ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠰᠠ ᠨᠢᠭᠡ ᠭᠡᠷᠡᠯᠴᠢ ᠴᠡᠨᠡᠭ ᠤᠨ ᠲᠥᠷᠥᠯ ᠵᠦᠢᠯ ᠴᠠᠬᠢᠯᠭᠠᠨ  ᠭᠠᠷᠭᠠᠵᠤ ᠡᠬᠢᠯᠡᠪᠡ
ᠨᠡᠶᠢᠲᠡᠯᠡᠭᠰᠡᠨ ᠴᠠᠭ᠄
2025/1/2
      ᠵᠢᠯ ᠤᠨ ᠡᠴᠦᠰ  ᠪᠤᠯᠬᠤ ᠳᠤ᠂ ᠳᠠᠬᠢᠨ ᠢᠯᠠᠯᠲᠠ ᠶᠢᠨ ᠮᠡᠳᠡᠭᠡ ᠤᠯᠠᠮᠵᠢᠯᠠᠭᠳᠠᠪᠠ︕ 12 ᠰᠠᠷ᠎ᠠ ᠶᠢᠨ 30 ᠤ ᠡᠳᠦᠷ᠂ ᠪᠤᠭᠤᠲᠤ ᠶᠢᠨ ᠬᠥᠩᠭᠡᠨᠴᠠᠭᠠᠨ ᠤ ᠦᠢᠯᠡᠰ ᠤᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ 120 ᠲᠦᠮᠡᠨ ᠺᠢᠯᠣᠸᠠᠲ ᠤᠨ ᠰᠢᠨ᠎ᠡ ᠡᠨᠧᠷᠭᠢ ᠶᠢᠨ ᠲᠦᠷᠦᠯ ᠵᠦᠢᠯ ᠤᠨ ᠬᠡᠯᠲᠡᠰ ᠦᠳᠠ ᠶᠢᠨ ᠡᠮᠦᠨ᠎ᠡ ᠶᠢᠨ 10 ᠴᠠᠭ 28 ᠮᠢᠨᠦ᠋ᠲ ᠲᠤ᠂ ᠪᠤᠭᠤᠲᠤ ᠶᠢᠨ ᠬᠦᠩᠭᠡᠨᠴᠠᠭᠠᠨ ᠤ ᠦᠢᠯᠡᠰ ᠤᠨ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ 120 ᠲᠦᠮᠡᠨ ᠺᠢᠯᠣᠸᠠᠲ ᠤᠨ ᠰᠢᠨ᠎ᠡ ᠡᠨᠧᠷᠭᠢ ᠶᠢᠨ ᠲᠦᠷᠦᠯ ᠵᠦᠢᠯ ᠤᠨ ᠭᠡᠷᠡᠯᠴᠢ ᠴᠡᠨᠡᠭ ᠤᠨ ᠢᠨᠵᠧᠨᠧᠷᠢᠩ ᠠᠮᠵᠢᠯᠲᠠ ᠲᠠᠢ ᠪᠠᠷ ᠴᠠᠬᠢᠯᠭᠠᠨ ᠭᠠᠷᠭᠠᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠴᠡᠪᠡᠷ ᠡᠨᠧᠷᠭᠢ ᠶᠢ ᠠᠰᠢᠭᠯᠠᠬᠤ᠂ ᠪᠣᠬᠢᠷᠲᠤᠯ ᠦᠭᠡᠢ ᠬᠥᠭᠵᠢᠯᠲᠡ ᠶᠢ ᠪᠡᠶᠡᠯᠡᠭᠦᠯᠬᠦ ᠵᠠᠮ ᠳᠤ ᠪᠠᠰᠠ ᠪᠠᠲᠤ ᠪᠠᠬᠢ ᠨᠢᠭᠡ ᠠᠯᠬᠤᠮ ᠠᠯᠬᠤᠭᠰᠠᠨ ᠢ  ᠬᠠᠷᠠᠭᠤᠯᠪᠠ᠃      ᠣᠶᠢᠯᠠᠭᠠᠭᠰᠠᠨ ᠢᠶᠠᠷ᠂ ᠲᠣᠰ ᠲᠥᠷᠥᠯ ᠵᠦᠢᠯ ᠢ ᠪᠤᠭᠤᠲᠤ ᠶᠢᠨ ᠬᠥᠩᠭᠡᠨ ᠴᠠᠭᠠᠨ ᠤ ᠦᠢᠯᠡᠰ ᠠᠴᠠ 59.88 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ ᠪᠠᠶᠢᠭᠤᠯᠤᠨ᠂ ᠲᠥᠷᠥᠯ ᠵᠦᠢᠯ ᠤᠨ ᠡᠵᠡᠯᠡᠬᠦ ᠭᠠᠵᠠᠷ ᠨᠢ 158 ᠲᠡᠭᠰᠢ ᠳᠥᠷᠪᠡᠯᠵᠢᠨ  ᠺᠢᠯᠤᠮᠧᠲᠷ  ᠪᠠᠶᠢᠵᠤ᠂ 1000 MW ᠰᠠᠯᠬᠢᠨ ᠬᠦᠴᠦᠨ ᠤ ᠴᠠᠬᠢᠯᠭᠠᠨ᠂ 200MW  ᠬᠡᠷᠡᠯᠴᠢ ᠴᠡᠨᠡᠭ᠂ ᠬᠤᠶᠠᠷ ᠰᠠᠭᠤᠷᠢ 220kV ᠬᠦᠴᠦᠳᠡᠯ ᠳᠡᠭᠡᠭᠰᠢᠯᠡᠭᠦᠯᠬᠦ ᠥᠷᠲᠡᠭᠡ᠂ ᠬᠦᠷᠭᠡᠵᠦ ᠭᠠᠷᠭᠠᠬᠤ ᠱᠤᠭᠤᠮ ᠵᠢᠴᠢ ᠪᠤᠭᠤᠲᠤ ᠬᠤᠲᠠ ᠶᠢᠨ ᠵᠢᠱᠢᠶ᠎ᠡ ᠦᠵᠡᠭᠦᠯᠬᠦ ᠢᠨᠵᠧᠨᠧᠷᠢᠩ ᠤᠨ 90 ᠲᠦᠮᠡᠨ ᠺᠢᠯᠣᠸᠠᠲ ᠤᠨ ᠱᠤᠭᠤᠮ᠂ ᠴᠠᠬᠢᠯᠭᠠᠨ ᠬᠢᠮᠢ ᠶᠢᠨ ᠡᠨᠧᠷᠭᠢ ᠬᠠᠳᠠᠭᠠᠯᠠᠬᠤ ᠪᠡᠯᠡᠳᠬᠡᠮᠵᠢ ᠪᠠᠭᠲᠠᠨ᠎ᠠ᠃ ᠡᠭᠦᠨ ᠳᠤ ᠬᠡᠷᠡᠯᠴᠢ ᠴᠡᠨᠡᠭ ᠤᠨ ᠲᠥᠷᠥᠯ ᠵᠦᠢᠯ 6900 ᠮᠥ ᠭᠠᠵᠠᠷ ᠢ ᠡᠵᠡᠯᠡᠵᠦ᠂ ᠬᠡᠷᠡᠯᠴᠢ ᠴᠡᠨᠡᠭ ᠤᠨ ᠲᠣᠨᠤᠭ ᠲᠥᠬᠦᠭᠡᠷᠦᠮᠵᠢ ᠶᠢ ᠨᠡᠶᠢᠲᠡ 42 ᠲᠦᠮᠡᠨ ᠬᠡᠰᠡᠭ ᠪᠠᠶᠢᠷᠢᠯᠠᠭᠤᠯᠵᠤ᠂ ᠬᠡᠷᠡᠯᠴᠢ ᠴᠡᠨᠡᠭ ᠤᠨ ᠲᠥᠷᠥᠯ ᠵᠦᠢᠯ ᠠᠮᠵᠢᠯᠲᠠ ᠲᠠᠢ ᠪᠠᠷ ᠴᠠᠬᠢᠯᠭᠠᠨ ᠭᠠᠷᠭᠠᠬᠤ ᠶᠢ ᠳᠠᠭᠠᠯᠳᠤᠨ᠂ ᠡᠨᠡ 42 ᠲᠦᠮᠡᠨ ᠬᠡᠰᠡᠭ ᠬᠡᠷᠡᠯᠴᠢ ᠴᠡᠨᠡᠭ ᠤᠨ ᠲᠣᠨᠤᠭ ᠲᠥᠬᠦᠭᠡᠷᠦᠮᠵᠢ ᠶᠢ ᠴᠦ ᠵᠢᠩᠬᠢᠨᠢ ᠪᠠᠷ ︽ᠠᠵᠢᠯ ᠤᠨ ᠪᠠᠶᠢᠷᠢ ᠳᠤ  ᠭᠠᠷᠭᠠᠵᠤ︾ ᠠᠵᠢᠯ ᠢᠶᠠᠨ ᠡᠬᠢᠯᠡᠭᠦᠯᠪᠡ᠃      ᠪᠤᠭᠤᠲᠤ ᠶᠢᠨ ᠬᠥᠩᠭᠡᠨ ᠴᠠᠭᠠᠨ ᠤ ᠦᠢᠯᠡᠰ ᠤᠨ ᠬᠢᠵᠠᠭᠠᠷᠲᠤ ᠺᠣᠮᠫᠠᠨᠢ ᠶᠢᠨ ᠰᠢᠨ᠎ᠡ ᠡᠨᠧᠷᠭᠢ ᠶᠢᠨ ᠬᠤᠪᠢᠶᠠᠷᠢ ᠺᠣᠮᠫᠠᠨᠢ ᠶᠢᠨ ᠢᠨᠵᠧᠨᠧᠷᠢᠩ ᠤᠨ ᠮᠡᠷᠭᠡᠵᠢᠯ ᠤᠨ ᠬᠡᠯᠲᠡᠰ ᠤᠨ ᠳᠠᠭᠠᠭᠠᠮᠠᠯ ᠰᠢ ᠯᠸᠢ ᠰᠤᠷᠪᠤᠯᠵᠢᠯᠠᠭᠴᠢ ᠳᠤ ᠬᠡᠯᠡᠭᠰᠡᠨ ᠨᠢ᠄ ︽ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ 32 ᠳ᠋ᠦᠩᠰᠢᠭᠤᠷ ᠭᠷᠠᠳᠦ᠋ᠰ ᠤᠨ ᠪᠣᠬᠢᠷᠲᠤᠯ ᠥᠬᠡᠶ ᠴᠠᠬᠢᠯᠭᠠᠨ ᠬᠠᠩᠭᠠᠵᠤ ᠪᠣᠯᠤᠨ᠎ᠠ᠂ ᠡᠭᠦᠨ ᠳᠤ ᠬᠡᠷᠡᠯᠴᠢ ᠴᠡᠨᠡᠭ ᠢ 1854 ᠴᠠᠭ ᠠᠰᠢᠭᠯᠠᠵᠤ᠂ ᠵᠢᠯ ᠤᠨ ᠴᠠᠬᠢᠯᠭᠠᠨ ᠭᠠᠷᠭᠠᠬᠤ ᠬᠡᠮᠵᠢᠶ᠎ᠡ 4.5 ᠳ᠋ᠦᠩᠰᠢᠭᠤᠷ ᠭᠷᠠᠳᠦ᠋ᠰ ᠪᠠᠶᠢᠵᠤ᠂ 2 ᠳ᠋ᠤᠭᠠᠷ ᠨᠣᠮᠧᠷᠲᠦ ᠰᠠᠯᠬᠢᠨ ᠬᠦᠴᠦᠨ ᠤ ᠴᠠᠬᠢᠯᠭᠠᠨ ᠥᠷᠲᠡᠭᠡ ᠳᠤ ᠵᠠᠯᠭᠠᠵᠤ ᠪᠣᠶ᠃ ᠲᠥᠷᠥᠯ ᠵᠦᠢᠯ ᠨᠢ ᠪᠦᠬᠦᠯᠢ ᠴᠣᠭᠴᠠ ᠪᠠᠷ ᠢᠶᠠᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ 301 ᠲᠦᠮᠡᠨ ᠲᠣᠨ ᠪᠠᠭᠠᠰᠬᠠᠵᠤ᠂ ᠵᠢᠱᠢᠯᠲᠡ ᠪᠠᠷ ᠦᠢᠯᠡᠳᠬᠦᠨ ᠤ ᠥᠷᠲᠡᠭ ᠢ 12 ᠳ᠋ᠦᠩᠰᠢᠭᠤᠷ ᠲᠥᠭᠦᠷᠢᠭ ᠪᠡᠶᠡᠯᠡᠭᠦᠯᠵᠦ᠂ 2 ᠳ᠋ᠦᠩᠰᠢᠭᠤᠷ ᠲᠥᠭᠦᠷᠢᠭ ‍ᠤᠨ‌ᠭᠠᠶᠢᠯᠢ ᠲᠤᠰᠢᠶᠠᠵᠤ᠂ 200 ᠬᠥᠮᠦᠨ ᠳᠤ ᠠᠵᠢᠯ ᠣᠯᠭᠤᠬᠤ ᠶᠢ ᠳᠠᠶᠢᠴᠢᠯᠠᠨ᠎ᠠ︾ ᠭᠡᠪᠡ᠃       ︽  ᠪᠤᠬᠢᠷᠳᠤᠯ ᠦᠬᠡᠢ︾ ᠳᠠᠰᠢ ᠤᠷᠤᠭᠰᠢᠯᠠᠵᠤ᠂ ︽ᠰᠢᠨ᠎ᠡ︾ ᠳᠠᠰᠢ ᠬᠤᠪᠢᠷᠠᠵᠠᠶ᠃ ᠡᠳᠦᠭᠡ᠂ ᠨᠠᠩ ᠣᠯᠠᠨ ᠠᠵᠤ ᠠᠬᠤᠶᠢᠯᠠᠯ᠂ ᠲᠥᠷᠥᠯ ᠵᠦᠢᠯ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ ᠨᠤᠳᠤᠭᠯᠠᠵᠤ᠂ ᠪᠣᠬᠢᠷᠲᠤᠯ ᠥᠬᠡᠶ ᠬᠥᠭᠵᠢᠯᠲᠡ ᠶᠢᠨ ᠰᠢᠨ᠎ᠡ ᠬᠠᠭᠤᠳᠠᠰᠤ ᠶᠢ ᠲᠠᠰᠤᠷᠠᠯᠲᠠ ᠥᠬᠡᠶ ᠪᠢᠴᠢᠭᠯᠡᠵᠦ᠂ ᠪᠤᠬᠢᠷᠳᠤᠯ ᠦᠬᠡᠢ  ᠨᠢ ᠨᠢᠭᠡᠨᠲᠡ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠮᠤᠭ ᠤᠨ ᠢᠯᠡ ᠲᠣᠳᠣ ᠥᠩᠭᠡ  ᠣᠨᠴᠠᠯᠢᠭ ᠪᠣᠯᠤᠭᠰᠠᠨ ᠪᠠᠶᠢᠨ᠎ᠠ᠃ ᠢᠷᠡᠭᠡᠳᠦᠢ ᠪᠠᠨ ᠪᠠᠷᠠᠯᠠᠬᠤᠶ᠎ᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠪᠣᠬᠢᠷᠲᠤᠯ ᠦᠭᠡᠢ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠦᠷᠭᠦᠯᠵᠢᠯᠡᠬᠦ ᠬᠥᠭᠵᠢᠯᠲᠡ ᠶᠢᠨ ᠵᠠᠮ ᠢᠶᠠᠷ ᠦᠷᠭᠦᠯᠵᠢᠯᠡᠨ ᠲᠤᠮᠤ ᠠᠯᠬᠤᠮ ᠢᠶᠠᠷ ᠤᠷᠤᠭᠰᠢᠯᠠᠬᠤ ᠪᠣᠯᠤᠨ᠎ᠠ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号