᠯ︾ ᠤᠨ ᠱᠠᠭᠠᠷᠳᠠᠯᠭ᠎ᠠ ᠶᠢ | ᠦᠨᠳᠦᠰᠦᠯᠡᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ | ᠰᠣᠶᠣᠯ ᠤᠨ ᠡᠷᠦᠬᠡ ᠵᠢᠴᠢ ᠵᠢᠱᠢᠶ᠎ᠡ ᠦᠵᠡᠭᠦᠯᠬᠦ ᠡᠷᠦᠬᠡ ᠶᠢᠨ ᠦᠨᠳᠦᠰᠦᠨ ᠪᠠᠷᠢᠮᠵᠢᠶ᠎ᠠ︾᠂ ᠵᠢᠴᠢ ᠡᠳ᠋ ᠤᠨ | ᠵᠠᠰᠠᠭ ᠤᠨ ᠨᠥᠬᠦᠪᠥᠷᠢ ᠶᠢᠨ ᠵᠠᠷᠤᠳᠠᠯ ᠢ ᠪᠠᠭᠠᠰᠬᠠᠬᠤ ᠪᠣᠳᠠᠲᠠᠶ ᠲᠠᠢ ᠤᠶᠠᠯᠳᠤᠭᠤᠯᠵᠤ᠂ ᠡᠯ᠎ᠡ ᠭᠠᠵᠠᠷ ᠤᠨ ᠱᠠᠲᠤ | ᠱᠠᠲᠤ ᠪᠠᠷ ᠲᠠᠨᠢᠯᠴᠠᠭᠤᠯᠤᠭᠰᠠᠨ ᠰᠠᠭᠤᠷᠢᠨ ᠳᠡᠭᠡᠷ᠎ᠡ᠂ 2025 ᠣᠨ ᠤ ᠪᠥᠬᠦ ᠣᠷᠣᠨ ᠤ ᠮᠠᠯᠵᠢᠬᠤ ᠲᠠᠷᠢᠶᠠᠯᠠᠬᠤ | ᠣᠷᠣᠨ ᠤ ᠰᠣᠶᠣᠯ ᠤᠨ ᠵᠢᠱᠢᠶ᠎ᠡ ᠦᠵᠡᠭᠦᠯᠬᠦ ᠡᠷᠦᠬᠡ ᠶᠢ ᠰᠢᠯᠭᠠᠷᠠᠭᠤᠯᠬᠤ ᠠᠵᠢᠯ ᠢ ᠵᠣᠬᠢᠶᠠᠨ ᠪᠠᠶᠢᠭᠤᠯᠤᠨ | ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠰᠣᠶᠣᠯ ᠤᠨ ᠵᠢᠱᠢᠶ᠎ᠡ | ᠦᠵᠡᠭᠦᠯᠬᠦ ᠡᠷᠦᠬᠡ 80 ᠡᠷᠦᠬᠡ ︵ᠨᠡᠷᠡᠰ ᠢ ᠳᠠᠭᠠᠯᠳᠤᠭᠤᠯᠤᠯ ᠳᠤ ᠦᠵᠡ︶ ᠶᠢ ᠰᠢᠯᠭᠠᠷᠠᠭᠤᠯᠤᠨ ᠭᠠᠷᠭᠠᠪᠠ᠃ | ᠤᠳᠤ ᠢᠯᠡ ᠨᠡᠶᠢᠳᠡᠯᠡᠶ᠎ᠡ᠂ ᠢᠯᠡ ᠨᠡᠶᠢᠲᠡᠯᠡᠬᠦ ᠬᠤᠭᠤᠴᠠᠭ᠎ᠠ᠄ 2024 ᠣᠨ ᠤ 12 ᠰᠠᠷ᠎ᠠ ᠶᠢᠨ 30 ᠤ ᠡᠳᠦᠷ | ᠠᠴᠠ 2025 ᠣᠨ ᠤ 1 ᠰᠠᠷ᠎ᠠ ᠶᠢᠨ 6 ᠤ ᠡᠳᠦᠷ ᠪᠤᠯᠳᠠᠯ᠎ᠠ᠃ ᠣᠨᠳᠣᠤ ᠰᠠᠨᠠᠯ ᠲᠠᠢ ᠪᠣᠯ᠂ ᠢᠯᠡ ᠨᠡᠶᠢᠲᠡᠯᠡᠬᠦ | ᠬᠤᠭᠤᠴᠠᠭᠠᠨ ᠳᠤ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠣᠯᠠᠨ | ᠨᠡᠶᠢᠲᠡ ᠶᠢᠨ ᠦᠢᠯᠡᠴᠢᠯᠡᠭᠡᠨ ᠤ ᠭᠠᠵᠠᠷ ᠲᠤ ᠲᠤᠰᠬᠠᠬᠤ ᠬᠡᠷᠡᠭᠲᠡᠶ᠃ ᠪᠠᠢᠳᠠᠯ ᠢ ᠦᠨᠡᠨ ᠪᠣᠳᠠᠲᠠᠢ ᠲᠤᠰᠬᠠᠬᠤ | ᠬᠡᠷᠡᠭᠲᠡᠢ ᠪᠥᠭᠡᠳ ᠣᠪᠣᠭ ᠨᠡᠷ᠎ᠡ ᠪᠠᠨ ᠦᠯᠡᠳᠡᠭᠡᠵᠦ᠂ ᠬᠠᠷᠢᠯᠴᠠᠬᠤ ᠠᠷᠭ᠎ᠠ ᠮᠠᠶᠢᠭ ᠢᠶᠠᠨ ᠦᠯᠡᠳᠡᠭᠡᠨ ᠬᠢᠨᠠᠨ | ᠪᠠᠶᠢᠴᠠᠭᠠᠬᠤ ᠳᠤ ᠳᠥᠭᠦᠮ ᠪᠣᠯᠭᠠᠭᠠᠷᠠᠢ᠃ | ᠬᠠᠷᠢᠯᠴᠠᠬᠤ ᠬᠥᠮᠦᠨ᠄ ᠪᠠᠶ ᠵᠢᠶᠦ᠋ᠨ ᠮᠢᠩ 0471 - 6968006 | ᠰᠢᠦᠳᠠᠨ ᠬᠠᠶᠢᠷᠴᠠᠭ᠄ nmwhtswc@163.com | | | ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠰᠤᠶᠤᠯ ᠪᠠ ᠵᠢᠭᠤᠯᠴᠢᠯᠠᠯ ᠤᠨ ᠲᠢᠩᠬᠢᠮ | 2024 ᠣᠨ ᠤ 12 ᠰᠠᠷ᠎ᠠ ᠶᠢᠨ 30 ᠤ ᠡᠳᠦᠷ | |