ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠨᠡ ᠬᠦ ᠲᠥᠷᠥᠯ ᠵᠦᠢᠯ ᠨᠢ ᠥᠪᠡᠷᠲᠡᠭᠡᠨ ᠵᠠᠰᠠᠬᠤ ᠣᠷᠣᠨ ᠤ ᠠᠷᠪᠠᠨ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠬᠢᠴᠠ ᠪᠠᠷ ᠦᠨᠡᠯᠡᠭᠳᠡᠪᠡ︕
ᠨᠡᠶᠢᠲᠡᠯᠡᠭᠰᠡᠨ ᠴᠠᠭ᠄
2025/1/20
      2024 ᠣᠨ ᠳᠤ᠂ ᠥᠪᠥᠷ ᠮᠣᠩᠭᠤᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ ᠢ ᠪᠦᠳᠦᠭᠡᠨ ᠪᠠᠶᠢᠭᠤᠯᠬᠤ ᠳᠤᠮᠳᠠᠬᠢ ᠪᠠᠶᠢᠷᠢ ᠲᠣᠭᠲᠠᠭᠠᠯᠲᠠ ᠶᠢ ᠣᠨᠣᠪᠴᠢᠲᠠᠢ ᠣᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠬᠡᠷᠡᠭᠵᠢᠭᠦᠯᠬᠦ ᠪᠠᠷ ᠭᠤᠣᠯ ᠭᠠᠷᠳᠠᠴᠠ ᠪᠣᠯᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠰᠢᠪᠲᠤᠯᠤᠯᠲᠠ ᠭᠠᠷᠭᠠᠬᠤ ᠭᠠᠵᠠᠷ ᠪᠣᠯᠭᠠᠵᠤ᠂ ᠡᠬᠢ ᠪᠠᠶᠠᠯᠢᠭ ᠤᠨ ᠬᠦᠴᠦᠨ ᠢ ᠲᠥᠪᠯᠡᠷᠡᠭᠦᠯᠦᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠵᠤ᠂ ᠪᠦᠬᠦ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠦᠢᠯᠡᠰ ᠡᠯᠪᠡᠭ ᠪᠠᠶᠠᠯᠢᠭ ᠦᠷ᠎ᠡ ᠪᠦᠲᠦᠭᠡᠯ ᠣᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠰᠢᠨ᠎ᠡ ᠵᠠᠮ ᠢ ᠨᠡᠭᠡᠭᠡᠵᠦ ᠳᠤᠮᠳᠠ ᠲᠦᠪᠰᠢᠨ ᠳᠤ ᠬᠦᠷᠬᠦ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠬᠠᠩᠭᠠᠪᠠ᠃ ᠲᠦᠷᠦᠭᠦᠬᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ᠂ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠳᠦᠷ ᠤᠨ ᠰᠣᠨᠢᠨ ᠤ ᠬᠤᠷᠢᠶ᠎ᠠ ᠶᠢᠨ ᠥᠪᠥᠷ ᠮᠣᠩᠭᠤᠯ ᠤᠨ ᠰᠤᠷᠪᠤᠯᠵᠢᠯᠠᠭᠴᠢ ᠶᠢᠨ ᠥᠷᠲᠡᠭᠡ ᠬᠢᠭᠡᠳ ᠨᠡᠶᠢᠭᠡᠮ ᠨᠡᠶᠢᠲᠡ ᠲᠠᠢ ᠬᠠᠮᠲᠤ ᠪᠠᠷ 2024 ᠣᠨ ᠤ ᠣᠯᠠᠨ ᠨᠡᠶᠢᠲᠡ ᠶᠢᠨ ᠠᠩᠬᠠᠷᠴᠤ ᠪᠠᠶᠢᠭ᠎ᠠ ᠥᠪᠥᠷ ᠮᠣᠩᠭᠤᠯ ᠤᠨ ᠠᠷᠪᠠᠨ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠬᠢᠴᠠ ᠶᠢ ᠰᠢᠯᠭᠠᠷᠠᠭᠤᠯᠤᠨ ᠭᠠᠷᠭᠠᠵᠤ᠂ ᠴᠡᠭ ᠢᠶᠠᠷ ᠨᠡᠶᠢᠳᠡᠮ ᠢ ᠳᠠᠶᠢᠴᠢᠯᠠᠨ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠴᠤᠭ ᠵᠢᠪᠬᠤᠭ᠎ᠠ ᠶᠢ ᠢᠯᠡᠷᠡᠭᠦᠯᠪᠡ᠃ᠡᠭᠦᠨ ᠳᠤ᠂ ᠥᠪᠥᠷ ᠮᠣᠩᠭᠤᠯ ᠤᠨ ᠬᠤᠸᠠ ᠳ᠋ᠢᠶᠠᠨ ᠤᠰᠤᠲᠥ᠋ᠷᠥᠭᠴᠢ ᠡᠨᠧᠷᠭᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠠᠴᠠ ᠪᠤᠭᠤᠲᠤ ᠬᠤᠲᠠ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ ᠬᠡᠷᠡᠭᠵᠢᠭᠦᠯᠦᠭᠰᠡᠨ ᠠᠵᠤ ᠦᠢᠯᠡᠳᠪᠦᠷᠢ ᠶᠢᠨ ᠪᠠᠶᠢᠭᠠᠯᠢ ᠶᠢᠨ ᠰᠢᠲᠠᠮᠠᠬᠠᠶ ᠬᠡᠶ ᠬᠤᠯᠢᠵᠤ ᠰᠢᠲᠠᠭᠠᠬᠤ ᠪᠤᠬᠢᠷᠳᠤᠯ ᠦᠭᠡᠢ‌ᠤᠰᠤᠲᠥ᠋ᠷᠥᠭᠴᠢ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠨᠢ ᠰᠣᠩᠭᠤᠭᠳᠠᠨ ᠣᠷᠣᠪᠠ᠃      ᠲᠣᠮᠣ ᠬᠡᠯᠪᠡᠷᠢ ᠶᠢᠨ ᠬᠤᠪᠢᠷᠠᠬᠤ ᠳᠤ ᠪᠡᠷᠬᠡ ᠲᠡᠮᠦᠷᠯᠢᠭ ᠲᠣᠨᠤᠭ ᠢ ᠬᠦᠨᠳᠦ ᠬᠡᠯᠪᠡᠷᠢ ᠶᠢᠨ ᠰᠢᠬᠠᠵᠤ ᠦᠢᠯᠡᠳᠬᠦ ᠵᠠᠩᠭᠢᠯᠠᠭ᠎ᠠ ᠶᠢᠨ ᠮᠡᠷᠭᠡᠵᠢᠯ ᠴᠢᠬᠤᠯᠠ ᠶᠡᠭᠡ ᠰᠢᠪᠲᠤᠯᠤᠯᠲᠠ ᠲᠠᠢ ᠪᠣᠯᠪᠠ᠃      ᠥᠪᠥᠷ ᠮᠣᠩᠭᠤᠯ ᠤᠨ ᠤᠮᠠᠷᠠᠲᠤ ᠶᠢᠨ ᠬᠦᠨᠳᠦ ᠠᠵᠤ ᠦᠢᠯᠡᠳᠪᠦᠷᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠨᠢ ᠤᠯᠤᠰ ᠤᠨ ᠵᠠᠩᠭᠢᠯᠠᠭ᠎ᠠ ᠶᠢᠨ ᠬᠦᠷᠢᠶ᠎ᠡ ᠴᠠᠷᠠᠭ᠎ᠠ ᠳᠤ ᠥᠨᠳᠥᠷ ᠬᠠᠶᠢᠯᠤᠰᠢ ᠶᠢᠨ ᠲᠣᠮᠣ ᠠᠮᠠᠰᠠᠷᠲᠤ ᠵᠤᠵᠠᠭᠠᠨ ᠬᠠᠨ᠎ᠠ ᠶᠢᠨ ᠬᠠᠯᠠᠭᠤᠨ ᠳᠤ ᠲᠡᠰᠪᠦᠷᠢᠲᠡᠶ ᠪᠣᠯᠣᠳ ᠬᠤᠭᠤᠯᠠᠢ᠂ ᠥᠨᠳᠥᠷ ᠵᠢᠭᠳᠡ ᠴᠢᠨᠠᠷᠲᠤ ᠲᠣᠮᠣ ᠠᠮᠠᠰᠠᠷᠲᠤ ᠠᠦ᠋ᠰᠲ᠋ᠧᠨ ᠪᠡᠶ᠎ᠡ ᠶᠢᠨ ᠵᠢᠪᠡᠷᠡᠬᠦ ᠦᠭᠡᠢ ᠪᠣᠯᠣᠳ ᠬᠤᠭᠤᠯᠠᠢ ᠪᠠ ᠲᠣᠮᠣ ᠳ᠋ᠢᠶᠠᠮᠧᠲᠷ ᠤᠨ ᠨᠤᠨᠳᠠᠭ ᠤᠨ ᠥᠨᠳᠥᠷ ᠳᠤᠯᠠᠭᠠᠨ ᠤ ᠬᠠᠶᠢᠯᠤᠰᠢ ᠶᠢᠨ ᠰᠢᠳᠠᠮ ᠤᠨ ᠲᠣᠨᠤᠭ ᠵᠡᠷᠭᠡ ᠴᠢᠬᠤᠯᠠ ᠶᠡᠭᠡ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠣᠯᠠᠨ ᠨᠢᠭᠡᠴᠢ ᠲᠠᠢ ᠬᠤᠯᠪᠣᠭᠠᠯᠠᠨ ᠲᠣᠮᠣ ᠠᠮᠠᠰᠠᠷᠲᠤ ᠵᠤᠵᠠᠭᠠᠨ ᠬᠠᠨ᠎ᠠ ᠶᠢᠨ ᠬᠠᠯᠠᠭᠤᠨ ᠳᠤ ᠲᠡᠰᠪᠦᠷᠢᠲᠡᠶ ᠪᠣᠯᠣᠳ ᠤᠨ ᠵᠠᠪᠰᠠᠷ ᠦᠭᠡᠢ ᠪᠣᠯᠣᠳ ᠬᠤᠭᠤᠯᠠᠢ ᠶᠢᠨ ᠲᠣᠮᠣ ᠬᠡᠯᠪᠡᠷᠢ ᠶᠢᠨ ᠪᠣᠯᠣᠳ ᠲᠡᠪᠬᠡ ᠶᠢ ᠰᠢᠬᠠᠵᠤ ᠬᠡᠪᠰᠢᠭᠦᠯᠬᠦ᠂ ᠠᠦ᠋ᠰᠲ᠋ᠧᠨ ᠪᠡᠶ᠎ᠡ ᠶᠢᠨ ᠵᠢᠪᠡᠷᠡᠬᠦ ᠦᠭᠡᠢ ᠪᠣᠯᠣᠳ ᠢ ᠣᠶᠢᠷᠠᠯᠴᠠᠭ᠎ᠠ ᠲᠡᠩᠴᠡᠭᠦᠦ ᠳᠤᠯᠠᠭᠠᠨᠲᠤ ᠬᠦᠨᠳᠦ ᠬᠡᠯᠪᠡᠷᠢ ᠶᠢᠨ ᠰᠢᠬᠠᠵᠤ ᠬᠡᠪᠰᠢᠭᠦᠯᠬᠦ᠂ ᠨᠤᠨᠳᠠᠭ ᠤᠨ ᠥᠨᠳᠥᠷ ᠳᠤᠯᠠᠭᠠᠨ ᠤ ᠬᠠᠶᠢᠯᠤᠰᠢ ᠶᠢ ᠪᠦᠳᠦᠭᠦᠷᠡᠭᠦᠯᠵᠦ — ᠰᠢᠬᠠᠵᠤ ᠬᠡᠪᠰᠢᠭᠦᠯᠬᠦ᠂ ᠬᠡᠲᠦ ᠶᠡᠭᠡ ᠬᠤᠪᠢᠷᠠᠭᠠᠭᠳᠠᠯ ᠤᠨ ᠬᠦᠴᠦᠯᠡᠴᠡ ᠲᠠᠢ ᠪᠣᠯᠣᠳ ᠤᠲᠠᠰᠤ ᠶᠢ ᠣᠷᠢᠶᠠᠵᠤ ᠰᠢᠬᠠᠨ ᠬᠡᠪᠰᠢᠭᠦᠯᠬᠦ ᠬᠡᠪ ᠢ ᠳᠠᠬᠢᠨ ᠦᠢᠯᠡᠳᠬᠦ ᠵᠡᠷᠭᠡ ᠵᠠᠩᠭᠢᠯᠠᠭ᠎ᠠ ᠶᠢᠨ ᠮᠡᠷᠭᠡᠵᠢᠯ ᠢ ᠰᠢᠪᠲᠤᠯᠤᠭᠰᠠᠨ ᠪᠠᠶᠢᠨ᠎ᠠ᠃ ᠳᠡᠭᠡᠳᠦ ᠲᠠᠰ ᠤᠨ P92 ᠲᠣᠮᠣ ᠠᠮᠠᠰᠠᠷᠲᠤ ᠬᠤᠭᠤᠯᠠᠶ ᠶᠢᠨ ᠮᠠᠲ᠋ᠧᠷᠢᠶᠠᠯ ᠤᠨ ᠰᠢᠨ᠎ᠡ ᠴᠢᠨᠠᠷ ᠢ ᠬᠡᠪᠴᠢᠶᠡᠵᠢᠭᠦᠯᠦᠨ ᠦᠢᠯᠡᠳᠪᠦᠷᠢᠯᠡᠬᠦ ᠶᠢ ᠪᠡᠶᠡᠯᠡᠭᠦᠯᠵᠦ᠂ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠥᠪᠡᠷ ᠤᠨ ᠥᠷᠲᠡᠭ ᠢ 30% ᠠᠴᠠ ᠳᠡᠭᠡᠭᠰᠢ ᠪᠠᠭᠤᠷᠠᠭᠤᠯᠵᠤ᠂ ᠣᠯᠠᠨ ᠤᠯᠤᠰ ᠤᠨ ᠥᠷᠢᠰᠦᠯᠳᠦᠬᠦ ᠴᠢᠳᠠᠪᠤᠷᠢ ᠶᠢ ᠢᠯᠡᠳᠲᠡ ᠳᠡᠭᠡᠭᠰᠢᠯᠡᠭᠦᠯᠪᠡ︔ ᠬᠡᠲᠦ ᠴᠡᠪᠡᠷ TP 316H ᠠᠦ᠋ᠰᠲ᠋ᠧᠨ ᠪᠡᠶ᠎ᠡ ᠶᠢᠨ ᠵᠢᠪᠡᠷᠡᠬᠦ ᠦᠭᠡᠢ ᠪᠣᠯᠣᠳ ᠤᠨ ᠲᠣᠮᠣ ᠠᠮᠠᠰᠠᠷᠲᠤ ᠵᠤᠵᠠᠭᠠᠨ ᠬᠠᠨ᠎ᠠ  ᠶᠢᠨ ᠬᠤᠭᠤᠯᠠᠶ ᠶᠢᠨ ᠮᠠᠲ᠋ᠧᠷᠢᠶᠠᠯ ᠢ ᠣᠬᠤᠷ ᠶᠠᠪᠤᠴᠠ ᠳᠤ ᠦᠢᠯᠡᠳᠬᠦ ᠮᠡᠷᠭᠡᠵᠢᠯ ᠢ ᠰᠢᠪᠲᠤᠯᠵᠤ᠂ ᠳᠡᠯᠡᠬᠡᠶ ᠳᠡᠭᠡᠷ᠎ᠡ ᠪᠥᠭᠡᠮ ᠢᠶᠠᠷ ᠦᠢᠯᠡᠳᠪᠦᠷᠢᠯᠡᠬᠦ ᠶᠢ ᠡᠩ ᠲᠡᠷᠢᠭᠦᠨ ᠳᠤ ᠪᠡᠶᠡᠯᠡᠭᠦᠯᠪᠡ︔ ᠨᠤᠨᠳᠠᠭ ᠥᠨᠳᠥᠷ ᠳᠤᠯᠠᠭᠠᠨ ᠤ ᠬᠠᠶᠢᠯᠤᠰᠢ ᠶᠢᠨ ᠵᠢᠭᠳᠡ ᠴᠢᠨᠠᠷ ᠤᠨ ᠰᠢᠳᠠᠮ ᠤᠨ ᠬᠡᠪ ᠪᠠᠷᠢᠮᠵᠢᠶ᠎ᠠ ᠨᠢ Φ 280 — 400mm᠂ ᠲᠠᠯᠠᠰᠲᠤ ᠮᠥᠬᠦᠯᠢᠭ ᠤᠨ ᠬᠡᠮᠵᠢᠶ᠎ᠡ ᠨᠢ ASTMll ᠳᠡᠰ ᠲᠤ ᠬᠦᠷᠴᠦ᠂ ᠠᠰᠢᠭᠯᠠᠬᠤ ᠨᠤᠷᠮ᠎ᠠ ᠨᠢ ᠭᠠᠳᠠᠭᠠᠳᠤ ᠲᠠᠢ ᠬᠠᠷᠢᠴᠠᠭᠤᠯᠪᠠᠯ 20% ᠪᠠᠷ ᠳᠡᠭᠡᠭᠰᠢᠯᠡᠪᠡ︔ ᠲᠣᠮᠣ ᠬᠡᠯᠪᠡᠷᠢ ᠶᠢᠨ ᠳᠠᠷᠤᠯᠲᠠᠲᠤ ᠬᠡᠪ ᠦᠢᠯᠡᠳᠬᠦ ᠬᠡᠪ ᠬᠡᠷᠡᠭᠰᠡᠯ ᠤᠨ ᠥᠨᠳᠥᠷ ᠪᠦᠲᠦᠮᠵᠢᠲᠡᠶ ᠳᠠᠬᠢᠨ ᠦᠢᠯᠡᠳᠬᠦ ᠮᠡᠷᠭᠡᠵᠢᠯ ᠤᠨ ᠢᠨᠵᠧᠨᠧᠷᠢᠩᠵᠢᠭᠰᠡᠨ ᠬᠡᠷᠡᠭᠯᠡᠯᠲᠡ ᠶᠢ ᠪᠡᠶᠡᠯᠡᠭᠦᠯᠵᠦ᠂ ᠬᠡᠪ ᠬᠡᠷᠡᠭᠰᠡᠯ ᠤᠨ ᠥᠪᠡᠷ ᠤᠨ ᠦᠷᠳᠡᠭ ᠢ ᠶᠡᠭᠡ ᠪᠠᠷ ᠪᠠᠭᠤᠷᠠᠭᠤᠯᠪᠠ᠃ ᠲᠥᠷᠥᠯ  ᠵᠦᠢᠯ ᠨᠢ ᠨᠡᠶᠢᠲᠡ 60 ᠲᠤᠰᠬᠠᠶ ᠠᠰᠢᠭ ᠣᠯᠵᠤ᠂ ᠡᠭᠦᠨ ᠳᠤ ᠡᠭᠦᠳᠦᠯᠲᠡ ᠶᠢᠨ ᠲᠤᠰᠬᠠᠶ ᠠᠰᠢᠭ 40 ᠵᠦᠢᠯ ᠳᠤ ᠬᠦᠷᠴᠦ᠂ ᠤᠯᠤᠰ᠂ ᠠᠵᠢᠯ ᠲᠥᠷᠥᠯ ᠵᠡᠷᠭᠡ ᠪᠠᠷᠢᠮᠵᠢᠶ᠎ᠠ ᠶᠢ 8 ᠵᠦᠢᠯ ᠲᠣᠭᠲᠠᠭᠠᠵᠤ ᠵᠠᠰᠠᠪᠤᠷᠢ ᠣᠷᠣᠭᠤᠯᠵᠤ᠂ ᠦᠷ᠎ᠡ ᠪᠦᠲᠦᠭᠡᠯ ᠢ ᠨᠢ ᠢᠯᠴᠢ ᠶᠢᠨ ᠴᠠᠬᠢᠯᠭᠠᠨ ᠤ ᠬᠡᠲᠦ ᠵᠠᠭᠠᠭ ᠤᠨ ᠮᠠᠰᠢᠨ ᠴᠣᠭᠴᠠᠯᠠᠪᠤᠷᠢ᠂ ᠳᠥᠷᠪᠡᠳᠦᠭᠡᠷ ᠦᠶ᠎ᠡ ᠶᠢᠨ ᠨᠠᠮᠢ ᠬᠦᠢᠲᠡᠨ ᠣᠪᠣᠭ᠎ᠠ ᠴᠥᠮ᠎ᠡ ᠶᠢᠨ ᠴᠠᠬᠢᠯᠭᠠᠨ ᠤ ᠵᠢᠱᠢᠶ᠎ᠡ ᠦᠵᠡᠭᠦᠯᠬᠦ ᠢᠨᠵᠧᠨᠧᠷᠢᠩ ᠳᠤ ᠬᠡᠷᠡᠭᠯᠡᠵᠦ᠂ ᠸᠦᠸᠧ ᠱᠠᠨ ᠰᠢᠷᠢᠰ᠂ ᠬᠥᠬᠡᠮᠥ᠋ᠷᠡᠨ ᠤ ᠰᠢᠷᠢᠰ ᠵᠡᠷᠭᠡ ᠠᠭᠠᠷ ᠤᠨ ᠠᠶᠠᠯᠠᠯ ᠤᠨ ᠣᠯᠠᠨ ᠬᠡᠯᠪᠡᠷᠢ ᠶᠢᠨ ᠠᠵᠤ ᠠᠬᠤᠶᠢᠯᠠᠯ ᠢ ᠰᠤᠳᠤᠯᠤᠨ ᠨᠡᠭᠡᠭᠡᠬᠦ ᠳᠤ ᠬᠡᠷᠡᠭᠯᠡᠵᠦ᠂ ᠣᠶᠢᠷ᠎ᠠ ᠶᠢᠨ 3 ᠵᠢᠯ ᠳᠤ ᠪᠣᠷᠣᠯᠠᠭᠤᠯᠭ᠎ᠠ ᠶᠢᠨ ᠣᠷᠣᠯᠭ᠎ᠠ ᠶᠢ 33 ᠳ᠋ᠦᠩᠰᠢᠭᠤᠷ ᠲᠥᠭᠦᠷᠢᠭ ᠪᠡᠶᠡᠯᠡᠭᠦᠯᠪᠡ᠃ ᠴᠠᠬᠢᠯᠭᠠᠨ ᠥᠷᠲᠡᠭᠡᠨ ᠤ P92 ᠶᠡᠭᠡ ᠠᠮᠠᠰᠠᠷᠲᠤ ᠬᠤᠭᠤᠯᠠᠢ ᠶᠢᠨ ᠮᠠᠲ᠋ᠧᠷᠢᠶᠠᠯ ᠤᠨ ᠵᠠᠬ᠎ᠠ ᠳᠡᠯᠭᠡᠭᠦᠷ ᠤᠨ ᠡᠵᠡᠯᠡᠬᠦ ᠨᠣᠷᠮ᠎ᠠ ᠨᠢ 85% ᠶᠢ ᠡᠵᠡᠯᠡᠵᠦ᠂ 2024 ᠣᠨ ᠤ ᠤᠯᠤᠰ ᠤᠨ ᠦᠢᠯᠡᠳᠬᠦ ᠦᠢᠯᠡᠰ ᠤᠨ ᠳᠠᠩ ᠵᠦᠢᠯ ᠤᠨ ᠮᠠᠩᠯᠠᠢ ᠪᠣᠯᠪᠠ᠃ ᠳᠤᠮᠳᠠᠳᠤ ᠤᠯᠤᠰ ᠤᠨ ᠮᠧᠬᠠᠨᠢᠭ ᠤᠨ ᠠᠵᠤ ᠦᠢᠯᠡᠳᠪᠦᠷᠢ ᠶᠢᠨ ᠬᠤᠯᠪᠣᠭᠠᠲᠤ ᠬᠤᠷᠠᠯ ᠠᠴᠠ ᠬᠢᠨᠠᠨ ᠲᠣᠭᠲᠠᠭᠠᠭᠰᠠᠨ ᠢᠶᠠᠷ᠂ ᠲᠥᠷᠥᠯ ᠵᠦᠢᠯ ᠤᠨ ᠶᠡᠷᠦᠩᠬᠡᠢ ᠴᠣᠭᠴᠠ ᠶᠢᠨ ᠮᠡᠷᠭᠡᠵᠢᠯ ᠨᠢ ᠣᠯᠠᠨ ᠤᠯᠤᠰ ᠤᠨ ᠲᠡᠷᠢᠭᠦᠨ ᠤ ᠬᠢᠷᠢ ᠲᠦᠪᠰᠢᠨ ᠳᠤ ᠬᠦᠷᠴᠦ᠂ ᠵᠢᠪᠡᠷᠡᠬᠦ ᠦᠭᠡᠢ ᠪᠣᠯᠣᠳ ᠤᠨ ᠲᠣᠮᠣ ᠠᠮᠠᠰᠠᠷᠲᠤ ᠬᠤᠭᠤᠯᠠᠢ ᠶᠢᠨ ᠮᠠᠲ᠋ᠧᠷᠢᠶᠠᠯ ᠤᠨ ᠣᠶᠢᠷᠠᠯᠴᠠᠭ᠎ᠠ ᠲᠡᠩᠴᠡᠭᠦᠦ ᠳᠤᠯᠠᠭᠠᠨᠲᠤ ᠬᠦᠨᠳᠦ ᠬᠡᠯᠪᠡᠷᠢ ᠶᠢᠨ ᠰᠢᠬᠠᠵᠤ ᠬᠡᠪᠰᠢᠭᠦᠯᠬᠦ ᠮᠡᠷᠭᠡᠵᠢᠯ᠂ ᠲᠣᠮᠣ ᠳ᠋ᠢᠶᠠᠮᠧᠲᠷ ᠤᠨ ᠨᠤᠨᠳᠠᠭ ᠤᠨ ᠥᠨᠳᠥᠷ ᠳᠤᠯᠠᠭᠠᠨ ᠤ ᠬᠠᠶᠢᠯᠤᠰᠢ ᠶᠢᠨ ᠮᠣᠳᠣᠨ ᠮᠠᠲ᠋ᠧᠷᠢᠶᠠᠯ ᠢ ᠪᠦᠳᠦᠭᠦᠷᠡᠭᠦᠯᠬᠦ — ᠰᠢᠬᠠᠵᠤ ᠬᠡᠪᠰᠢᠭᠦᠯᠬᠦ ᠮᠡᠷᠭᠡᠵᠢᠯ ᠨᠢ ᠳᠡᠯᠡᠬᠡᠢ ᠶᠢᠨ ᠲᠡᠷᠢᠭᠦᠨ ᠤ ᠲᠦᠪᠰᠢᠨ ᠳᠤ ᠣᠷᠣᠪᠠ᠃              ᠥᠪᠥᠷ ᠮᠣᠩᠭᠤᠯ ᠤᠨ ᠶᠡᠭᠡ ᠰᠤᠷᠭᠠᠭᠤᠯᠢ ᠳᠡᠯᠡᠬᠡᠶ ᠳᠡᠭᠡᠷ᠎ᠡ ᠬᠤᠨᠢᠨ ᠤ ᠭᠧᠨ ᠤ ᠬᠥᠮᠥᠷᠭᠡ ᠶᠢᠨ ᠲᠣᠭᠠᠵᠢᠭᠤᠯᠤᠯᠲᠠ ᠶᠢ ᠡᠩ ᠲᠡᠷᠢᠭᠦᠨ ᠳᠤ ᠪᠡᠶᠡᠯᠡᠭᠦᠯᠪᠡ      2024 ᠣᠨ ᠤ 8 ᠳ᠋ᠤᠭᠠᠷ ᠰᠠᠷ᠎ᠠ ᠶᠢᠨ 12 ᠤᠨ ᠡᠳᠦᠷ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠠᠯᠠᠰᠢᠨ ᠬᠤᠨᠢᠨ ᠤ ᠡᠭᠦᠯᠳᠡᠷ ᠪᠤᠶᠢᠵᠢᠭᠤᠯᠬᠤ ᠪᠠ ᠰᠢᠨ᠎ᠡ ᠶᠢ ᠡᠭᠦᠳᠬᠦ ᠪᠦᠯᠬᠦᠮ ︽ᠲᠣᠭᠠᠵᠢᠭᠤᠯᠤᠭᠰᠠᠨ ᠬᠤᠨᠢ︾ ᠶᠢᠨ ᠲᠣᠭᠲᠠᠯᠴᠠᠭ᠎ᠠ ᠶᠢ ᠵᠢᠩᠬᠢᠨᠢ ᠪᠠᠷ ᠨᠡᠶᠢᠲᠡᠯᠡᠵᠦ᠂ ᠪᠥᠬᠦ ᠳᠡᠯᠡᠬᠡᠶ ᠳᠤ ᠠᠩᠬ᠎ᠠ ᠤᠳᠠᠭ᠎ᠠ T2T ︵ᠪᠤᠳᠤᠭᠲᠤ ᠪᠡᠶ᠎ᠡ ᠶᠢᠨ ᠦᠵᠦᠭᠦᠷ ᠠᠴᠠ ᠦᠵᠦᠭᠦᠷ ᠤᠨ ᠮᠥᠬᠦᠯᠢᠭ ᠬᠦᠷᠬᠦ︶ ᠮᠡᠷᠭᠡᠵᠢᠯ ᠢ ᠠᠰᠢᠭᠯᠠᠨ ᠥᠨᠳᠥᠷ ᠤᠨᠠᠯᠲᠠ ᠲᠠᠢ ᠮᠢᠬᠠᠨ ᠤ ᠴᠢᠳᠠᠪᠬᠢᠲᠤ ᠱᠠᠷᠤᠯᠠᠶ ᠬᠤᠨᠢ᠂ ᠬᠦᠢᠲᠡᠨ ᠭᠠᠩ ᠬᠠᠭᠤᠷᠠᠶ ᠥᠨᠳᠦᠷᠯᠢᠭ ᠤᠨ ᠣᠷᠴᠢᠨ ᠲᠣᠭᠤᠷᠢᠨ ᠳᠤ ᠵᠣᠬᠢᠴᠠᠭᠰᠠᠨ ᠮᠣᠩᠭᠤᠯ ᠬᠤᠨᠢ᠂ ᠳᠣᠣᠷ᠎ᠠ ᠬᠦᠴᠢᠯᠲᠥ᠋ᠷᠥᠭᠴᠢᠲᠦ ᠠᠭᠤᠷ ᠠᠮᠢᠰᠬᠤᠯ ᠳᠤ ᠵᠣᠬᠢᠴᠠᠭᠰᠠᠨ ᠲᠥᠪᠡᠳ ᠬᠤᠨᠢ᠂ ᠠᠷᠪᠢᠨ ᠬᠤᠷᠠᠭᠠᠯᠠᠳᠠᠭ ᠲᠠᠢ ᠬᠤ᠋ ᠬᠤᠨᠢ ᠪᠣᠯᠣᠨ ᠰᠦ ᠰᠠᠶᠢᠲᠠᠢ ᠵᠡᠭᠦᠨ ᠹᠷᠸᠦᠶᠢᠰᠧᠨ ᠬᠤᠨᠢ 5 ᠭᠤᠤᠯ ᠡᠭᠦᠯᠳᠡᠷ ᠤᠨ ᠬᠤᠨᠢᠨ ᠤ ᠨᠠᠷᠮᠠᠢ ᠭᠧᠨ ᠤ ᠪᠦᠯᠦᠭ ᠤᠨ ᠵᠢᠷᠤᠭ ᠤᠨ ᠵᠢᠭᠰᠠᠯ ᠢ ᠵᠢᠷᠤᠭᠯᠠᠪᠠ︔ ᠠᠩᠬ᠎ᠠ ᠤᠳᠠᠭ᠎ᠠ ᠲᠠᠩ ᠡᠰ ᠤᠨ ᠲᠠᠰ ᠳᠠᠷᠠᠭᠠᠯᠠᠯ ᠤᠨ ᠮᠡᠷᠭᠡᠵᠢᠯ ᠢ ᠠᠰᠢᠭᠯᠠᠨ ᠬᠤᠨᠢᠨ ︵ᠮᠣᠩᠭᠤᠯ ᠬᠤᠨᠢ︶ ᠤ ᠲᠣᠮᠣ ᠬᠡᠯᠪᠡᠷᠢ ᠶᠢᠨ ᠲᠠᠩ ᠡᠰ ᠢ ᠰᠢᠯᠵᠢᠭᠦᠯᠦᠨ ᠰᠢᠩᠭᠡᠭᠡᠭᠰᠡᠨ ᠪᠦᠯᠦᠭ ᠤᠨ ᠵᠢᠷᠤᠭ ᠤᠨ ᠵᠢᠭᠰᠠᠯ ᠢ ᠪᠠᠶᠢᠭᠤᠯᠪᠠ︔ ᠠᠩᠬ᠎ᠠ ᠤᠳᠠᠭ᠎ᠠ ᠰᠢᠨ᠎ᠡ ᠬᠡᠯᠪᠡᠷᠢ ᠶᠢᠨ ᠤᠭᠤᠷᠠᠭ ᠤᠨ ᠪᠦᠯᠦᠭ ᠤᠨ ᠲᠠᠰ ᠳᠠᠷᠠᠭᠠᠯᠠᠯ ᠤᠨ ᠮᠡᠷᠭᠡᠵᠢᠯ ᠢᠶᠠᠷ ᠬᠤᠨᠢᠨ ︵ᠮᠣᠩᠭᠤᠯ ᠬᠤᠨᠢ︶ ᠤ ᠲᠣᠮᠣ ᠬᠡᠯᠪᠡᠷᠢ ᠶᠢᠨ ᠡᠳ᠋ ᠡᠰ / ᠡᠷᠬᠡᠲᠡᠨ ᠤ ᠤᠭᠤᠷᠠᠭ ᠤᠨ ᠪᠦᠯᠦᠭ ᠤᠨ ᠲᠤᠭ᠎ᠠ ᠬᠡᠮᠵᠢᠶᠡᠨ ᠤ ᠵᠢᠷᠤᠭ ᠤᠨ ᠵᠢᠭᠰᠠᠯ ᠢ ᠪᠠᠶᠢᠭᠤᠯᠪᠠ︔ ᠠᠩᠬ᠎ᠠ ᠤᠳᠠᠭ᠎ᠠ ᠬᠤᠨᠢᠨ ︵ᠮᠣᠩᠭᠤᠯ ᠬᠤᠨᠢ︶ ᠤ ᠰᠢᠩᠭᠡᠭᠡᠯᠲᠡ ᠶᠢᠨ ᠵᠠᠮ ᠤᠨ ᠸᠢᠷᠦ᠋ᠰ ᠤᠨ ᠬᠤᠷᠸ᠎ᠠ ᠭᠧᠨ ᠤ ᠪᠦᠯᠦᠭ ᠢ ᠪᠠᠶᠢᠭᠤᠯᠤᠭᠰᠠᠨ ᠪᠠᠶᠢᠨ᠎ᠠ᠃ ᠡᠨᠡ ᠨᠢ ᠮᠠᠨ ᠤ ᠤᠯᠤᠰ ᠳᠡᠯᠡᠬᠡᠶ ᠳᠡᠭᠡᠷ᠎ᠡ ᠬᠤᠨᠢᠨ ᠤ ᠭᠧᠨ ᠤ ᠬᠥᠮᠥᠷᠭᠡ ᠶᠢᠨ ᠲᠣᠭᠠᠵᠢᠭᠤᠯᠤᠯᠲᠠ ᠶᠢ ᠤᠷᠢᠳᠠᠪᠠᠷ ᠪᠡᠶᠡᠯᠡᠭᠦᠯᠦᠭᠰᠡᠨ ᠢ ᠬᠠᠷᠠᠭᠤᠯᠵᠤ᠂ ᠴᠢᠳᠠᠮᠵᠢ ᠶᠢᠨ ᠭᠧᠨ ᠤ ᠳᠤᠭᠤᠶᠢᠯᠠᠩ ᠤᠨ ᠰᠤᠳᠤᠯᠭᠠᠨ ᠢ ᠭᠦᠨᠵᠡᠭᠡᠶᠢᠷᠡᠭᠦᠯᠵᠦ᠂ ᠬᠤᠨᠢᠨ ᠤ ᠮᠣᠯᠧᠺᠦ᠋ᠯ ᠤᠨ ᠡᠭᠦᠯᠳᠡᠷ ᠪᠤᠶᠢᠵᠢᠭᠤᠯᠬᠤ ᠶᠢ ᠡᠬᠢᠯᠡᠭᠦᠯᠬᠦ ᠳᠤ ᠴᠢᠬᠤᠯᠠ ᠶᠡᠭᠡ ᠠᠬᠢᠭᠤᠯᠬᠤ ᠦᠢᠯᠡᠳᠦᠯ ᠲᠠᠢ ᠶᠤᠮ᠃ ︽  ᠲᠣᠭᠠᠵᠢᠭᠤᠯᠤᠭᠰᠠᠨ ᠬᠤᠨᠢ︾ ᠶᠢᠨ ᠲᠣᠭᠲᠠᠯᠴᠠᠭ᠎ᠠ ᠶᠢ ᠪᠠᠶᠢᠭᠤᠯᠤᠭᠰᠠᠨ ᠨᠢ ᠦᠷ᠎ᠡ ᠶᠢᠨ ᠦᠢᠯᠡᠰ᠂ ᠦᠷᠡᠵᠢᠭᠦᠯᠬᠦ ᠮᠡᠷᠭᠡᠵᠢᠯ ᠤᠨ ᠬᠦᠴᠢᠷ ᠠᠰᠠᠭᠤᠳᠠᠯ ᠢ ᠰᠢᠢᠳᠪᠦᠷᠢᠯᠡᠬᠦ᠂ ᠦᠷ᠎ᠡ ᠶᠢᠨ ᠴᠢᠨᠠᠷ ᠤᠨ ᠠᠩᠬᠠᠨ ᠤ ᠰᠢᠨ᠎ᠡ ᠶᠢ ᠡᠭᠦᠳᠬᠦ ᠴᠢᠳᠠᠪᠤᠷᠢ ᠶᠢ ᠨᠡᠮᠡᠭᠳᠡᠭᠦᠯᠬᠦ᠂ ᠦᠷ᠎ᠡ ᠪᠤᠶᠢᠵᠢᠭᠤᠯᠬᠤ ᠮᠡᠷᠭᠡᠵᠢᠯ ᠤᠨ ᠳᠠᠪᠠᠯᠲᠠ ᠶᠢ ᠪᠡᠶᠡᠯᠡᠭᠦᠯᠬᠦ᠂ ᠦᠷ᠎ᠡ ᠪᠤᠶᠢᠵᠢᠭᠤᠯᠬᠤ ᠰᠢᠨᠵᠢᠯᠡᠬᠦ ᠤᠬᠠᠭᠠᠨ ᠮᠡᠷᠭᠡᠵᠢᠯ ᠤᠨ ᠠᠯᠤᠰ ᠬᠡᠲᠦ ᠶᠢᠨ ᠬᠥᠭᠵᠢᠯᠲᠡ ᠶᠢ ᠪᠠᠲᠤᠯᠠᠬᠤ ᠳᠤ ᠴᠢᠬᠤᠯᠠ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠲᠠᠢ ᠶᠤᠮ᠃      ᠤᠯᠠᠭᠠᠨᠬᠠᠳᠠ ᠶᠢᠨ ᠭᠠᠵᠠᠷ ᠰᠢᠨᠵᠢᠯᠡᠭᠡᠨ ᠤ ᠰᠤᠳᠤᠯᠭᠠᠨ ᠤ ᠨᠢᠭᠡᠴᠢ ᠦᠷᠡᠨ ᠠᠭᠤᠷᠬᠠᠢ ᠶᠢᠨ ᠠᠭᠤᠷᠬᠠᠶ ᠡᠷᠢᠬᠦ ᠬᠦᠷᠢᠶᠡᠨ ᠳᠤ ᠴᠢᠬᠤᠯᠠ ᠶᠡᠭᠡ ᠰᠢᠪᠲᠤᠯᠤᠯᠲᠠ ᠲᠠᠢ ᠪᠣᠯᠪᠠ       ᠦᠷᠡᠨ ᠪᠣᠯ ᠨᠢᠭᠡ ᠵᠦᠢᠯ ᠤᠨ ᠬᠤᠪᠣᠷ ᠴᠤᠬᠠᠭ ᠰᠠᠴᠤᠷᠠᠭ ᠴᠢᠨᠠᠷᠲᠠᠶ ᠲᠡᠮᠦᠷᠯᠢᠭ ᠤᠨ ᠡᠯᠧᠮᠧᠨ᠋ᠲ ᠪᠣᠯᠬᠤ ᠪᠥᠭᠡᠳ ᠪᠠᠶᠢᠭᠠᠯᠢ ᠶᠢᠨ ᠬᠠᠮᠤᠭ ᠤᠨ ᠬᠦᠨᠳᠦ ᠲᠡᠮᠦᠷᠯᠢᠭ ᠤᠨ ᠡᠯᠧᠮᠧᠨ᠋ᠲ ᠤᠨ ᠨᠢᠭᠡ ᠨᠢ ᠪᠠᠶᠢᠵᠤ᠂ ᠦᠷᠡᠨ ᠤ ᠡᠷᠦᠳᠡᠰᠦ ᠠᠴᠠ ᠰᠢᠭᠤᠳ ᠪᠣᠯᠪᠠᠰᠤᠷᠠᠭᠤᠯᠤᠨ ᠠᠪᠴᠤ ᠪᠣᠯᠤᠨ᠎ᠠ᠃ ᠪᠠᠶᠢᠭᠠᠯᠢ ᠶᠢᠨ ᠦᠷᠡᠨ ᠪᠣᠯ ᠴᠥᠮ᠎ᠡ ᠶᠢᠨ ᠴᠠᠬᠢᠯᠭᠠᠨ ᠤ ᠬᠥᠭᠵᠢᠯᠲᠡ ᠶᠢᠨ ᠪᠣᠳᠠᠰ ᠤᠨ ᠰᠠᠭᠤᠷᠢ ᠪᠣᠯᠬᠤ ᠪᠥᠭᠡᠳ ᠴᠥᠮ᠎ᠡ ᠶᠢᠨ ᠴᠠᠬᠢᠯᠭᠠᠨ ᠤ ᠠᠵᠤ ᠦᠢᠯᠡᠰ ᠤᠨ ᠲᠣᠭᠲᠠᠭᠤᠨ ᠢᠶᠠᠷ ᠬᠥᠭᠵᠢᠬᠦ ᠵᠠᠩᠭᠢᠯᠠᠭ᠎ᠠ ᠶᠢᠨ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠪᠣᠯᠤᠨ ᠡᠨᠧᠷᠭᠢ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠪᠣᠯᠤᠨ᠎ᠠ᠃ ᠮᠠᠨ ᠤ ᠤᠯᠤᠰ ᠪᠣᠯ ᠪᠦᠬᠦ ᠳᠡᠯᠡᠬᠡᠶ ᠶᠢᠨ ᠴᠥᠮ᠎ᠡ ᠶᠢᠨ ᠡᠨᠧᠷᠭᠢ ᠶᠢᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠲᠣᠮᠣ ᠤᠯᠤᠰ ᠤᠨ ᠨᠢᠭᠡ᠂ ᠦᠷᠡᠨ ᠠᠭᠤᠷᠬᠠᠢ ᠶᠢᠨ ᠡᠬᠢ ᠪᠠᠶᠠᠯᠢᠭ ᠤᠨ ᠳᠠᠯᠳᠠ ᠬᠦᠴᠦᠨ ᠮᠠᠰᠢ ᠶᠡᠭᠡ ᠪᠠᠶᠢᠵᠤ᠂ ᠡᠭᠦᠨ ᠳᠤ ᠰᠤᠩᠭᠠᠷᠢ ᠮᠦᠷᠡᠨ ᠯᠢᠶᠣᠣᠾᠧ ᠭᠤᠣᠯ ᠤᠨ ᠬᠤᠲᠣᠭᠤᠷ ᠭᠠᠵᠠᠷ ᠤᠨ ᠡᠮᠦᠨᠡᠲᠦ ᠬᠡᠰᠡᠭ ᠪᠣᠯ ᠬᠠᠶᠢᠷ ᠴᠢᠯᠠᠭᠤᠯᠢᠭ ᠤᠨ ᠬᠡᠯᠪᠡᠷᠢ ᠶᠢᠨ ᠦᠷᠡᠨ ᠠᠭᠤᠷᠬᠠᠢ ᠶᠢᠨ ᠭᠤᠤᠯ ᠲᠠᠷᠬᠠᠯᠲᠠ ᠶᠢᠨ ᠣᠷᠣᠨ ᠤ ᠨᠢᠭᠡ ᠪᠣᠯᠤᠨ᠎ᠠ᠃ 2011 ᠣᠨ ᠠᠴᠠ ᠨᠠᠭᠠᠰᠢ᠂ ᠤᠯᠤᠰ ᠤᠨ ︽973︾ ᠲᠥᠯᠥᠪᠯᠡᠭᠡᠲᠦ ᠰᠡᠳᠦᠪ ᠨᠢ ᠳᠤᠮᠳᠠᠳᠤ ᠤᠯᠤᠰ ᠤᠨ ᠴᠥᠮ᠎ᠡ ᠶᠢᠨ ᠠᠵᠤ ᠦᠢᠯᠡᠳᠪᠦᠷᠢ  ᠶᠢᠨ ᠭᠠᠵᠠᠷ ᠰᠢᠨᠵᠢᠯᠡᠭᠡᠨ ᠤ ᠲᠣᠪᠴᠢᠶ᠎ᠠ᠂ ᠳᠤᠮᠳᠠᠳᠤ ᠤᠯᠤᠰ ᠤᠨ ᠭᠠᠵᠠᠷ ᠰᠢᠨᠵᠢᠯᠡᠭᠡᠨ ᠤ ᠪᠠᠶᠢᠴᠠᠭᠠᠯᠲᠠ ᠶᠢᠨ ᠲᠣᠪᠴᠢᠶ᠎ᠠ ᠶᠢᠨ ᠲᠥᠷᠥᠯ ᠵᠦᠢᠯ ᠤᠨ ᠳᠡᠮᠵᠢᠯᠭᠡ ᠪᠠᠷ᠂ ᠴᠥᠮ᠎ᠡ ᠶᠢᠨ ᠠᠵᠤ ᠦᠢᠯᠡᠳᠪᠦᠷᠢ ᠶᠢᠨ ᠬᠤᠶᠠᠷ ᠵᠠᠭᠤ ᠳᠦᠴᠢᠨ ᠭᠤᠷᠪᠠᠳᠤᠭᠠᠷ ᠶᠡᠭᠡ ᠠᠩᠭᠢ ᠪᠣᠯᠤᠨ ᠳ᠋ᠦᠩ ᠬᠤᠸᠠ ᠪᠠᠶᠢᠭᠠᠯᠢ ᠲᠧᠭᠨᠢᠭ ᠤᠨ ᠤᠬᠠᠭᠠᠨ ᠤ ᠶᠡᠭᠡ ᠰᠤᠷᠭᠠᠭᠤᠯᠢ ᠯᠤᠭ᠎ᠠ ᠨᠢᠭᠲᠠ ᠬᠠᠮᠲᠤᠷᠠᠨ᠂  ᠰᠤᠩᠭᠠᠷᠢ ᠮᠦᠷᠡᠨ ᠯᠢᠶᠣᠣᠾᠧ ᠭᠤᠣᠯ ᠤᠨ ᠬᠤᠲᠣᠭᠤᠷ ᠭᠠᠵᠠᠷ ᠤᠨ ᠡᠮᠦᠨᠡᠲᠦ ᠬᠡᠰᠡᠭ ᠲᠠᠬᠢ ᠰᠢᠨ᠎ᠡ ᠠᠮᠢᠳᠤ ᠡᠷᠢᠨ ᠤ ᠰᠢᠬᠠᠬᠤ — ᠰᠤᠩᠬᠤ ᠬᠦᠴᠦ ᠲᠠᠢ ᠪᠦᠲᠦᠴᠡ ᠶᠢᠨ ᠥᠭᠡᠷᠡᠴᠢᠯᠡᠯᠲᠡ ᠶᠢᠨ ᠠᠬᠤᠢ ᠪᠠᠶᠢᠳᠠᠯ ᠳᠣᠣᠷ᠎ᠠ ᠦᠷᠡᠨ ᠤ ᠠᠭᠤᠷᠬᠠᠢ ᠶᠢᠨ ᠡᠪᠴᠡᠯᠳᠦᠯ ᠬᠠᠷᠢᠴᠠᠭ᠎ᠠ ᠶᠢ ᠥᠭᠡᠷᠡᠴᠢᠯᠡᠬᠦ ᠵᠠᠩᠭᠢᠯᠠᠭ᠎ᠠ ᠶᠢᠨ ᠰᠢᠨᠵᠢᠯᠡᠬᠦ ᠤᠬᠠᠭᠠᠨ ᠤ ᠠᠰᠠᠭᠤᠳᠠᠯ ᠪᠣᠯᠤᠨ ᠨᠠᠷᠢᠨ ᠪᠤᠳᠤᠯᠢᠶᠠᠨᠲᠠᠢ ᠭᠠᠵᠠᠷ  ᠰᠢᠨᠵᠢᠯᠡᠭᠡᠨ ᠤ ᠨᠥᠬᠦᠴᠡᠯ ᠤᠨ ᠠᠯᠤᠰ ᠤᠨ ᠲᠥᠯᠥᠪᠯᠡᠯ ᠤᠨ ᠮᠡᠷᠭᠡᠵᠢᠯ ᠤᠨ ᠪᠡᠷᠬᠡ ᠰᠡᠳᠦᠪ ᠲᠤ ᠴᠢᠭᠯᠡᠭᠦᠯᠦᠨ ᠰᠢᠰᠲ᠋ᠧᠮᠲᠦ ᠰᠤᠳᠤᠯᠭᠠᠨ ᠥᠷᠨᠢᠭᠦᠯᠵᠦ᠂ ︽ᠬᠤᠣᠰ ᠱᠠᠲᠤ ᠦᠶ᠎ᠡ᠂ ᠬᠤᠣᠰ ᠬᠡᠪ ᠵᠠᠭᠪᠤᠷ︾ ᠤᠨ ᠦᠷᠡᠨ ᠤ ᠠᠭᠤᠷᠬᠠᠢ ᠶᠢᠨ ᠰᠢᠨ᠎ᠡ ᠣᠨᠣᠯ ᠢ ᠠᠮᠵᠢᠯᠲᠠ ᠲᠠᠢ ᠡᠭᠦᠳᠦᠨ ᠪᠠᠶᠢᠭᠤᠯᠤᠭᠠᠳ᠂ ︽ᠢᠰᠦᠯᠳᠦᠭᠰᠡᠨ ᠪᠦᠰᠡ + ᠬᠠᠭᠠᠷᠠᠯ + ᠬᠠᠯᠠᠭᠤᠨ ᠤᠷᠤᠰᠤᠩᠭᠢ ᠪᠡᠶᠡᠲᠦ ᠶᠢᠨ ᠢᠳᠡᠭᠳᠡᠭᠦᠯᠦᠯ ᠦᠷᠡᠨ ᠤ ᠬᠦᠳᠡᠷᠵᠢᠯᠲᠡ︾ ᠠᠭᠤᠷᠬᠠᠢ ᠡᠷᠢᠬᠦ ᠬᠠᠮ ᠲᠡᠮᠳᠡᠭ ᠢ ᠪᠠᠶᠢᠭᠤᠯᠵᠤ᠂ ᠦᠷᠡᠨ ᠤ ᠠᠭᠤᠷᠬᠠᠢ ᠶᠢᠨ ᠠᠭᠤᠷᠬᠠᠢ ᠡᠷᠢᠬᠦ ᠴᠢᠬᠤᠯᠠ ᠶᠡᠭᠡ ᠰᠢᠪᠲᠤᠯᠤᠯᠲᠠ ᠶᠢ ᠪᠡᠶᠡᠯᠡᠭᠦᠯᠪᠡ᠃ ᠲᠥᠷᠥᠯ ᠵᠦᠢᠯ ᠢ ᠬᠡᠷᠡᠭᠵᠢᠭᠦᠯᠦᠭᠰᠡᠨ ᠠᠴᠠ ᠨᠠᠭᠠᠰᠢ᠂ ᠤᠷᠢᠳ ᠬᠤᠵᠢᠳ ᠬᠠᠢ ᠯᠢ ᠶᠢᠨ ᠲᠣᠮᠣ ᠬᠡᠯᠪᠡᠷᠢ ᠶᠢᠨ ᠦᠷᠡᠨ ᠤ ᠬᠦᠳᠡᠷ ᠤᠨ ᠬᠡᠪᠲᠡᠰᠢ ᠪᠣᠯᠤᠨ ᠪᠦᠦ ᠯᠦᠩ ᠱᠠᠨ ᠳᠤᠮᠳᠠ ᠬᠡᠯᠪᠡᠷᠢ ᠶᠢᠨ ᠦᠷᠡᠨ ᠤ ᠬᠦᠳᠡᠷ ᠤᠨ ᠬᠡᠪᠲᠡᠰᠢ ᠵᠢᠴᠢ ᠳ᠋ᠠ ᠯᠢᠨ᠂ ᠬᠤ᠋ ᠯᠢ ᠬᠠᠶ᠂ ᠱᠤᠸᠠᠩ ᠪᠣᠣ ᠦᠷᠡᠨ ᠤ ᠠᠭᠤᠷᠬᠠᠶ ᠶᠢᠨ ᠭᠠᠷᠤᠯᠲᠠ ᠶᠢᠨ ᠣᠷᠣᠨ ᠢ ᠢᠯᠡᠷᠡᠭᠦᠯᠦᠭᠰᠡᠨ ᠪᠥᠭᠡᠳ ᠬᠠᠶᠢᠨ ᠰᠢᠨᠵᠢᠯᠡᠵᠦ᠂ ᠦᠷ᠎ᠡ ᠪᠦᠲᠦᠭᠡᠯ ᠨᠢ ᠨᠢᠭᠡᠨᠲᠡ ᠮᠠᠨ ᠤ ᠤᠯᠤᠰ ᠤᠨ ᠤᠮᠠᠷᠠᠲᠤ ᠣᠷᠣᠨ ᠤ ᠠᠳᠠᠯᠢᠪᠲᠤᠷ ᠲᠣᠭᠲᠠᠴᠠ ᠶᠢᠨ ᠪᠠᠶᠢᠳᠠᠯ ᠳᠣᠤᠷ᠎ᠠ ᠪᠤᠰᠤᠳ ᠬᠤᠲᠣᠭᠤᠷ ᠭᠠᠵᠠᠷ ᠤᠨ ᠦᠷᠡᠨ ᠤ ᠡᠬᠢ ᠪᠠᠶᠠᠯᠢᠭ ᠢ ᠬᠠᠶᠢᠨ ᠰᠢᠨᠵᠢᠬᠦ ᠳᠤᠮᠳᠠ ᠠᠰᠢᠭᠯᠠᠯᠲᠠ ᠳᠤ ᠣᠷᠣᠵᠤ᠂ ᠳᠠᠯᠳᠠ ᠠᠵᠤ ᠠᠬᠤᠶ ᠶᠢᠨ ᠥᠷᠲᠡᠭ ᠨᠢ 171 ᠳ᠋ᠦᠩᠰᠢᠭᠤᠷ ᠲᠥᠭᠦᠷᠢᠭ ᠢ ᠳᠠᠪᠠᠵᠤ᠂ ᠮᠠᠨ ᠤ ᠤᠯᠤᠰ ᠤᠨ ᠰᠢᠨ᠎ᠡ ᠪᠠᠶᠢᠳᠠᠯ ᠤᠨ ᠳᠣᠤᠷ᠎ᠠ ᠴᠥᠮ᠎ᠡ ᠶᠢᠨ ᠠᠵᠤ ᠦᠢᠯᠡᠳᠪᠦᠷᠢ ᠶᠢ ᠬᠥᠭᠵᠢᠭᠦᠯᠬᠦ ᠳᠤ ᠨᠠᠶᠢᠳᠠᠪᠤᠷᠢᠲᠠᠶ ᠡᠬᠢ ᠪᠠᠶᠠᠯᠢᠭ ᠤᠨ ᠪᠠᠲᠤᠯᠠᠭ᠎ᠠ ᠬᠠᠩᠭᠠᠭᠰᠠᠨ ᠪᠠᠶᠢᠨ᠎ᠠ᠃ 2024 ᠣᠨ ᠤ 5 ᠳ᠋ᠤᠭᠠᠷ ᠰᠠᠷ᠎ᠠ ᠳᠤ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠳ᠋ᠧᠩ ᠵᠢᠶᠦ᠋ᠨ ᠠᠺᠠᠳᠧᠮᠢᠴᠢ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠸᠠᠩ ᠱᠤᠸᠠᠩ ᠮᠢᠩ᠂ ᠲᠠᠩ ᠵᠢᠤᠢ ᠰᠢᠩ ᠠᠺᠠᠳᠧᠮᠢᠴᠢ ᠶᠢᠨ ᠳᠠᠭᠠᠭᠤᠯᠤᠭᠰᠠᠨ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠬᠢᠨᠠᠨ ᠲᠣᠭᠲᠠᠭᠠᠯᠲᠠ ᠪᠠᠷ ᠳᠠᠮᠵᠢᠨ᠂ ᠲᠤᠰ ᠦᠷ᠎ᠡ ᠪᠦᠲᠦᠭᠡᠯ ᠨᠢ ᠶᠡᠷᠦᠩᠬᠡᠢ ᠳᠤ ᠪᠠᠨ ᠳᠡᠯᠡᠬᠡᠢ ᠶᠢᠨ ᠲᠡᠷᠢᠭᠦᠨ ᠤ ᠲᠦᠪᠰᠢᠨ ᠳᠤ ᠬᠦᠷᠦᠭᠰᠡᠨ ᠪᠠᠶᠢᠨ᠎ᠠ᠃      ᠪᠦᠬᠦ ᠪᠥᠮᠪᠥᠷᠴᠡᠭ ᠤᠨ ᠬᠠᠮᠤᠭ ᠤᠨ ᠶᠡᠭᠡ ᠪᠠᠭᠲᠠᠭᠠᠮᠵᠢᠲᠤ ᠲᠣᠣᠷ ᠴᠣᠭᠴᠠᠯᠠᠬᠤ ᠬᠡᠯᠪᠡᠷᠢ ᠶᠢᠨ ᠡᠨᠧᠷᠭᠢ ᠬᠠᠳᠠᠭᠠᠯᠠᠬᠤ ᠪᠣᠳᠠᠲᠤ ᠭᠡᠷᠡᠴᠢ ᠶᠢᠨ ᠲᠠᠪᠴᠠᠩ ᠤᠨ ᠪᠦᠷᠢᠨ ᠦᠵᠡᠭᠳᠡᠯ ᠢ ᠣᠷᠳᠣᠰ ᠲᠤ ᠠᠮᠵᠢᠯᠲᠠ ᠲᠠᠢ ᠲᠤᠷᠰᠢᠵᠤ ᠦᠵᠡᠪᠡ          2024 ᠣᠨ ᠤ 11 ᠳ᠋ᠦ᠋ᠭᠡᠷ ᠰᠠᠷ᠎ᠠ ᠳᠤ᠂ ᠶᠤᠸᠠᠨ ᠵᠢᠩ ᠮᠧᠩ ᠰᠢᠨ ᠪᠦᠯᠦᠭᠯᠡᠯ ᠠᠴᠠ ᠣᠷᠳᠣᠰ ᠤᠨ ᠲᠡᠭ ᠨᠡᠭᠦᠷᠡᠰᠦᠲᠥ᠋ᠷᠥᠭᠴᠢᠲᠦ ᠠᠵᠤ ᠦᠢᠯᠡᠰ ᠤᠨ ᠬᠦᠷᠢᠶᠡᠯᠡᠩ ᠳᠤ ᠪᠥᠲᠥᠭᠡᠨ ᠪᠠᠶᠢᠭᠤᠯᠤᠭᠰᠠᠨ ᠪᠥᠬᠦ ᠪᠥᠮᠪᠥᠷᠴᠡᠭ ᠤᠨ ᠬᠠᠮᠤᠭ ᠤᠨ ᠶᠡᠭᠡ ᠪᠠᠭᠲᠠᠭᠠᠮᠵᠢᠲᠤ ᠲᠣᠣᠷ ᠴᠣᠭᠴᠠᠯᠠᠬᠤ ᠬᠡᠯᠪᠡᠷᠢ ᠶᠢᠨ ᠡᠨᠧᠷᠭᠢ ᠬᠠᠳᠠᠭᠠᠯᠠᠬᠤ ᠪᠣᠳᠠᠲᠤ ᠭᠡᠷᠡᠴᠢ ᠶᠢᠨ ᠲᠠᠪᠴᠠᠩ ᠨᠢ ᠨᠢᠭᠡ ᠯᠡ ᠤᠳᠠᠭ᠎ᠠ ᠳᠤ ᠳᠤᠮᠳᠠᠳᠤ ᠤᠯᠤᠰ ᠤᠨ ᠴᠠᠬᠢᠯᠭᠠᠨ ᠤ ᠰᠢᠨᠵᠢᠯᠡᠬᠦ ᠤᠬᠠᠭᠠᠨ ᠤ ᠬᠦᠷᠢᠶᠡᠯᠡᠩ ᠤᠨ ᠪᠥᠬᠦ ᠦᠵᠡᠭᠳᠡᠯ ᠤᠨ ᠰᠢᠯᠭᠠᠯᠲᠠ ᠶᠢ ᠥᠩᠭᠡᠷᠡᠭᠡᠵᠦ᠂ ᠪᠥᠬᠦ ᠪᠥᠮᠪᠥᠷᠴᠡᠭ ᠤᠨ ᠠᠩᠬᠠᠳᠠᠭᠴᠢ ᠪᠥᠬᠦ ᠦᠵᠡᠭᠳᠡᠯ ᠤᠨ ᠰᠢᠯᠭᠠᠯᠲᠠ ᠢ ᠥᠩᠭᠡᠷᠡᠭᠡᠭᠰᠡᠨ ᠲᠣᠣᠷ ᠴᠣᠭᠴᠠᠯᠠᠬᠤ ᠬᠡᠯᠪᠡᠷᠢ ᠶᠢᠨ ᠡᠨᠧᠷᠭᠢ ᠬᠠᠳᠠᠭᠠᠯᠠᠬᠤ ᠲᠥᠷᠥᠯ ᠵᠦᠢᠯ ᠪᠣᠯᠪᠠ᠃ ᠲᠣᠰ ᠲᠠᠪᠴᠠᠩ ᠤᠨ ᠭᠤᠤᠯ ᠴᠣᠭᠴᠠ ᠨᠢ ᠶᠤᠸᠠᠨ ᠵᠢᠩ 5.5MW/14MWh ᠪᠥᠬᠦ ᠪᠥᠮᠪᠥᠷᠴᠡᠭ ᠤᠨ ᠬᠠᠮᠤᠭ ᠤᠨ ᠶᠡᠭᠡ ᠪᠠᠭᠲᠠᠭᠠᠮᠵᠢᠲᠤ ᠲᠣᠤᠷ ᠴᠣᠭᠴᠠᠯᠠᠬᠤ ᠬᠡᠯᠪᠡᠷᠢ ᠶᠢᠨ ᠡᠨᠧᠷᠭᠢ ᠬᠠᠳᠠᠭᠠᠯᠠᠬᠤ ᠳᠠᠩ ᠮᠠᠰᠢᠨ ᠮᠧᠬᠠᠨᠢᠭ ᠤᠨ ᠰᠢᠰᠲ᠋ᠧᠮ ᠪᠠᠶᠢᠵᠤ᠂ ᠡᠭᠦᠨ ᠳᠤ 1 ᠰᠢᠰᠲ᠋ᠧᠮ ᠤᠨ ᠳᠠᠭᠤᠷᠢᠶᠠᠮᠠᠯ ᠵᠢᠷᠤᠭ ᠲᠥᠯᠥᠪᠯᠡᠭᠡ ᠶᠢᠨ ᠲᠠᠪᠴᠠᠩ ᠪᠠ ᠤᠭᠰᠠᠷᠠᠭ᠎ᠠ ᠲᠣᠨᠤᠭ᠂ ᠪᠦᠬᠦᠯᠢ ᠮᠠᠰᠢᠨ᠂ ᠲᠠᠯᠠᠪᠤᠷ ᠥᠷᠲᠡᠭᠡ᠂ ᠰᠢᠰᠲ᠋ᠧᠮ ᠵᠡᠷᠭᠡ 4 ᠲᠠᠰ ᠳᠠᠪᠬᠤᠷᠭ᠎ᠠ ᠶᠢᠨ ᠲᠣᠤᠷ ᠴᠣᠭᠴᠠᠯᠠᠬᠤ ᠬᠡᠯᠪᠡᠷᠢ ᠶᠢᠨ ᠦᠢᠯᠡᠳᠬᠦᠨ ᠪᠠᠭᠲᠠᠨ᠎ᠠ᠃ ᠡᠭᠦᠨ ᠳᠤ ᠪᠠᠭᠤᠷᠠᠢ ᠴᠠᠬᠢᠯᠭᠠᠨ ᠲᠣᠣᠷ ᠤᠨ ᠴᠠᠬᠢᠯᠭᠠᠨ ᠬᠦᠴᠦᠳᠡᠯ ᠤᠨ ᠳᠠᠪᠲᠠᠮᠵᠢ ᠶᠢᠨ ᠲᠤᠯᠭᠠᠭᠤᠷᠢᠯᠠᠯ᠂ ᠬᠠᠷ᠎ᠠ ᠡᠬᠢᠯᠡᠭᠦᠯᠦᠯᠦᠭᠡ᠂ ᠲᠣᠣᠷ ᠠᠴᠠ ᠰᠠᠯᠤᠨ ᠠᠵᠢᠯᠯᠠᠭᠤᠯᠬᠤ ᠵᠡᠷᠭᠡ ᠨᠠᠢᠮᠠᠨ ᠶᠡᠭᠡ ᠮᠡᠷᠭᠡᠵᠢᠯ ᠤᠨ ᠠᠬᠤᠢ ᠪᠠᠶᠢᠳᠠᠯ ᠪᠠ ᠮᠢᠩᠭ᠎ᠠ ᠰᠢᠬᠠᠮ ᠵᠦᠢᠯ ᠤᠨ ᠴᠢᠳᠠᠪᠬᠢ ᠶᠢᠨ ᠰᠢᠯᠭᠠᠯᠲᠠ ᠶᠢᠨ ᠴᠢᠩᠭ᠎ᠠ ᠦᠨᠡᠯᠡᠯᠲᠡ ᠶᠢ ᠪᠠᠭᠲᠠᠭᠠᠵᠤ᠂ ᠡᠯ᠎ᠡ ᠵᠦᠢᠯ ᠤᠨ ᠴᠢᠳᠠᠪᠬᠢ ᠶᠢᠨ ᠢᠯᠡᠷᠡᠯ ᠨᠢ ᠰᠢᠯᠢᠳᠡᠭ ᠪᠠᠶᠢᠵᠤ᠂ ᠡᠨᠧᠷᠭᠢ ᠬᠠᠳᠠᠭᠠᠯᠠᠬᠤ ᠲᠥᠬᠦᠭᠡᠷᠦᠮᠵᠢ ᠶᠢᠨ ᠡᠯ᠎ᠡ ᠵᠦᠢᠯ ᠤᠨ ᠴᠠᠬᠢᠯᠭᠠᠨ ᠬᠦᠴᠦᠨ ᠤ ᠰᠢᠰᠲ᠋ᠧᠮ ᠤᠨ ᠨᠥᠬᠦᠴᠡᠯ ᠳᠣᠣᠷᠠᠬᠢ ᠨᠠᠶᠢᠳᠠᠪᠤᠷᠢᠲᠤ ᠴᠢᠨᠠᠷ ᠪᠠ ᠠᠮᠢᠳᠤᠯᠢᠭ ᠴᠢᠨᠠᠷ ᠢ ᠪᠠᠲᠤᠯᠠᠵᠤ᠂ ᠪᠦᠬᠦᠯᠢ ᠴᠣᠭᠴᠠ ᠪᠠᠷ ᠢᠶᠠᠨ ᠤᠯᠠᠨ ᠤᠯᠤᠰ ᠤᠨ ᠲᠡᠷᠢᠭᠦᠨ ᠤ ᠲᠦᠪᠰᠢᠨ ᠳᠤ ᠬᠦᠷᠬᠦ ᠶᠢ ᠪᠠᠲᠤᠯᠠᠪᠠ᠃ ᠢᠯᠠᠩᠭᠤᠶ᠎ᠠ ᠲᠠᠯᠠᠪᠤᠷ ᠥᠷᠲᠡᠭᠡ ᠶᠢᠨ ᠲᠠᠰ ᠲᠤ ᠲᠥᠷᠥᠯ ᠵᠦᠢᠯ ᠢ ᠬᠡᠶᠢᠰᠪᠦᠷᠢ ᠢᠵᠢᠯ ᠠᠯᠬᠤᠮᠲᠤ ᠲᠠᠯᠠᠪᠤᠷ ᠥᠷᠲᠡᠭᠡ ᠶᠢᠨ ᠡᠵᠡᠮᠳᠡᠬᠦ ᠰᠢᠰᠲ᠋ᠧᠮ ᠢᠶᠠᠷ ᠳᠠᠮᠵᠢᠭᠤᠯᠤᠨ᠂ ᠰᠠᠯᠬᠢᠨ ᠬᠦᠴᠦᠨ ᠤ ᠴᠠᠬᠢᠯᠭᠠᠨ ᠤ ᠲᠠᠯᠠᠪᠠᠶ᠂ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠶᠢᠨ ᠲᠥᠷᠥᠯ ᠤᠨ ᠢᠵᠢᠯ ᠠᠯᠬᠤᠮᠲᠤ ᠮᠠᠰᠢᠨ ᠤ ᠣᠨᠴᠠᠯᠢᠭ ᠢ ᠪᠡᠶᠡᠯᠡᠭᠦᠯᠵᠦ᠂ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠤᠨ ᠲᠣᠭᠲᠠᠪᠤᠷᠢᠲᠤ ᠴᠢᠨᠠᠷ ᠢ ᠪᠠᠶᠢᠭᠤᠯᠬᠤ ᠳᠤ ᠲᠣᠮᠣ ᠪᠠᠭᠲᠠᠭᠠᠮᠵᠢᠲᠤ ᠴᠠᠬᠢᠯᠭᠠᠨ ᠬᠦᠴᠦᠳᠡᠯ ᠤᠨ ᠡᠬᠢ ᠰᠤᠷᠪᠤᠯᠵᠢ ᠶᠢᠨ ᠲᠤᠯᠭᠠᠭᠤᠷᠢᠯᠠᠯ ᠬᠠᠩᠭᠠᠬᠤ ᠪᠣᠯᠤᠨ᠎ᠠ᠃ ᠡᠭᠦᠨ ᠤ ᠬᠠᠮᠲᠤ ᠰᠢᠰᠲ᠋ᠧᠮ ᠤᠨ ᠲᠠᠰ ᠲᠤ᠂ ᠥᠨᠳᠥᠷ ᠬᠠᠷᠢᠴᠠᠯ ᠢᠶᠠᠷ ᠰᠢᠨ᠎ᠡ ᠡᠨᠧᠷᠭᠢ ᠵᠢᠴᠢ ᠴᠤᠯ ᠰᠢᠨ᠎ᠡ ᠡᠨᠧᠷᠭᠢ ᠶᠢᠨ ᠴᠠᠬᠢᠯᠭᠠᠨ ᠬᠦᠴᠦᠨ ᠤ ᠰᠢᠰᠲ᠋ᠧᠮ ᠢ ᠵᠣᠬᠢᠴᠠᠭᠤᠯᠤᠨ ᠡᠵᠡᠮᠳᠡᠬᠦ ᠰᠢᠰᠲ᠋ᠧᠮ ᠢ ᠰᠤᠳᠤᠯᠤᠨ ᠨᠡᠭᠡᠭᠡᠵᠦ ᠬᠡᠷᠡᠭᠯᠡᠬᠦ ᠶᠢ ᠪᠡᠶᠡᠯᠡᠭᠦᠯᠵᠦ᠂ ᠪᠠᠭᠤᠷᠠᠢ ᠴᠠᠬᠢᠯᠭᠠᠨ ᠤ ᠲᠣᠣᠷ ᠴᠢᠨᠠᠭᠰᠢᠯᠠᠪᠠᠯ ᠲᠣᠣᠷ ᠠᠴᠠ ᠰᠠᠯᠭᠠᠬᠤ ᠰᠢᠰᠲ᠋ᠧᠮ ᠤᠨ ᠠᠮᠤᠷ ᠲᠦᠪᠰᠢᠨ ᠲᠣᠭᠲᠠᠭᠤᠨ ᠢᠶᠠᠷ ᠡᠵᠡᠮᠳᠡᠬᠦ᠂ ᠲᠣᠣᠷ ᠠᠴᠠ ᠨᠡᠶᠢᠯᠡᠭᠦᠯᠬᠦ ᠪᠠ ᠲᠣᠣᠷ ᠠᠴᠠ ᠰᠠᠯᠭᠠᠬᠤ ᠵᠠᠪᠰᠠᠷ ᠦᠭᠡᠢ ᠰᠣᠯᠢᠬᠤ᠂ ᠰᠠᠯᠬᠢ ᠭᠡᠷᠡᠯ ᠨᠦᠭᠡᠴᠡ ᠶᠢ ᠬᠡᠷᠡᠭᠯᠡᠬᠦ ᠶᠢ ᠪᠡᠶᠡᠯᠡᠭᠦᠯᠵᠦ᠂ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠢ ᠪᠠᠶᠢᠭᠤᠯᠬᠤ ᠳᠤ ᠵᠠᠩᠭᠢᠯᠠᠭ᠎ᠠ ᠶᠢᠨ ᠰᠢᠢᠳᠪᠦᠷᠢᠯᠡᠬᠦ ᠲᠥᠰᠦᠯ ᠢ ᠬᠠᠩᠭᠠᠪᠠ᠃      ᠪᠦᠬᠦ ᠪᠥᠮᠪᠥᠷᠴᠡᠭ ᠤᠨ ᠬᠡᠪᠴᠢᠶ᠎ᠡ ᠪᠠᠷ ᠬᠠᠮᠤᠭ ᠤᠨ ᠶᠡᠭᠡ ᠬᠠᠮᠤᠭ ᠤᠨ ᠪᠦᠷᠢᠨ ᠪᠦᠲᠦᠨ ᠬᠤᠪᠣᠷ ᠰᠢᠷᠣᠢ ᠬᠠᠶᠢᠯᠤᠭᠤᠯᠵᠤ ᠰᠠᠯᠭᠠᠬᠤ ᠲᠥᠷᠥᠯ ᠵᠦᠢᠯ ᠪᠤᠭᠤᠲᠤ ᠳᠤ ᠠᠰᠢᠭᠯᠠᠯᠲᠠ ᠳᠤ ᠣᠷᠣᠪᠠ      2024 ᠣᠨ ᠤ 10 ᠳ᠋ᠤᠭᠠᠷ ᠰᠠᠷ᠎ᠠ ᠶᠢᠨ 15 ᠤ ᠡᠳᠦᠷ᠂ ᠤᠮᠠᠷᠠᠲᠤ ᠶᠢᠨ ᠬᠤᠪᠣᠷ ᠰᠢᠷᠣᠶ ᠶᠢᠨ ᠪᠣᠬᠢᠷᠲᠤᠯ ᠥᠬᠡᠶ ᠬᠠᠶᠢᠯᠤᠭᠤᠯᠤᠨ ᠪᠣᠯᠪᠠᠰᠤᠷᠠᠭᠤᠯᠵᠤ ᠲᠠᠰ ᠳᠡᠪᠰᠢᠭᠦᠯᠦᠨ ᠥᠭᠡᠷᠡᠴᠢᠯᠡᠬᠦ ᠲᠥᠷᠥᠯ ᠵᠦᠢᠯ ᠤᠨ ᠨᠢᠭᠡᠳᠦᠭᠡᠷ ᠬᠤᠭᠤᠴᠠᠭᠠᠨ ᠤ ᠪᠠᠷᠢᠯᠭ᠎ᠠ ᠶᠢ ᠵᠢᠩᠬᠢᠨᠢ ᠪᠠᠷ ᠪᠠᠶᠢᠭᠤᠯᠤᠨ ᠳᠠᠭᠤᠰᠬᠠᠭᠠᠳ ᠠᠰᠢᠭᠯᠠᠯᠲᠠ ᠳᠤ ᠣᠷᠣᠭᠤᠯᠵᠤ᠂ ᠲᠥᠷᠥᠯ ᠵᠦᠢᠯ ᠤᠨ ᠭᠤᠤᠯ ᠴᠣᠭᠴᠠ ᠶᠢᠨ ᠭᠠᠷ ᠤᠷᠠᠯᠠᠯ ᠤᠨ ᠦᠢᠯᠡᠳᠪᠦᠷᠢᠯᠡᠯ ᠤᠨ ᠦᠢᠯᠡᠳᠪᠦᠷᠢ ᠶᠢᠨ ᠪᠠᠶᠢᠰᠢᠩ ᠤᠨ ᠡᠵᠡᠯᠡᠬᠦ ᠲᠠᠯᠠᠪᠠᠶ ᠶᠢᠨ ᠶᠡᠭᠡ ᠨᠢ᠂ ᠬᠤᠪᠣᠷ ᠰᠢᠷᠣᠶ ᠬᠠᠶᠢᠯᠤᠭᠤᠯᠬᠤ ᠠᠵᠢᠯ ᠲᠥᠷᠥᠯ ᠤᠨ ᠳᠤᠮᠳᠠ ᠴᠥᠭᠡᠨ ᠪᠠᠶᠢᠵᠤ᠂ ᠪᠦᠬᠦ ᠪᠥᠮᠪᠥᠷᠴᠡᠭ ᠤᠨ ᠬᠡᠪᠴᠢᠶ᠎ᠡ ᠪᠠᠷ ᠬᠠᠮᠤᠭ ᠤᠨ ᠶᠡᠭᠡ᠂ ᠬᠠᠮᠤᠭ ᠤᠨ ᠪᠦᠷᠢᠨ ᠪᠦᠲᠦᠨ ᠬᠤᠪᠣᠷ ᠰᠢᠷᠣᠶ ᠬᠠᠶᠢᠯᠤᠭᠤᠯᠵᠤ ᠰᠠᠯᠭᠠᠬᠤ ᠲᠥᠷᠥᠯ ᠵᠦᠢᠯ ᠪᠣᠯᠤᠨ᠎ᠠ᠃ ᠲᠥᠷᠥᠯ ᠵᠦᠢᠯ ᠨᠢ ︽ᠬᠠᠯᠠᠭᠤᠳᠠᠭᠠᠬᠤ — ᠤᠰᠤᠨ ᠳᠤ ᠳᠡᠪᠲᠦᠭᠡᠬᠦ — ᠬᠡᠯᠪᠡᠷᠢ ᠶᠢ ᠨᠢ ᠬᠤᠪᠢᠷᠠᠭᠤᠯᠬᠤ — ᠬᠤᠯᠪᠣᠭᠠᠯᠠᠨ ᠴᠤᠭᠯᠠᠭᠤᠯᠵᠤ ᠰᠠᠯᠭᠠᠬᠤ — ᠲᠤᠩᠭᠠᠬᠤ — ᠤᠯᠠᠶᠢᠰᠬᠠᠬᠤ︾ ᠲᠡᠮᠦᠷᠯᠢᠭ ᠬᠠᠶᠢᠯᠤᠭᠤᠯᠬᠤ ᠭᠠᠷ ᠤᠷᠠᠯᠠᠯ ᠤᠨ ᠮᠡᠷᠭᠡᠵᠢᠯ ᠢ ᠬᠡᠷᠡᠭᠯᠡᠵᠦ᠂ ᠲᠡᠷᠡ ᠨᠢ ᠬᠤᠶᠠᠷ ᠶᠡᠭᠡ ᠠᠺᠠᠳᠧᠮᠢᠴᠢ ᠶᠢᠨ ᠪᠦᠯᠬᠦᠮ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠪᠠ ᠪᠡᠶ᠎ᠡ ᠪᠠᠨ ᠳᠠᠭᠠᠭᠠᠵᠤ ᠨᠡᠭᠡᠭᠡᠨ ᠬᠥᠭᠵᠢᠭᠦᠯᠬᠦ ᠮᠡᠷᠭᠡᠵᠢᠯ ᠤᠨ ᠣᠷᠭᠠᠨᠢᠭ ᠠᠭᠤᠰᠤᠯᠴᠠᠯ ᠪᠠᠶᠢᠵᠤ᠂ ᠦᠢᠯᠡᠳᠪᠦᠷᠢᠯᠡᠯ ᠤᠨ ᠱᠤᠭᠤᠮ ᠨᠢ ᠠᠯᠢ ᠣᠯᠠᠨ ᠢᠵᠢ ᠪᠦᠷᠢᠨ ᠲᠣᠨᠤᠭ ᠲᠥᠬᠦᠭᠡᠷᠦᠮᠵᠢ  ᠶᠢ ᠬᠡᠷᠡᠭᠯᠡᠵᠦ᠂ ᠬᠤᠪᠣᠷ ᠰᠢᠷᠣᠶ ᠶᠢᠨ ᠠᠵᠢᠯ ᠲᠥᠷᠥᠯ ᠳᠤ ᠠᠩᠬ᠎ᠠ ᠤᠳᠠᠭ᠎ᠠ ᠨᠤᠨᠲᠠᠭ ᠪᠡᠶᠡᠲᠦ ᠡᠳ᠋ ᠮᠠᠲ᠋ᠧᠷᠢᠶᠠᠯ ᠪᠠᠭᠤᠯᠭᠠᠬᠤ ᠲᠡᠷᠭᠡ᠂ ᠮᠠᠲ᠋ᠧᠷᠢᠶᠠᠯ ᠣᠪᠣᠭᠠᠯᠠᠬᠤ᠂ ᠮᠠᠲ᠋ᠧᠷᠢᠶᠠᠯ ᠠᠪᠬᠤ᠂ ᠮᠠᠲ᠋ᠧᠷᠢᠶᠠᠯ ᠲᠣᠬᠢᠷᠠᠭᠤᠯᠬᠤ᠂ ᠵᠥᠭᠡᠭᠡᠪᠦᠷᠢᠯᠡᠬᠦ᠂ ᠠᠭᠤᠰᠬᠠᠨ ᠲᠣᠬᠢᠷᠠᠭᠤᠯᠬᠤ ᠵᠡᠷᠭᠡ ᠣᠯᠠᠨ ᠭᠤᠭᠴᠤᠭ᠎ᠠ ᠶᠢᠨ ᠦᠷᠭᠦᠯᠵᠢᠯᠡᠨ ᠠᠦ᠋ᠲ᠋ᠣᠴᠢᠯᠠᠨ ᠦᠢᠯᠡᠳᠪᠦᠷᠢᠯᠡᠬᠦ ᠶᠢ ᠪᠡᠶᠡᠯᠡᠭᠦᠯᠵᠦ᠂ ᠦᠢᠯᠡᠳᠪᠦᠷᠢᠯᠡᠯ ᠤᠨ ᠲᠤᠭ᠎ᠠ ᠪᠠᠷᠢᠮᠲᠠ ᠶᠢᠨ ᠴᠤᠭᠯᠠᠭᠤᠯᠬᠤ ᠨᠣᠷᠮ᠎ᠠ ᠶᠢ 90% ᠳᠤ ᠬᠦᠷᠭᠡᠬᠦ ᠶᠢ ᠦᠨᠡᠨ ᠬᠦ ᠪᠠᠲᠤᠯᠠᠪᠠ᠃ ᠦᠢᠯᠡᠳᠪᠦᠷᠢᠯᠡᠯ ᠤᠨ ᠱᠤᠭᠤᠮ ᠤᠨ ᠭᠠᠷ ᠤᠷᠠᠯᠠᠯ ᠤᠨ ᠮᠡᠷᠭᠡᠵᠢᠯ᠂ ᠲᠣᠨᠤᠭ ᠲᠥᠬᠦᠭᠡᠷᠦᠮᠵᠢ᠂ ᠣᠷᠴᠢᠨ ᠲᠣᠭᠤᠷᠢᠨ ᠤ ᠬᠠᠮᠠᠭᠠᠯᠠᠯᠲᠠ᠂ ᠦᠢᠯᠡᠳᠪᠦᠷᠢᠯᠡᠯ ᠤᠨ ᠴᠢᠳᠠᠪᠤᠷᠢ  ᠨᠢ ᠴᠥᠮ ᠠᠵᠢᠯ ᠲᠥᠷᠥᠯ ᠤᠨ ᠲᠡᠷᠢᠭᠦᠨ ᠳᠤ ᠣᠷᠣᠬᠤ ᠶᠢ ᠪᠡᠶᠡᠯᠡᠭᠦᠯᠵᠦ᠂ ᠬᠡᠷᠡᠭᠯᠡᠭᠴᠢᠳ ᠤᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠦᠢᠯᠡᠳᠬᠦᠨ ᠤ ᠬᠡᠪ ᠪᠠᠷᠢᠮᠵᠢᠶ᠎ᠠ ᠬᠡᠯᠪᠡᠷᠢ ᠮᠠᠶ᠋ᠢᠭ ᠢ ᠠᠮᠢᠳᠤᠯᠢᠭ ᠢᠶᠠᠷ ᠰᠣᠯᠢᠵᠤ᠂ ᠳᠣᠤᠷᠠᠳᠤ ᠤᠷᠤᠰᠬᠠᠯ ᠤᠨ ᠡᠯ᠎ᠡ ᠲᠥᠷᠥᠯ ᠤᠨ ᠲᠦᠭᠦᠬᠡᠶ ᠮᠠᠲ᠋ᠧᠷᠢᠶᠠᠯ ᠤᠨ ᠦᠢᠯᠡᠳᠬᠦᠨ ᠤ ᠬᠡᠷᠡᠭᠴᠡᠭᠡ ᠱᠠᠭᠠᠷᠳᠠᠯᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠩᠭᠠᠬᠤ ᠪᠣᠯᠤᠨ᠎ᠠ᠃ ᠠᠰᠢᠭᠯᠠᠯᠲᠠ ᠳᠤ ᠤᠷᠤᠭᠰᠠᠨ ᠤ ᠳᠠᠷᠠᠭ᠎ᠠ ᠵᠢᠯ ᠳᠤ 19.8 ᠲᠦᠮᠡᠨ ᠲᠣᠨ ᠬᠤᠯᠢᠮᠠᠭ ᠬᠤᠪᠣᠷ ᠰᠢᠷᠣᠶ ᠶᠢᠨ ᠨᠠᠷᠢᠯᠢᠭ ᠬᠦᠳᠡᠷ ᠢ ᠰᠢᠢᠳᠪᠦᠷᠢᠯᠡᠬᠦ ᠴᠢᠳᠠᠪᠤᠷᠢ ᠪᠠ 10.6 ᠲᠦᠮᠡᠨ ᠲᠣᠨ ᠬᠤᠪᠣᠷ ᠰᠢᠷᠣᠶ ᠶᠢᠨ ᠢᠰᠦᠯᠳᠦᠭᠰᠡᠨ ᠪᠣᠳᠠᠰ ᠢ ᠴᠣᠬᠤᠯᠠᠪᠤᠷᠢᠯᠠᠨ ᠭᠠᠷᠭᠠᠬᠤ ᠰᠠᠯᠭᠠᠬᠤ ᠴᠢᠳᠠᠪᠤᠷᠢ ᠲᠠᠢ ᠪᠣᠯᠪᠠ᠃      ᠭᠦᠸᠧ ᠨᠧᠩ ᠰᠢᠨ ᠱᠦᠸᠧ ᠲᠡᠮᠦᠷ ᠵᠠᠮ‌ᠨᠡᠪᠲᠡᠷᠡᠨ ᠡᠵᠡᠩᠨᠡᠯᠲᠡ ᠳᠤ ᠣᠷᠣᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠣᠯᠠᠨ ᠵᠦᠢᠯ ᠤᠨ ᠵᠠᠩᠭᠢᠯᠠᠭ᠎ᠠ ᠶᠢᠨ ᠮᠡᠷᠭᠡᠵᠢᠯ ᠤᠨ ᠰᠢᠪᠲᠤᠯᠤᠯᠲᠠ ᠶᠢ ᠪᠡᠶᠡᠯᠡᠭᠦᠯᠪᠡ      ᠰᠢᠨ ᠱᠦᠸᠧ ᠲᠡᠮᠦᠷ ᠵᠠᠮ ᠤᠨ ᠪᠠᠲᠤ ᠰᠤᠪᠤᠷᠭ᠎ᠠ ᠠᠴᠠ ᠵᠡᠭᠦᠨᠭᠠᠷ ᠬᠦᠷᠬᠦ ᠱᠤᠭᠤᠮ ᠤᠨ ᠶᠡᠷᠦᠩᠬᠡᠶ ᠣᠷᠳᠣ ᠨᠢ 128 ᠺᠢᠯᠤᠮᠧᠲᠷ ᠪᠠᠶᠢᠵᠤ᠂ ᠤᠯᠤᠰ ᠤᠨ Ⅰ ᠲᠠᠰ ᠤᠨ ᠬᠤᠣᠰ ᠱᠤᠭᠤᠮ ᠤᠨ ᠲᠦᠮᠡᠨ ᠲᠣᠨ ᠬᠦᠨᠳᠦ ᠠᠴᠢᠶᠠᠨ ᠤ ᠲᠡᠮᠦᠷ ᠵᠠᠮ ᠪᠠᠶᠢᠵᠤ᠂ ᠵᠢᠯ ᠤᠨ ᠲᠡᠭᠡᠭᠡᠪᠦᠷᠢ ᠶᠢᠨ ᠴᠢᠳᠠᠪᠤᠷᠢ ᠨᠢ ᠣᠶᠢᠷ᠎ᠠ ᠵᠠᠢ ᠳᠤ 1.4 ᠳ᠋ᠦᠩᠰᠢᠭᠤᠷ ᠲᠣᠨ᠂ ᠠᠯᠤᠰ ᠵᠠᠢ ᠳᠤ 2.2 ᠳ᠋ᠦᠩᠰᠢᠭᠤᠷ ᠲᠣᠨ ᠪᠠᠶᠢᠵᠤ᠂ ᠤᠯᠤᠰ ᠤᠨ ᠡᠨᠧᠷᠭᠢ ᠶᠢᠨ ᠪᠦᠯᠦᠭᠯᠡᠯ ᠤᠨ ᠲᠡᠮᠦᠷ ᠵᠠᠮ ᠤᠨ ᠲᠡᠭᠡᠭᠡᠪᠦᠷᠢ ᠶᠢᠨ ᠠᠵᠤ ᠦᠢᠯᠡᠰ ᠤᠨ ᠴᠢᠬᠤᠯᠠ ᠲᠥᠪᠯᠡᠷᠡᠭᠦᠯᠦᠨ ᠲᠠᠷᠬᠠᠭᠠᠬᠤ ᠵᠠᠮ ᠱᠤᠭᠤᠮ ᠪᠣᠯᠣᠨ᠎ᠠ᠃ ᠪᠠᠲᠤ ᠰᠤᠪᠤᠷᠭ᠎ᠠ ᠠᠴᠠ ᠵᠡᠭᠦᠨᠭᠠᠷ ᠬᠦᠷᠬᠦ ᠱᠤᠭᠤᠮ ᠤᠨ ᠥᠷᠢᠰᠦᠯᠳᠦᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠶᠤᠨᠲᠤ ᠲᠡᠮᠦᠷ ᠵᠠᠮ ᠤᠨ ᠪᠥᠲᠥᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠶᠢᠨ ᠲᠥᠯᠥᠭᠡ ᠂ 2024 ᠣᠨ ᠳᠤ᠂ ᠪᠥᠬᠦ ᠤᠯᠤᠰ ᠤᠨ ᠠᠩᠬᠠᠳᠠᠭᠴᠢ ᠲᠣᠮᠣ ᠴᠢᠳᠠᠪᠬᠢᠲᠤ ᠤᠰᠤᠲᠥ᠋ᠷᠥᠭᠴᠢ ᠶᠢᠨ ᠡᠨᠧᠷᠭᠢ ᠶᠢᠨ ᠬᠥᠳᠡᠯᠭᠡᠬᠦ ᠬᠦᠴᠦᠨ ᠤ ᠮᠠᠰᠢᠨ ᠲᠡᠷᠭᠡ ᠨᠢ ᠪᠠᠲᠤ ᠰᠤᠪᠤᠷᠭ᠎ᠠ ᠠᠴᠠ ᠵᠡᠭᠦᠨᠭᠠᠷ ᠬᠦᠷᠬᠦ ᠱᠤᠭᠤᠮ ᠤᠨ ᠬᠠᠶᠢᠯᠠᠰᠤᠨ ᠭᠤᠤ ᠡᠮᠦᠨ᠎ᠡ ᠥᠷᠲᠡᠭᠡ ᠳᠤ ᠲᠦᠮᠡᠨ ᠲᠣᠨ ᠲᠡᠷᠭᠡ ᠤᠭᠰᠠᠷᠠᠬᠤ ᠲᠤᠷᠰᠢᠯᠲᠠ ᠬᠢᠵᠦ᠂ ᠠᠩᠬᠠᠳᠠᠭᠴᠢ ᠲᠣᠮᠣ ᠴᠢᠳᠠᠪᠬᠢᠲᠤ ᠤᠰᠤᠲᠥ᠋ᠷᠥᠭᠴᠢ ᠶᠢᠨ ᠡᠨᠧᠷᠭᠢ ᠶᠢᠨ ᠴᠠᠬᠢᠯᠭᠠᠨ ᠬᠠᠩᠭᠠᠬᠤ ᠬᠦᠷᠦᠯᠴᠡᠬᠦ ᠲᠣᠤᠷ ᠤᠨ ᠠᠵᠢᠯᠯᠠᠬᠤ ᠲᠡᠷᠭᠡᠨ ᠤ ᠠᠶᠠᠯᠠᠯᠲᠠ ᠶᠢᠨ ᠲᠤᠷᠰᠢᠯᠲᠠ ᠶᠢ ᠪᠡᠶᠡᠯᠡᠭᠦᠯᠵᠦ᠂ ᠤᠯᠤᠰ ᠤᠨ ᠳᠣᠲᠣᠭᠠᠳᠤ ᠶᠢᠨ ᠠᠩᠬᠠᠳᠠᠭᠴᠢ ᠠᠮᠤᠷ ᠲᠦᠪᠰᠢᠨ᠂ ᠥᠨᠳᠥᠷ ᠪᠦᠲᠦᠮᠵᠢᠲᠡᠶ᠂ ᠪᠣᠬᠢᠷᠲᠤᠯ ᠥᠬᠡᠶ ᠬᠦᠨᠳᠦ ᠠᠴᠢᠶᠠᠨ ᠤ ᠲᠡᠮᠦᠷ ᠵᠠᠮ ᠤᠨ ᠤᠰᠤᠲᠥ᠋ᠷᠥᠭᠴᠢ ᠶᠢᠨ ᠡᠨᠧᠷᠭᠢ ᠶᠢᠨ ᠬᠥᠳᠡᠯᠭᠡᠬᠦ ᠬᠦᠴᠦᠨ ᠤ ᠲᠣᠨᠣᠭᠯᠠᠯ ᠤᠨ ᠮᠡᠷᠭᠡᠵᠢᠯ ᠤᠨ ᠲᠣᠭᠲᠠᠯᠴᠠᠭ᠎ᠠ ᠶᠢ ᠪᠠᠶᠢᠭᠤᠯᠪᠠ᠃ ᠡᠭᠦᠨ ᠤ ᠬᠠᠮᠲᠤ᠂ ᠪᠥᠬᠦ ᠤᠯᠤᠰ ᠤᠨ ᠠᠩᠬᠠᠳᠠᠭᠴᠢ ᠬᠦᠨᠳᠦ ᠠᠴᠢᠶᠠᠨ ᠤ ᠲᠡᠮᠦᠷ ᠵᠠᠮ ᠤᠨ ᠤᠰᠤᠲᠥ᠋ᠷᠥᠭᠴᠢ ᠨᠡᠮᠡᠬᠦ ᠥᠷᠲᠡᠭᠡ — ᠪᠠᠲᠤ ᠰᠤᠪᠤᠷᠭ᠎ᠠ ᠤᠰᠤᠲᠥ᠋ᠷᠥᠭᠴᠢ ᠨᠡᠮᠡᠬᠦ ᠥᠷᠲᠡᠭᠡ ᠶᠢ ᠢᠵᠢ ᠪᠦᠷᠢᠳᠦᠭᠦᠯᠦᠨ ᠪᠠᠶᠢᠭᠤᠯᠵᠤ᠂ ᠮᠠᠨ ᠤ ᠤᠯᠤᠰ ᠤᠨ ᠪᠡᠶ᠎ᠡ ᠪᠠᠨ ᠳᠠᠭᠠᠭᠠᠵᠤ ᠰᠤᠳᠤᠯᠤᠨ ᠦᠢᠯᠡᠳᠦᠭᠰᠡᠨ ︽ᠪᠥᠬᠦ ᠪᠥᠮᠪᠥᠷᠴᠡᠭ ᠤᠨ ᠠᠩᠬᠠᠳᠠᠭᠴᠢ ᠳᠣᠤᠷ᠎ᠠ ᠳᠤᠯᠠᠭᠠᠨ ᠳᠤ ᠲᠡᠰᠪᠦᠷᠢᠲᠡᠶ ᠠᠦ᠋ᠲ᠋ᠣ᠋ ᠤᠰᠤᠲᠥ᠋ᠷᠥᠭᠴᠢ ᠨᠡᠮᠡᠬᠦ ᠮᠠᠰᠢᠨ ᠬᠥᠮᠦᠨ ᠪᠠ ᠶᠡᠭᠡ ᠤᠷᠤᠰᠬᠠᠯ ᠤᠨ ᠬᠡᠮᠵᠢᠶ᠎ᠡ ᠲᠠᠢ ᠤᠰᠤᠲᠥ᠋ᠷᠥᠭᠴᠢ ᠨᠡᠮᠡᠬᠦ ᠮᠠᠰᠢᠨ︾ ᠢ ᠠᠴᠢᠶᠠᠯᠠᠵᠤ᠂ - 25 ℃ ᠳᠣᠤᠷ᠎ᠠ ᠳᠤᠯᠠᠭᠠᠨ ᠤ ᠨᠥᠬᠦᠴᠡᠯ ᠳᠣᠤᠷ᠎ᠠ ᠲᠣᠮᠣ ᠴᠢᠳᠠᠪᠬᠢᠲᠤ ᠤᠰᠤᠲᠥ᠋ᠷᠥᠭᠴᠢ ᠶᠢᠨ ᠡᠨᠧᠷᠭᠢ ᠶᠢᠨ ᠬᠥᠳᠡᠯᠭᠡᠬᠦ ᠬᠦᠴᠦᠨ ᠤ ᠮᠠᠰᠢᠨ ᠲᠡᠷᠭᠡ ᠪᠠ ᠤᠰᠤᠲᠥ᠋ᠷᠥᠭᠴᠢ ᠶᠢᠨ ᠡᠨᠧᠷᠭᠢ ᠶᠢᠨ ᠲᠣᠤᠷ ᠲᠤ ᠬᠤᠯᠪᠣᠭᠳᠠᠬᠤ ᠠᠵᠢᠯᠯᠠᠬᠤ ᠲᠡᠷᠭᠡᠨ ᠳᠤ ᠪᠦᠬᠦᠯᠢ ᠡᠳᠦᠷ ᠢᠶᠠᠷ᠂ ᠶᠡᠭᠡ ᠤᠷᠤᠰᠬᠠᠯ ᠤᠨ ᠬᠡᠮᠵᠢᠶ᠎ᠡ ᠪᠠᠷ ᠠᠦ᠋ᠲ᠋ᠣᠴᠢᠯᠠᠭᠰᠠᠨ ᠤᠰᠤᠲᠥ᠋ᠷᠥᠭᠴᠢ ᠨᠡᠮᠡᠬᠦ ᠦᠢᠯᠡᠴᠢᠯᠡᠭᠡ ᠬᠠᠩᠭᠠᠵᠤ᠂ ᠬᠠᠮᠢᠶ᠎ᠠ ᠪᠥᠬᠦᠶ ᠦᠷ᠎ᠡ ᠪᠦᠲᠦᠭᠡᠯ ᠨᠢ 2024 ᠳᠤᠮᠳᠠᠳᠤ ᠤᠯᠤᠰ ᠤᠨ ᠵᠦᠩ ᠴᠧ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠳᠤ ᠰᠣᠩᠭᠤᠭᠳᠠᠪᠠ᠃ ᠡᠭᠦᠨ ᠠᠴᠠ ᠭᠠᠳᠠᠨ᠎ᠠ᠂ ᠵᠠᠮ ᠬᠠᠷᠢᠯᠴᠠᠭᠠᠨ ᠤ ᠬᠦᠴᠦᠷᠬᠡᠭ ᠤᠯᠤᠰ ᠤᠨ ᠲᠥᠷᠥᠯ ᠵᠦᠢᠯ — ᠪᠠᠲᠤ ᠰᠤᠪᠤᠷᠭ᠎ᠠ ᠠᠴᠠ ᠵᠡᠭᠦᠨᠭᠠᠷ ᠬᠦᠷᠬᠦ ᠱᠤᠭᠤᠮ ᠤᠨ ᠢᠵᠢᠯ ᠹᠠᠰ ᠤᠨ ᠴᠠᠬᠢᠯᠭᠠᠨ ᠬᠠᠩᠭᠠᠬᠤ ᠵᠢᠱᠢᠶ᠎ᠡ ᠦᠵᠡᠭᠦᠯᠬᠦ ᠴᠢᠨᠠᠷᠲᠠᠶ ᠢᠨᠵᠧᠨᠧᠷᠢᠩ ᠨᠢ ᠪᠥᠬᠦ ᠱᠤᠭᠤᠮ ᠢᠶᠠᠷ ᠨᠡᠪᠲᠡᠷᠡᠭᠦᠯᠬᠦ ᠵᠠᠩᠭᠢᠯᠠᠭ᠎ᠠ ᠶᠢᠨ ᠮᠡᠷᠭᠡᠵᠢᠯ ᠢ ᠰᠤᠳᠤᠯᠤᠨ ᠨᠡᠭᠡᠭᠡᠬᠦ ᠶᠢ ᠪᠡᠶᠡᠯᠡᠭᠦᠯᠵᠦ᠂ ᠳᠡᠯᠡᠬᠡᠶ ᠶᠢᠨ ᠠᠩᠬᠠᠳᠠᠭᠴᠢ ᠬᠦᠨᠳᠦ ᠠᠴᠢᠶᠠᠨ ᠤ ᠴᠠᠬᠢᠯᠭᠠᠨᠵᠢᠭᠰᠠᠨ ᠲᠡᠮᠦᠷ ᠵᠠᠮ ᠤᠨ ᠪᠥᠬᠦ ᠱᠤᠭᠤᠮ ᠤᠨ 128 ᠺᠢᠯᠤᠮᠧᠲᠷ ᠢ ᠢᠵᠢᠯ ᠹᠠᠰ ᠤᠨ ᠴᠠᠬᠢᠯᠭᠠᠨ ᠬᠠᠩᠭᠠᠯᠲᠠ ᠶᠢ ᠪᠡᠶᠡᠯᠡᠭᠦᠯᠵᠦ᠂ ᠲᠡᠮᠦᠷ ᠵᠠᠮ ᠤᠨ ᠪᠤᠬ᠎ᠠ ᠲᠡᠷᠭᠡ ᠶᠢᠨ ᠬᠡᠳᠦ ᠳᠣᠷᠣᠭᠰᠢᠯᠠᠭᠤᠯᠤᠨ ᠨᠤᠮᠤ ᠪᠠᠷ ᠭᠤᠯᠭᠤᠬᠤ ᠠᠵᠢᠯ ᠲᠦᠷᠦᠯ ᠤᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠬᠦᠨᠳᠦ ᠠᠴᠢᠶᠠᠨ ᠤ ᠲᠡᠮᠦᠷ ᠵᠠᠮ ᠤᠨ ᠲᠡᠭᠡᠭᠡᠪᠦᠷᠢ ᠶᠢᠨ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠪᠡ᠃      ᠰᠦᠨ ᠲᠡᠮᠦᠷᠰᠡᠭ ᠤᠭᠤᠷᠠᠭ ᠢ ᠬᠠᠨᠳᠤᠯᠭ᠎ᠠ ᠲᠠᠢ ᠪᠠᠷ ᠪᠣᠯᠪᠠᠰᠤᠷᠠᠭᠤᠯᠤᠨ ᠭᠠᠷᠭᠠᠵᠤ᠂ ᠬᠠᠮᠠᠭᠠᠯᠠᠬᠤ ᠮᠡᠷᠭᠡᠵᠢᠯ ᠨᠢ ᠪᠦᠬᠦ ᠪᠥᠮᠪᠥᠷᠴᠡᠭ ᠤᠨ ᠰᠦᠨ ᠦᠢᠯᠡᠰ ᠤᠨ ᠬᠠᠮᠤᠭ ᠤᠨ ᠳᠡᠭᠡᠳᠦ ᠱᠠᠩᠨᠠᠯ ᠢ ᠬᠦᠷᠲᠡᠪᠡ       ᠰᠦᠨ ᠲᠡᠮᠦᠷᠰᠡᠭ ᠤᠭᠤᠷᠠᠭ ᠪᠣᠯ ᠬᠥᠬᠦᠲᠡᠨ ᠠᠮᠢᠲᠠᠨ ᠤ ᠰᠦᠨ ᠳᠤ ᠠᠶᠠᠨᠳᠠᠭᠠᠨ ᠣᠷᠣᠰᠢᠵᠤ ᠪᠠᠶᠢᠭ᠎ᠠ ᠤᠭᠤᠷᠠᠭ ᠪᠣᠯᠤᠨ᠎ᠠ᠂ ᠴᠢᠰᠤᠨ ᠤ ᠪᠤᠰᠤ ᠤᠯᠠᠭᠠᠨ ᠡᠳ᠋ ᠲᠡᠮᠦᠷ ᠤᠨ ᠤᠶᠠᠯᠳᠤᠭᠰᠠᠨ ᠰᠢᠬᠢᠷᠲᠦ ᠤᠭᠤᠷᠠᠭ ᠤᠨ ᠴᠢᠬᠤᠯᠠ ᠵᠦᠢᠯ ᠪᠠᠶᠢᠵᠤ᠂ ᠪᠠᠺᠲ᠋ᠧᠷᠢ ᠳᠠᠷᠤᠬᠤ᠂ ᠸᠢᠷᠦ᠋ᠰ ᠢ ᠡᠰᠡᠷᠭᠦᠴᠡᠬᠦ᠂ ᠣᠷᠭᠠᠨᠢᠭ ᠪᠡᠶ᠎ᠡ ᠶᠢᠨ ᠦᠯᠦ ᠬᠠᠯᠳᠠᠭᠠᠬᠤ ᠴᠢᠳᠠᠪᠬᠢ ᠶᠢ ᠲᠣᠬᠢᠷᠠᠭᠤᠯᠬᠤ᠂ ᠭᠡᠳᠡᠰᠦᠨ ᠤ ᠡᠷᠡᠭᠦᠯ ᠮᠡᠨᠳᠦ ᠶᠢ ᠠᠬᠢᠭᠤᠯᠬᠤ ᠵᠡᠷᠭᠡ ᠦᠢᠯᠡᠳᠦᠯ ᠲᠠᠢ᠂ ᠢᠳᠡᠭᠡᠨ ᠤ ᠠᠵᠤ ᠦᠢᠯᠡᠳᠪᠦᠷᠢ ᠪᠣᠯᠤᠨ ᠠᠮᠢᠳᠤ ᠪᠣᠳᠠᠰ ᠤᠨ ᠡᠮ ᠦᠢᠯᠡᠳᠬᠦ ᠵᠡᠷᠭᠡ ᠬᠦᠷᠢᠶᠡᠨ ᠳᠤ ᠥᠷᠭᠡᠨ ᠳᠡᠯᠭᠡᠷ ᠬᠡᠷᠡᠭᠯᠡᠭᠡᠨ ᠤ ᠢᠷᠡᠭᠡᠳᠦᠶ ᠲᠠᠢ ᠶᠤᠮ᠃ ᠭᠡᠪᠡᠴᠦ ᠪᠣᠯᠪᠠᠰᠤᠷᠠᠭᠤᠯᠵᠤ ᠭᠠᠷᠭᠠᠬᠤ ᠳᠤ ᠨᠡᠯᠢᠶᠡᠳ ᠬᠦᠴᠢᠷᠲᠡᠶ ᠮᠥᠷᠲᠡᠭᠡᠨ ᠮᠡᠷᠭᠡᠵᠢᠯ ᠨᠢ ᠤᠷᠲᠤ ᠬᠤᠭᠤᠴᠠᠭ᠎ᠠ ᠪᠠᠷ ᠭᠠᠳᠠᠭᠠᠳᠤ ᠤᠯᠤᠰ ᠤᠨ ᠭᠠᠭᠴᠠᠭᠠᠷ ᠡᠵᠡᠮᠰᠢᠯ ᠳᠤ ᠪᠠᠶᠢᠭᠰᠠᠨ ᠠᠴᠠ᠂ ᠰᠦᠨ ᠲᠡᠮᠦᠷᠰᠡᠭ ᠤᠭᠤᠷᠠᠭ ᠨᠢ ᠮᠠᠰᠢ ᠬᠤᠪᠣᠷ ᠨᠠᠨᠳᠢᠨ ᠪᠠᠶᠢᠵᠤ᠂ ︽ᠰᠦᠨ ᠠᠯᠲᠠ︾ ᠭᠡᠵᠦ ᠨᠡᠷᠡᠯᠡᠭᠳᠡᠪᠡ᠃ ᠥᠪᠥᠷ ᠮᠣᠩᠭᠤᠯ ᠤᠨ ᠢᠯᠢ ᠪᠦᠯᠦᠭᠯᠡᠯ ᠨᠢ 16 ᠵᠢᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠤᠷᠠᠮᠳᠤᠭᠤᠯᠤᠯ ᠢᠶᠠᠷ ᠳᠠᠮᠵᠢᠨ᠂ ᠤᠯᠤᠰ ᠤᠨ ᠰᠦᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ  ᠯᠤᠭ᠎ᠠ ᠬᠤᠯᠪᠣᠭᠠᠯᠠᠨ ᠪᠦᠬᠦ ᠳᠡᠯᠡᠬᠡᠢ ᠳᠤ ᠠᠩᠬ᠎ᠠ ᠡᠭᠦᠳᠦᠭᠰᠡᠨ ᠰᠦᠨ ᠲᠡᠮᠦᠷᠰᠡᠭ ᠤᠭᠤᠷᠠᠭ ᠢ ᠬᠠᠨᠳᠤᠯᠭ᠎ᠠ ᠲᠠᠢ ᠪᠠᠷ ᠭᠠᠷᠭᠠᠨ ᠠᠪᠴᠤ ᠬᠠᠮᠠᠭᠠᠯᠠᠬᠤ ᠮᠡᠷᠭᠡᠵᠢᠯ ᠨᠢ ᠬᠡᠪ ᠤᠨ ᠳᠤᠯᠠᠭᠠᠨ ᠤ ᠴᠣᠯ ᠦᠨᠢᠶᠡᠨ ᠰᠦᠨ ᠤ ᠤᠭᠤᠷᠠᠭ ᠢ ᠬᠠᠳᠠᠭᠠᠯᠠᠬᠤ ᠨᠤᠷᠮ᠎ᠠ ᠶᠢ 10% ᠪᠠᠶᠢᠭᠰᠠᠨ ᠠᠴᠠ 90% ᠪᠣᠯᠲᠠᠯ᠎ᠠ ᠳᠡᠭᠡᠭᠰᠢᠯᠡᠭᠦᠯᠵᠦ᠂ ᠤᠯᠤᠰ ᠤᠨ ᠳᠣᠲᠣᠭᠠᠳᠤ ᠶᠢᠨ ᠰᠦᠨ ᠤ ᠠᠵᠤ ᠠᠬᠤᠶᠢᠯᠠᠯ ᠳᠤ ᠵᠠᠩᠭᠢᠯᠠᠭ᠎ᠠ ᠶᠢᠨ ᠮᠡᠷᠭᠡᠵᠢᠯ ᠤᠨ ᠬᠤᠷᠢᠭ᠎ᠠ ᠴᠠᠷᠠᠭ᠎ᠠ ᠶᠢ ᠲᠦᠷᠦᠭᠦᠯᠡᠨ ᠡᠪᠳᠡᠭᠰᠡᠨ ᠪᠥᠭᠡᠳ ᠠᠵᠤ ᠦᠢᠯᠡᠳᠪᠦᠷᠢᠵᠢᠯᠲᠡ ᠶᠢᠨ ᠦᠢᠯᠡᠳᠪᠦᠷᠢᠯᠡᠯ ᠤᠨ ᠬᠦᠴᠢᠷ ᠠᠰᠠᠭᠤᠳᠠᠯ ᠢ ᠰᠢᠢᠳᠪᠦᠷᠢᠯᠡᠭᠰᠡᠨ ᠪᠠᠶᠢᠨ᠎ᠠ᠃ 2024 ᠣᠨ ᠤ 10 ᠳ᠋ᠤᠭᠠᠷ ᠰᠠᠷ᠎ᠠ ᠶᠢᠨ 15 ᠤ ᠡᠳᠦᠷ᠂ ᠤᠯᠠᠨ ᠤᠯᠤᠰ ᠤᠨ ᠰᠦᠨ ᠤ ᠬᠤᠯᠪᠣᠭᠠᠲᠤ ᠬᠤᠷᠠᠯ ᠠᠴᠠ ᠹᠷᠠᠨᠼᠢ ᠳᠤ ᠭᠤᠣᠯᠯᠠᠨ ᠡᠷᠬᠢᠯᠡᠭᠰᠡᠨ ᠳᠡᠯᠡᠬᠡᠢ ᠶᠢᠨ ᠰᠦᠨ ᠤ ᠦᠢᠯᠡᠰ ᠤᠨ ᠲᠦᠷᠦᠭᠦᠴᠦᠳ ᠤᠨ ᠬᠤᠷᠠᠯ ᠳᠡᠭᠡᠷ᠎ᠡ᠂ ᠰᠦᠨ ᠲᠡᠮᠦᠷᠰᠡᠭ ᠤᠭᠤᠷᠠᠭ ᠢ ᠬᠡᠷᠡᠭᠯᠡᠨ ᠬᠠᠨᠳᠤᠯᠭ᠎ᠠ ᠲᠠᠢ ᠪᠠᠷ ᠪᠣᠯᠪᠠᠰᠤᠷᠠᠭᠤᠯᠤᠨ ᠭᠠᠷᠭᠠᠵᠤ ᠬᠠᠮᠠᠭᠠᠯᠠᠬᠤ ᠮᠡᠷᠭᠡᠵᠢᠯ ᠢᠶᠠᠷ ᠦᠢᠯᠡᠳᠪᠦᠷᠢᠯᠡᠭᠰᠡᠨ ᠰᠢᠨ᠎ᠡ ᠶᠢ ᠡᠭᠦᠳᠦᠭᠰᠡᠨ ᠦᠢᠯᠡᠳᠬᠦᠨ — ᠶᠢᠨ ᠳ᠋ᠢᠶᠠᠨ ᠰᠦᠨ ᠲᠡᠮᠦᠷᠰᠡᠭ ᠤᠭᠤᠷᠠᠭ ᠤᠨ ᠣᠷᠭᠠᠨᠢᠭ ᠰᠦ ᠨᠢ ᠪᠦᠬᠦ ᠪᠥᠮᠪᠥᠷᠴᠡᠭ ᠤᠨ ᠰᠦᠨ ᠤ ᠦᠢᠯᠡᠰ ᠤᠨ ᠬᠠᠮᠤᠭ ᠤᠨ ᠦᠨ᠎ᠡ ᠴᠠᠨ᠎ᠠ ᠲᠠᠢ ︽IDF ᠰᠦᠨ  ᠢᠳᠡᠭᠡᠨ ᠤ ᠰᠢᠨ᠎ᠡ ᠶᠢ ᠡᠭᠦᠳᠦᠭᠰᠡᠨ ᠱᠠᠩᠨᠠᠯ︾ ᠤᠨ ︽ᠰᠢᠨ᠎ᠡ ᠦᠢᠯᠡᠳᠬᠦᠨ ᠢ ᠨᠡᠭᠡᠭᠡᠨ ᠬᠥᠭᠵᠢᠭᠦᠯᠵᠦ ᠰᠢᠨ᠎ᠡ ᠶᠢ ᠡᠭᠦᠳᠦᠭᠰᠡᠨ ᠱᠠᠩᠨᠠᠯ︾ ᠢ ᠭᠥᠷᠳᠡᠵᠦ᠂ ᠳᠤᠮᠳᠠᠳᠤ ᠤᠯᠤᠰ ᠤᠨ ᠰᠦᠨ ᠦᠢᠯᠡᠰ ᠢ ᠲᠥᠯᠥᠭᠡᠯᠡᠨ ᠳᠡᠯᠡᠬᠡᠢ ᠶᠢᠨ ᠲᠠᠪᠴᠠᠩ ᠳᠤ ᠭᠢᠯᠠᠯᠵᠠᠭᠰᠠᠨ ᠪᠠᠶᠢᠨ᠎ᠠ᠃       ᠪᠦᠬᠦ ᠪᠥᠮᠪᠥᠷᠴᠡᠭ ᠤᠨ ᠳᠠᠩ ᠦᠢᠯᠡᠳᠪᠦᠷᠢ ᠶᠢᠨ ᠬᠡᠪᠴᠢᠶ᠎ᠡ ᠬᠠᠮᠤᠭ ᠤᠨ ᠶᠡᠭᠡ ᠨᠡᠭᠦᠷᠡᠰᠦ ᠪᠠᠷ ᠠᠯᠺᠧᠨ ᠦᠢᠯᠡᠳᠪᠦᠷᠢᠯᠡᠬᠦ ᠲᠥᠷᠥᠯ ᠵᠦᠢᠯ ᠣᠷᠳᠣᠰ ᠲᠤ ᠠᠰᠢᠭᠯᠠᠯᠲᠠ ᠳᠤ ᠣᠷᠣᠪᠠ      2024 ᠣᠨ ᠤ 11 ᠳ᠋ᠦ᠋ᠭᠡᠷ ᠰᠠᠷ᠎ᠠ ᠶᠢᠨ 22 ᠤᠨ ᠡᠳᠦᠷ᠂ ᠪᠦᠦ ᠹᠧᠩ ᠡᠨᠧᠷᠭᠢ ᠶᠢᠨ ᠥᠪᠥᠷ ᠮᠣᠩᠭᠤᠯ ᠳᠠᠬᠢ ᠲᠥᠷᠥᠯ ᠵᠦᠢᠯ ᠤᠨ ᠨᠢᠭᠡᠳᠦᠭᠡᠷ ᠬᠤᠭᠤᠴᠠᠭ᠎ᠠ ᠨᠢ ᠵᠢᠯ ᠳᠤ 300 ᠲᠦᠮᠡᠨ ᠲᠣᠨ ᠠᠯᠺᠧᠨ ᠦᠢᠯᠡᠳᠪᠦᠷᠢᠯᠡᠬᠦ ᠠᠩᠬᠠᠨ ᠤ ᠰᠢᠷᠢᠰ 100 ᠲᠦᠮᠡᠨ ᠲᠣᠨ / ᠵᠢᠯ ᠤᠨ ᠦᠢᠯᠡᠳᠪᠦᠷᠢᠯᠡᠯ ᠤᠨ ᠱᠤᠭᠤᠮ ᠢ ᠠᠮᠵᠢᠯᠲᠠ ᠲᠠᠢ ᠪᠠᠷ ᠵᠢᠯᠤᠭᠤᠳᠴᠤ᠂ ᠲᠦᠷᠦᠭᠦᠸ ᠪᠦᠯᠦᠭ ᠤᠨ ᠬᠢᠷᠢ ᠲᠡᠩᠴᠡᠭᠰᠡᠨ ᠪᠥᠭᠡᠭᠡᠨᠡᠷᠡᠯ ᠠᠯᠺᠧᠨ ᠦᠢᠯᠡᠳᠬᠦᠨ ᠢ ᠲᠤᠷᠰᠢᠨ ᠦᠢᠯᠡᠳᠪᠦᠷᠢᠯᠡᠭᠡᠳ ᠰᠦᠯᠵᠢᠶᠡᠨ ᠠᠴᠠ ᠪᠠᠭᠤᠯᠭᠠᠬᠤ ᠶᠢᠨ ᠬᠠᠮᠲᠤ ᠲᠡᠷᠭᠡᠨ ᠳᠤ ᠭᠠᠷᠭᠠᠪᠠ ᠃ ᠡᠨᠡ ᠪᠣᠯ ᠣᠳᠣᠬᠠᠨ ᠤ ᠪᠦᠬᠦ ᠪᠥᠮᠪᠥᠷᠴᠡᠭ ᠤᠨ ᠲᠠᠩ ᠦᠢᠯᠡᠳᠪᠦᠷᠢ ᠶᠢᠨ ᠬᠡᠪᠴᠢᠶ᠎ᠡ ᠪᠠᠷ ᠬᠠᠮᠤᠭ ᠤᠨ ᠶᠡᠭᠡ ᠨᠡᠭᠦᠷᠡᠰᠦ ᠪᠠᠷ ᠠᠯᠺᠧᠨ ᠦᠢᠯᠡᠳᠬᠦ ᠲᠦᠷᠦᠯ ᠵᠦᠢᠯ᠂ ᠮᠥᠨ ᠴᠦ ᠪᠦᠬᠦ ᠪᠥᠮᠪᠥᠷᠴᠡᠭ ᠤᠨ ᠴᠣᠷᠢ ᠶᠢᠨ ᠭᠠᠭᠴᠠ ᠬᠡᠪᠴᠢᠶᠡᠵᠢᠭᠰᠡᠨ ᠪᠣᠬᠢᠷᠲᠤᠯ ᠦᠭᠡᠢ ᠤᠰᠤᠲᠥ᠋ᠷᠥᠭᠴᠢ ᠪᠠᠷ ᠴᠢᠯᠠᠭᠤᠵᠢᠮᠠᠯ ᠡᠨᠧᠷᠭᠢ ᠶᠢ ᠣᠷᠣᠯᠠᠭᠤᠯᠤᠨ ᠠᠯᠺᠧᠨ ᠦᠢᠯᠡᠳᠪᠦᠷᠢᠯᠡᠬᠦ ᠲᠦᠷᠦᠯ ᠵᠦᠢᠯ ᠪᠣᠯᠤᠨ᠎ᠠ᠃ ᠲᠥᠷᠥᠯ ᠵᠦᠢᠯ ᠨᠢ ᠳᠤᠮᠳᠠᠳᠤ ᠤᠯᠤᠰ ᠤᠨ ᠰᠠᠨᠰᠠᠷ ᠤᠨ ᠠᠶᠠᠯᠠᠯ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠬᠠᠩᠵᠸᠦ ᠶᠢᠨ ᠬᠦᠴᠢᠯᠲᠥ᠋ᠷᠥᠭᠴᠢ ᠦᠢᠯᠡᠳᠬᠦ ᠮᠠᠰᠢᠨ ᠤ ᠪᠦᠯᠦᠭᠯᠡᠯ ᠤᠨ ᠬᠢᠵᠠᠭᠠᠷᠲᠤ ᠺᠣᠮᠫᠠᠨᠢ᠂  ᠬᠠᠩᠵᠧᠦ ᠶᠢᠨ ᠠᠭᠤᠷ ᠤᠨ ᠲᠦᠷᠪᠢᠨᠲᠦ ᠬᠥᠳᠡᠯᠭᠡᠭᠴᠢ ᠬᠦᠴᠦᠨ ᠤ ᠪᠦᠯᠦᠭᠯᠡᠯ ᠤᠨ ᠬᠢᠵᠠᠭᠠᠷᠲᠤ ᠺᠣᠮᠫᠠᠨᠢ ᠵᠡᠷᠭᠡ ᠪᠥᠬᠦ ᠳᠡᠯᠡᠬᠡᠶ ᠳᠤ ᠠᠯᠳᠠᠷᠲᠠᠶ ︽ᠤᠯᠤᠰ ᠤᠨ ᠨᠠᠷᠠᠲᠤ ᠲᠡᠮᠳᠡᠭᠲᠦ︾ ᠶᠢᠨ ᠰᠤᠳᠤᠯᠭᠠᠨ ᠤ ᠬᠦᠷᠢᠶᠡᠯᠡᠩ ᠪᠠ ᠠᠵᠤ ᠠᠬᠤᠶᠢᠯᠠᠯ ᠯᠤᠭ᠎ᠠ ᠬᠤᠯᠪᠣᠭᠠᠯᠠᠨ᠂ ᠮᠠᠨ ᠤ ᠤᠯᠤᠰ ᠤᠨ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠲᠠᠢ ᠣᠯᠠᠨ ᠠᠴᠠ ᠣᠷᠦ᠋ᠢᠯᠠᠭᠰᠠᠨ ᠲᠥᠬᠦᠭᠡᠷᠦᠮᠵᠢ ᠶᠢ ᠭᠦᠨᠵᠡᠭᠡᠶ ᠬᠡᠷᠡᠭᠯᠡᠵᠦ᠂ ᠲᠥᠬᠦᠭᠡᠷᠦᠮᠵᠢ ᠶᠢᠨ ᠤᠯᠤᠰ ᠲᠤ ᠪᠠᠨ ᠦᠢᠯᠡᠳᠪᠦᠷᠢᠯᠡᠭᠰᠡᠨ ᠨᠣᠷᠮ᠎ᠠ ᠨᠢ 98% ᠳᠤ ᠬᠦᠷᠴᠦ᠂ ︽5 ᠪᠥᠬᠦ ᠪᠥᠮᠪᠥᠷᠴᠡᠭ ᠤᠨ ᠬᠠᠮᠤᠭ ︾ ᠪᠠ ︽3 ᠪᠥᠬᠦ ᠤᠯᠤᠰ ᠤᠨ ᠬᠠᠮᠤᠭ ︾ ᠠᠵᠢᠯ ᠲᠥᠷᠥᠯ ᠤᠨ ᠲᠡᠮᠳᠡᠭᠯᠡᠯ ᠢ ᠡᠭᠦᠳᠪᠡ᠃ ᠡᠭᠦᠠ ᠳᠤ ᠪᠦᠭᠦ ᠲᠠᠯᠠᠭᠡᠢ ᠲᠠᠭᠡᠷᠠᠭᠢ ᠬᠠᠮᠤᠭ ᠲᠣᠮᠣ ᠠᠩᠬᠠᠲᠠᠬᠴᠢ ᠢᠵᠢ‌ᠬᠠᠮᠤᠭ ᠤᠨ ᠲᠣᠮᠣ ᠨᠤᠨᠳᠠᠭ ᠨᠡᠭᠦᠷᠡᠰᠦᠨ ᠤ ᠳᠠᠷᠤᠯᠲᠠᠲᠤ ᠬᠡᠶᠢᠵᠢᠭᠦᠯᠬᠦ ᠵᠤᠤᠬ᠎ᠠ ᠵᠢᠴᠢ ᠳᠣᠨᠣᠬᠯᠠᠯ᠂ ᠠᠩᠬᠠᠳᠠᠭᠴᠢ ᠢᠵᠢ ᠬᠠᠮᠤᠭ ᠤᠨ ᠶᠡᠭᠡ ᠮᠧᠲ᠋ᠠᠨᠤᠯ ᠤᠨ ᠨᠡᠶᠢᠯᠡᠮᠡᠯ ᠰᠤᠪᠤᠷᠭ᠎ᠠ ᠵᠢᠴᠢ ᠲᠣᠨᠣᠭᠯᠠᠯ᠂ ᠠᠩᠬᠠᠳᠠᠭᠴᠢ ᠢᠵᠢ ᠬᠠᠮᠤᠭ ᠤᠨ ᠶᠡᠭᠡ ᠳᠤᠯᠠᠭᠠᠨ ᠢ ᠬᠢᠵᠠᠭᠠᠷᠯᠠᠬᠤ (ᠲᠡᠩᠴᠡᠭᠦᠦ ᠳᠤᠯᠠᠭᠠᠨ) ᠬᠤᠪᠢᠷᠠᠭᠠᠯᠲᠠ ᠶᠢᠨ ᠵᠤᠤᠬ᠎ᠠ᠂ ᠠᠩᠬᠠᠳᠠᠭᠴᠢ ᠢᠵᠢ ᠬᠠᠮᠤᠭ ᠤᠨ ᠶᠡᠭᠡ DMTO ᠤᠷᠪᠠᠯᠳᠤᠭᠤᠷ ᠵᠢᠴᠢ ᠲᠣᠨᠣᠭᠯᠠᠯ᠂ ᠪᠦᠬᠦ ᠳᠡᠯᠡᠬᠡᠢ ᠳᠤ ᠠᠩᠬ᠎ᠠ ᠤᠳᠠᠭ᠎ᠠ ᠬᠡᠷᠡᠭᠯᠡᠭᠳᠡᠵᠦ ᠪᠤᠢ︔ ᠪᠥᠬᠦ ᠤᠯᠤᠰ ᠤᠨ ᠬᠠᠮᠤᠭ ᠤᠨ ᠲᠣᠮᠣ ᠲᠠᠩ ᠢᠵᠢ 11 ᠲᠦᠮᠡᠨ Nm3/h ᠬᠦᠴᠢᠯᠲᠥ᠋ᠷᠥᠭᠴᠢ ᠦᠢᠯᠡᠳᠬᠦ ᠴᠢᠳᠠᠪᠤᠷᠢ ᠶᠢᠨ ᠬᠤᠭᠤᠰᠤᠨ ᠢᠶᠠᠷ ᠬᠤᠪᠢᠶᠠᠷᠢᠯᠠᠬᠤ ᠲᠥᠬᠦᠭᠡᠷᠦᠮᠵᠢ᠂ ᠳᠣᠣᠷ᠎ᠠ ᠳᠤᠯᠠᠭᠠᠨ ᠳᠤ ᠮᠧᠲ᠋ᠠᠨᠤᠯ ᠤᠨ ᠤᠬᠢᠶᠠᠨ ᠰᠢᠩᠭᠡᠭᠡᠬᠦ ᠰᠤᠪᠤᠷᠭ᠎ᠠ᠂ ᠪᠥᠬᠦ ᠨᠢᠭᠲᠠᠴᠠ ᠶᠢᠨ ᠬᠡᠢ ᠶᠢᠨ ᠹᠠᠰ ᠤᠨ ᠤᠷᠤᠰᠤᠮᠠᠯ ᠬᠡᠪᠲᠡᠰᠢ ᠶᠢᠨ ᠡᠲ᠋ᠧᠨ ᠤ ᠪᠥᠭᠡᠭᠡᠨᠡᠪᠦᠷᠢ ᠶᠢᠨ ᠲᠥᠬᠦᠭᠡᠷᠦᠮᠵᠢ ᠪᠣᠯ ᠤᠯᠤᠰ ᠤᠨ ᠳᠣᠲᠣᠭᠠᠳᠤ ᠳᠤ ᠠᠩᠬ᠎ᠠ ᠤᠳᠠᠭ᠎ᠠ ᠬᠡᠷᠡᠭᠯᠡᠭᠳᠡᠵᠦ ᠪᠠᠶᠢᠭ᠎ᠠ ᠶᠤᠮ᠃      ᠬᠥᠩᠭᠡᠨᠴᠠᠭᠠᠨ ᠶᠡᠬᠡᠲᠡᠢ ᠨᠤᠨᠲᠠᠭ ᠨᠡᠭᠦᠷᠡᠰᠦᠨ ᠦᠨᠡᠰᠦ / ᠨᠡᠭᠦᠷᠡᠰᠦᠨ ᠴᠢᠯᠠᠭᠤ ᠪᠠᠷ ᠦᠢᠯᠡᠳᠦᠭᠰᠡᠨ ᠬᠥᠩᠭᠡᠨ ᠴᠠᠭᠠᠨ ᠴᠠᠬᠢᠭᠤᠷ ᠤᠨ ᠬᠠᠶᠢᠯᠤᠰᠢ ᠶᠢᠨ ᠰᠢᠨ᠎ᠡ ᠶᠢ ᠡᠭᠦᠳᠬᠦ ᠮᠡᠷᠭᠡᠵᠢᠯ ᠢ ᠣᠷᠳᠣᠰ ᠲᠤ ᠲᠤᠷᠰᠢᠵᠤ ᠠᠮᠵᠢᠯᠲᠠ ᠣᠯᠪᠠ      ᠥᠪᠥᠷ ᠮᠣᠩᠭᠤᠯ ᠪᠣᠯ ᠨᠡᠭᠦᠷᠡᠰᠦᠨ ᠤ ᠲᠣᠮᠣ ᠮᠤᠵᠢ ᠪᠠ ᠢᠯᠴᠢ ᠶᠢᠨ ᠬᠦᠴᠦᠨ ᠤ ᠴᠠᠬᠢᠯᠭᠠᠨ ᠭᠠᠷᠭᠠᠬᠤ ᠲᠣᠮᠣ ᠣᠷᠣᠨ ᠪᠠᠶᠢᠵᠤ᠂ ᠯᠤᠲᠤ ᠶᠡᠭᠡ ᠠᠵᠤ ᠠᠬᠤᠢ ᠶᠢᠨ ᠦᠷᠳᠡᠭ ᠢ ᠡᠭᠦᠳᠬᠦ ᠶᠢᠨ ᠬᠠᠮᠲᠤ ᠪᠠᠰᠠ ᠨᠡᠭᠦᠷᠡᠰᠦ ᠪᠠᠷ ᠰᠠᠭᠤᠷᠢ ᠪᠣᠯᠭᠠᠭᠰᠠᠨ ᠬᠠᠶᠠᠭᠳᠠᠮᠠᠯ ᠪᠣᠳᠠᠰ ᠢ ᠨᠡᠯᠢᠶᠡᠳ ᠤᠯᠠᠨ ᠪᠤᠢ ᠪᠣᠯᠭᠠᠵᠠᠢ᠂ ᠡᠭᠦᠨ ᠤ ᠳᠣᠲᠣᠷᠠᠬᠢ ᠬᠥᠩᠭᠡᠨ ᠴᠠᠭᠠᠨ ᠶᠡᠬᠡᠲᠡᠢ ᠨᠤᠨᠳᠠᠭ ᠨᠡᠭᠦᠷᠡᠰᠦᠨ ᠤ ᠦᠨᠡᠰᠦ ᠪᠣᠯ ᠬᠥᠩᠭᠡᠨ ᠴᠠᠭᠠᠨ ᠴᠠᠬᠢᠭᠤᠷ ᠤᠨ ᠡᠬᠢ ᠪᠠᠶᠠᠯᠢᠭ ᠢᠶᠠᠷ ᠬᠢᠭᠰᠡᠨ ᠴᠢᠬᠤᠯᠠ ᠲᠦᠭᠦᠬᠡᠢ ᠮᠠᠲ᠋ᠧᠷᠢᠶᠠᠯ ᠪᠣᠯᠣᠨ᠎ᠠ᠃ 2018 ᠣᠨ ᠠᠴᠠ ᠡᠬᠢᠯᠡᠨ᠂ ᠥᠪᠥᠷ ᠮᠣᠩᠭᠤᠯ ᠤᠨ ᠮᠧᠩ  ᠲᠠᠢ ᠪᠦᠯᠦᠭᠯᠡᠯ ᠬᠥᠩᠭᠡᠨ ᠴᠠᠭᠠᠨ ᠴᠠᠬᠢᠭᠤᠷ ᠤᠨ ᠠᠵᠤ ᠦᠢᠯᠡᠰ ᠤᠨ ᠬᠠᠪᠲᠠᠭᠠᠢ ᠬᠡᠰᠡᠭ ᠤᠨ ᠲᠦᠭᠦᠬᠡᠢ ᠮᠠᠲ᠋ᠧᠷᠢᠶᠠᠯ ᠤᠨ ᠢᠷᠡᠯᠲᠡ ᠶᠢ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠠᠴᠠ ᠠᠵᠤ ᠦᠢᠯᠡᠳᠪᠦᠷᠢ ᠶᠢᠨ ᠬᠠᠲᠠᠭᠤ ᠬᠠᠶᠠᠭᠳᠠᠮᠠᠯ ᠪᠣᠳᠠᠰ ᠪᠣᠯᠭᠠᠨ ᠬᠤᠪᠢᠷᠠᠭᠤᠯᠵᠤ᠂ ᠬᠦᠴᠦᠨ ᠢᠶᠠᠨ ᠲᠥᠪᠯᠡᠷᠡᠭᠦᠯᠦᠨ ᠬᠥᠩᠭᠡᠨ ᠴᠠᠭᠠᠨ ᠶᠡᠬᠡᠲᠡᠢ ᠨᠤᠨᠳᠠᠭ ᠨᠡᠭᠦᠷᠡᠰᠦᠨ ᠤ ᠦᠨᠡᠰᠦ ᠶᠢ ᠭᠠᠷᠭᠠᠨ ᠠᠪᠴᠤ ᠬᠥᠩᠭᠡᠨ ᠴᠠᠭᠠᠨ ᠴᠠᠬᠢᠭᠤᠷ ᠤᠨ ᠬᠠᠶᠢᠯᠤᠰᠢ ᠬᠢᠬᠦ ᠮᠡᠷᠭᠡᠵᠢᠯ ᠤᠨ ᠪᠡᠷᠬᠡ ᠪᠣᠭᠤᠮᠲᠠ ᠶᠢ ᠰᠢᠪᠲᠤᠯᠪᠠ᠃ ᠰᠤᠳᠤᠯᠤᠨ ᠨᠡᠭᠡᠭᠡᠬᠦ ᠪᠦᠯᠬᠦᠮ ᠤᠨ ᠬᠢᠨ 6 ᠵᠢᠯ ᠤᠨ ᠴᠠᠭ ᠵᠠᠷᠤᠴᠠᠭᠤᠯᠵᠤ᠂ ᠨᠡᠶᠢᠲᠡ 20 ᠳ᠋ᠦᠩᠰᠢᠭᠤᠷ ᠰᠢᠬᠠᠮ ᠲᠥᠭᠦᠷᠢᠭ ᠤᠨ ᠪᠡᠯᠡ ᠣᠷᠣᠭᠤᠯᠵᠤ᠂ 2024 ᠣᠨ ᠳᠤ ᠬᠥᠩᠭᠡᠨ ᠴᠠᠭᠠᠨ ᠶᠡᠬᠡᠲᠡᠢ ᠨᠤᠨᠳᠠᠭ ᠨᠡᠭᠦᠷᠡᠰᠦᠨ ᠤ ᠦᠨᠡᠰᠦ / ᠨᠡᠭᠦᠷᠡᠰᠦᠨ ᠴᠢᠯᠠᠭᠤ ᠪᠠᠷ ᠦᠢᠯᠡᠳᠦᠭᠰᠡᠨ ᠬᠥᠩᠭᠡᠨ ᠴᠠᠭᠠᠨ ᠴᠠᠬᠢᠭᠤᠷ ᠤᠨ ᠬᠠᠶᠢᠯᠤᠰᠢ ᠶᠢᠨ ᠲᠦᠮᠡᠨ ᠲᠣᠨ ᠤ ᠲᠠᠰ ᠤᠨ ᠳᠤᠮᠳᠠ ᠵᠡᠷᠭᠡ ᠶᠢᠨ ᠲᠤᠷᠰᠢᠯᠲᠠ ᠶᠢᠨ ᠦᠢᠯᠡᠳᠪᠦᠷᠢᠯᠡᠯ ᠤᠨ ᠱᠤᠭᠤᠮ ᠢ ᠠᠮᠵᠢᠯᠲᠠ ᠲᠠᠢ ᠪᠠᠷ ᠡᠭᠦᠳᠦᠨ ᠭᠠᠷᠭᠠᠪᠠ᠃ ᠣᠳᠣᠬᠠᠨ ᠳᠤ᠂ ᠪᠦᠬᠦ᠋ᠢᠯᠡ ᠭᠠᠷ ᠤᠷᠠᠯᠠᠯ ᠤᠨ ᠶᠠᠪᠤᠴᠠ ᠶᠢ ᠨᠢᠭᠡᠨᠲᠡ ᠪᠦᠬᠦ ᠲᠠᠯ᠎ᠠ  ᠪᠠᠷ ᠨᠠᠪᠲᠠᠷᠡᠭᠦᠯᠵᠦ᠂ ᠬᠥᠩᠭᠡᠨ ᠴᠠᠭᠠᠨ ᠶᠡᠬᠡᠲᠡᠢ ᠨᠤᠨᠳᠠᠭ ᠨᠡᠭᠦᠷᠡᠰᠦᠨ ᠤ ᠦᠨᠡᠰᠦ / ᠨᠡᠭᠦᠷᠡᠰᠦᠨ ᠴᠢᠯᠠᠭᠤ ᠪᠠᠷ ᠲᠦᠭᠦᠬᠡᠢ ᠮᠠᠲ᠋ᠧᠷᠢᠶᠠᠯ ᠪᠣᠯᠭᠠᠵᠤ᠂ ᠬᠥᠩᠭᠡᠨ ᠴᠠᠭᠠᠨ᠂ ᠴᠠᠬᠢᠭᠤᠷ ᠡᠯᠧᠮᠧᠨ᠋ᠲ ᠢ ᠬᠠᠮᠵᠢᠯᠴᠠᠨ ᠠᠰᠢᠭᠯᠠᠵᠤ᠂ ᠢᠳᠡᠪᠬᠢᠵᠢᠭᠦᠯᠬᠦ᠂ ᠡᠯᠳᠡᠪ ᠵᠦᠢᠯ ᠢ ᠠᠷᠢᠯᠭᠠᠬᠤ ᠠᠷᠭ᠎ᠠ ᠪᠠᠷ ᠬᠥᠩᠭᠡᠨ ᠴᠠᠭᠠᠨ ᠴᠠᠬᠢᠭᠤᠷ ᠤᠨ ᠢᠰᠦᠮᠡᠭ ᠢ ᠪᠡᠯᠡᠳᠬᠡᠬᠦ ᠶᠢᠨ ᠬᠠᠮᠲᠤ ᠡᠭᠦᠨ ᠢᠶᠠᠷ ᠲᠦᠭᠦᠬᠡᠢ ᠮᠠᠲ᠋ᠧᠷᠢᠶᠠᠯ ᠪᠣᠯᠭᠠᠵᠤ ᠬᠠᠶᠢᠯᠤᠮᠠᠯ ᠳᠠᠪᠤᠰᠤ ᠶᠢ ᠴᠠᠬᠢᠯᠭᠠᠨ ᠢᠶᠠᠷ ᠬᠠᠮᠲᠤ ᠢᠯᠭᠠᠷᠠᠭᠤᠯᠬᠤ — ᠠᠩᠭᠢᠵᠢᠷᠠᠭᠤᠯᠬᠤ ᠠᠷᠭ᠎ᠠ ᠶᠢᠨ ᠣᠬᠤᠷ ᠶᠠᠪᠤᠴᠠ ᠪᠠᠷ ᠥᠨᠳᠥᠷ ᠶᠠᠰᠤ ᠴᠢᠨᠠᠷ ᠲᠠᠢ ᠰᠢᠷᠢᠰ ᠬᠥᠩᠭᠡᠨ ᠴᠠᠭᠠᠨ ᠴᠠᠬᠢᠭᠤᠷ ᠤᠨ ᠬᠠᠶᠢᠯᠤᠰᠢ ᠶᠢᠨ ᠮᠡᠷᠭᠡᠵᠢᠯ ᠤᠨ ᠱᠤᠭᠤᠮ ᠢ ᠡᠭᠦᠳᠴᠦ᠂ ᠬᠥᠩᠭᠡᠨ ᠴᠠᠭᠠᠨ ᠶᠡᠬᠡᠲᠡᠢ ᠨᠡᠭᠦᠷᠡᠰᠦ ᠪᠠᠷ ᠰᠠᠭᠤᠷᠢ ᠪᠣᠯᠭᠠᠭᠰᠠᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠥᠨᠳᠥᠷ ᠴᠢᠨᠠᠷᠵᠢᠭᠤᠯᠤᠨ ᠠᠰᠢᠭᠯᠠᠬᠤ ᠰᠢᠨ᠎ᠡ ᠵᠠᠮ ᠢ ᠨᠡᠭᠡᠭᠡᠪᠡ᠃ 2024 ᠣᠨ ᠤ 8 ᠳ᠋ᠤᠭᠠᠷ ᠰᠠᠷ᠎ᠠ ᠶᠢᠨ 21 ᠤ ᠡᠳᠦᠷ᠂ ᠪᠦᠬᠦᠯᠢ ᠴᠣᠭᠴᠠ ᠶᠢᠨ ᠮᠡᠷᠭᠡᠵᠢᠯ ᠤᠨ ᠲᠦᠪᠰᠢᠨ ᠨᠢ ᠳᠤᠮᠳᠠᠳᠤ ᠤᠯᠤᠰ ᠤᠨ ᠥᠩᠭᠡᠲᠦ ᠲᠡᠮᠦᠷᠯᠢᠭ ᠤᠨ ᠠᠵᠤ ᠦᠢᠯᠡᠳᠪᠦᠷᠢ ᠶᠢᠨ ᠨᠡᠶᠢᠭᠡᠮᠯᠢᠭ ᠲᠤ ᠣᠯᠠᠨ ᠤᠯᠤᠰ ᠤᠨ ᠲᠡᠷᠢᠭᠦᠨ ᠤ ᠬᠢ ᠪᠠᠷ ᠦᠨᠡᠯᠡᠭᠳᠡᠵᠦ᠂ ᠮᠠᠨ ᠤ ᠤᠯᠤᠰ ᠤᠨ ᠠᠵᠤ ᠠᠬᠤᠢ ᠶᠢᠨ ᠪᠦᠲᠦᠴᠡ ᠶᠢᠨ ᠬᠡᠯᠪᠡᠷᠢ ᠶᠢ ᠬᠤᠪᠢᠷᠠᠭᠤᠯᠬᠤ ᠪᠠ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠳᠤ ᠨᠡᠶᠢᠴᠡᠭᠰᠡᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠦᠷᠢᠯᠳᠦᠭᠦᠯᠦᠭᠰᠡᠨ ᠪᠠᠶᠢᠨ᠎ᠠ᠃      ᠤᠯᠤᠰ ᠤᠨ ᠳᠣᠲᠣᠭᠠᠳᠤ ᠶᠢᠨ ᠠᠩᠬᠠᠳᠠᠭᠴᠢ ᠠᠵᠤ ᠦᠢᠯᠡᠳᠪᠦᠷᠢ ᠶᠢᠨ ᠪᠠᠶᠢᠭᠠᠯᠢ ᠶᠢᠨ ᠰᠢᠲᠠᠮᠠᠬᠠᠶ ᠬᠡᠢ ᠬᠤᠯᠢᠵᠤ ᠰᠢᠲᠠᠭᠠᠬᠤ ᠪᠤᠬᠢᠷᠳᠤᠯ ᠦᠭᠡᠢ ᠤᠰᠤᠲᠥ᠋ᠷᠥᠭᠴᠢ ᠶᠢᠨ ᠲᠥᠷᠥᠯ ᠵᠦᠢᠯ ᠪᠤᠭᠤᠲᠤ ᠳᠤ ᠠᠰᠢᠭᠯᠠᠯᠲᠠ ᠳᠤ ᠣᠷᠣᠪᠠ      2024 ᠣᠨ ᠤ 11 ᠳ᠋ᠦ᠋ᠭᠡᠷ ᠰᠠᠷ᠎ᠠ ᠶᠢᠨ 26 ᠤ ᠡᠳᠦᠷ᠂ ᠥᠪᠥᠷ ᠮᠣᠩᠭᠤᠯ ᠤᠨ ᠬᠤᠸᠠ ᠳ᠋ᠢᠶᠠᠨ ᠤᠰᠤᠲᠥ᠋ᠷᠥᠭᠴᠢ ᠶᠢᠨ ᠡᠨᠧᠷᠭᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠠᠴᠠ ᠪᠤᠭᠤᠲᠤ ᠬᠤᠳᠠ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ ᠬᠡᠷᠡᠭᠵᠢᠭᠦᠯᠵᠦ ᠪᠠᠶᠢᠭ᠎ᠠ ᠠᠵᠤ ᠦᠢᠯᠡᠳᠪᠦᠷᠢ ᠶᠢᠨ ᠪᠠᠶᠢᠭᠠᠯᠢ ᠶᠢᠨ ᠰᠢᠲᠠᠮᠠᠬᠠᠢ ᠬᠡᠢ ᠬᠤᠯᠢᠵᠤ ᠰᠢᠲᠠᠭᠠᠬᠤ ᠪᠣᠬᠢᠷᠲᠤᠯ ᠦᠭᠡᠢ ᠤᠰᠤᠲᠥ᠋ᠷᠥᠭᠴᠢ ᠶᠢᠨ ᠵᠢᠱᠢᠶ᠎ᠡ ᠦᠵᠡᠭᠦᠯᠬᠦ ᠲᠦᠷᠦᠯ ᠵᠦᠢᠯ ᠨᠢ ︽ᠰᠠᠯᠬᠢ / ᠬᠡᠷᠡᠯ ᠴᠠᠬᠢᠯᠭᠠᠨ ᠢᠶᠠᠷ ᠤᠰᠤᠲᠥ᠋ᠷᠥᠭᠴᠢ ᠦᠢᠯᠡᠳᠬᠦ + ᠤᠰᠤᠲᠥ᠋ᠷᠥᠭᠴᠢ ᠬᠤᠯᠢᠬᠤ ᠬᠤᠭᠤᠯᠠᠢ ᠪᠠᠷ ᠳᠠᠮᠵᠢᠭᠤᠯᠬᠤ + ᠠᠵᠤ ᠦᠢᠯᠡᠳᠪᠦᠷᠢ ᠪᠠᠷ ᠡᠨᠧᠷᠭᠢ ᠬᠠᠩᠭᠠᠬᠤ ︾ ᠶᠠᠪᠤᠴᠠ ᠶᠢ ᠠᠮᠵᠢᠯᠲᠠ ᠲᠠᠢ ᠨᠡᠪᠲᠡᠷᠡᠭᠦᠯᠵᠦ᠂ ᠠᠮᠵᠢᠯᠲᠠ ᠲᠠᠢ ᠪᠠᠷ ᠨᠣᠴᠣᠭᠠᠨ ᠠᠮᠵᠢᠯᠲᠠ ᠣᠯᠵᠤ᠂ ᠠᠳᠠᠯᠢ ᠨᠢᠭᠡᠨ ᠬᠦᠷᠢᠶᠡᠯᠡᠩ ᠲᠣᠭᠤᠷᠢᠭ ᠳᠠᠬᠢ ᠥᠪᠥᠷ ᠮᠣᠩᠭᠤᠯ ᠤᠨ ᠠᠯᠲᠠᠨ ᠣᠪᠣᠭ᠎ᠠ ᠹᠯᠣᠷ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠤᠰᠤ ᠦᠭᠡᠢ ᠤᠰᠤᠲᠥ᠋ᠷᠥᠭᠴᠢ ᠶᠢᠨ ᠹᠯᠣᠷ ᠬᠦᠴᠢᠯ ᠤᠨ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠱᠤᠭᠤᠮ  ᠨᠢ 20% ᠶᠢᠨ ᠪᠣᠬᠢᠷᠳᠣᠯ ᠦᠭᠡᠢ ᠤᠰᠤᠲᠥ᠋ᠷᠥᠭᠴᠢ ᠶᠢᠨ ᠪᠠᠶᠢᠭᠠᠯᠢ ᠶᠢᠨ ᠰᠢᠲᠠᠮᠠᠬᠠᠢ ᠬᠡᠢ ᠬᠡᠷᠡᠭᠯᠡᠪᠡ᠃ ᠲᠣᠰ ᠵᠢᠱᠢᠶ᠎ᠡ ᠦᠵᠡᠭᠦᠯᠬᠦ ᠲᠥᠷᠥᠯ ᠵᠦᠢᠯ ᠨᠢ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠠᠩ ᠱᠤ᠋ ᠰᠢᠶᠠᠨ ᠠᠺᠠᠳᠧᠮᠢᠴᠢ ᠶᠢᠨ ᠪᠦᠯᠬᠦᠮ ᠤᠨ ᠪᠠᠶᠢᠭᠠᠯᠢ ᠶᠢᠨ ᠰᠢᠲᠠᠮᠠᠬᠠᠶ ᠬᠡᠶ ᠪᠠᠷ ᠪᠣᠬᠢᠷᠳᠣᠯ ᠦᠭᠡᠢ ᠤᠰᠤᠲᠥ᠋ᠷᠥᠭᠴᠢ ᠶᠢ ᠰᠢᠲᠠᠭᠠᠬᠤ ᠤᠷ᠎ᠠ ᠮᠡᠷᠭᠡᠵᠢᠯ ᠤᠨ ᠲᠥᠰᠦᠯ ᠢ ᠬᠡᠷᠡᠭᠯᠡᠵᠦ᠂ ᠰᠢᠨ᠎ᠡ ᠡᠨᠧᠷᠭᠢ ᠪᠠᠷ 20 ᠲᠦᠮᠡᠨ ᠺᠢᠯᠣᠸᠠᠲ ᠴᠠᠬᠢᠯᠭᠠᠨ ᠭᠠᠷᠭᠠᠬᠤ᠂ 2 ᠲᠦᠮᠡᠨ ᠺᠢᠯᠣᠸᠠᠲ ᠤᠨ ᠡᠨᠧᠷᠭᠢ ᠨᠥᠭᠡᠴᠡᠯᠡᠬᠦ᠂ ᠵᠢᠯ ᠳᠤ 5.52 ᠳ᠋ᠦᠩᠰᠢᠭᠤᠷ ᠺᠢᠯᠣᠸᠠᠲ ᠴᠠᠭ ᠴᠠᠬᠢᠯᠭᠠᠨ ᠭᠠᠷᠭᠠᠬᠤ᠂ 7800 ᠲᠣᠨ ᠪᠣᠬᠢᠷᠳᠣᠯ ᠦᠭᠡᠢ ᠤᠰᠤᠲᠥ᠋ᠷᠥᠭᠴᠢ ᠶᠢ ᠦᠢᠯᠡᠳᠴᠦ ᠨᠥᠭᠡᠴᠡᠯᠡᠬᠦ ᠶᠢ ᠢᠵᠢ ᠪᠦᠷᠢᠳᠦᠭᠦᠯᠦᠨ ᠪᠠᠶᠢᠭᠤᠯᠵᠤ᠂ ᠤᠯᠤᠰ  ᠤᠨ ᠳᠣᠲᠣᠭᠠᠳᠤ ᠶᠢᠨ ᠬᠠᠮᠤᠭ ᠤᠨ ᠡᠷᠲᠡ ᠠᠵᠤ ᠦᠢᠯᠡᠳᠪᠦᠷᠢ ᠶᠢᠨ ᠪᠠᠶᠢᠭᠠᠯᠢ ᠶᠢᠨ ᠰᠢᠲᠠᠮᠠᠬᠠᠶ ᠬᠡᠶ ᠬᠤᠯᠢᠵᠤ ᠰᠢᠲᠠᠭᠠᠬᠤ ᠪᠣᠬᠢᠷᠲᠤᠯ ᠥᠬᠡᠶ ᠤᠰᠤᠲᠥ᠋ᠷᠥᠭᠴᠢ ᠪᠣᠯᠬᠤ ᠶᠢᠨ ᠬᠠᠮᠲᠤ ᠠᠵᠤ ᠦᠢᠯᠡᠳᠪᠦᠷᠢ ᠶᠢᠨ ᠡᠨᠧᠷᠭᠢ ᠬᠠᠩᠭᠠᠬᠤ ᠳᠤ ᠬᠡᠷᠡᠭᠯᠡᠵᠦ᠂ ᠠᠵᠤ ᠦᠢᠯᠡᠳᠪᠦᠷᠢ ᠶᠢᠨ ᠪᠠᠶᠢᠭᠠᠯᠢ ᠶᠢᠨ ᠰᠢᠲᠠᠮᠠᠬᠠᠶ ᠬᠡᠶ ᠬᠢᠭᠡᠳ ᠪᠣᠬᠢᠷᠳᠣᠯ ᠦᠭᠡᠢ ᠤᠰᠤᠲᠥ᠋ᠷᠥᠭᠴᠢ ᠶᠢ ᠬᠠᠮᠤᠭ ᠤᠨ ᠥᠨᠳᠥᠷ ᠬᠤᠯᠢᠬᠤ ᠬᠠᠷᠢᠴᠠᠯ᠂ ᠵᠢᠴᠢ ᠵᠢᠯ ᠳᠤ ᠬᠠᠮᠤᠭ ᠤᠨ ᠶᠡᠭᠡ ᠪᠣᠬᠢᠷᠲᠤᠯ ᠥᠬᠡᠶ ᠤᠰᠤᠲᠥ᠋ᠷᠥᠭᠴᠢ ᠶᠢ ᠰᠢᠲᠠᠭᠠᠬᠤ ᠬᠡᠪᠴᠢᠶ᠎ᠡ ᠶᠢᠨ ᠠᠵᠤ ᠦᠢᠯᠡᠳᠪᠦᠷᠢᠵᠢᠯᠲᠡ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠪᠣᠯᠤᠨ᠎ᠠ᠃ ᠡᠭᠦᠨ ᠤ ᠬᠠᠮᠲᠤ᠂ ︽ᠰᠠᠯᠬᠢ / ᠬᠡᠷᠡᠯ ᠴᠠᠬᠢᠯᠭᠠᠨ ᠢᠶᠠᠷ ᠤᠰᠤᠲᠥ᠋ᠷᠥᠭᠴᠢ ᠦᠢᠯᠡᠳᠬᠦ + ᠤᠰᠤᠲᠥ᠋ᠷᠥᠭᠴᠢ ᠬᠤᠯᠢᠬᠤ ᠬᠤᠭᠤᠯᠠᠢ ᠪᠠᠷ ᠳᠠᠮᠵᠢᠭᠤᠯᠬᠤ + ᠠᠵᠤ ᠦᠢᠯᠡᠳᠪᠦᠷᠢ ᠪᠠᠷ ᠡᠨᠧᠷᠭᠢ ᠬᠠᠩᠭᠠᠬᠤ ︾ ᠶᠢᠨ ᠲᠣᠭᠤᠷᠢᠨ ᠳᠤ᠂ ᠬᠤᠸᠠ ᠳ᠋ᠢᠶᠠᠨ ᠤᠰᠤᠲᠥ᠋ᠷᠥᠭᠴᠢ ᠶᠢᠨ ᠡᠨᠧᠷᠭᠢ ᠨᠢ ᠶᠠᠭ ᠪᠤᠭᠤᠲᠤ ᠶᠢᠨ ᠪᠣᠯᠣᠳ ᠲᠡᠮᠦᠷ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠪᠦᠯᠬᠦᠮ ᠤᠨ ᠥᠪᠡᠰᠦᠪᠡᠨ ᠰᠤᠳᠤᠯᠤᠭᠰᠠᠨ ᠮᠥᠷᠲᠡᠭᠡᠨ ᠠᠵᠢᠯ ᠲᠥᠷᠥᠯ ᠤᠨ ᠠᠩᠬᠠᠨ ᠤ ᠲᠠᠷᠬᠠᠭᠠᠭᠰᠠᠨ ᠤᠰᠤᠲᠥ᠋ᠷᠥᠭᠴᠢ ᠶᠢ ᠡᠰᠡᠷᠭᠦᠴᠡᠬᠦ ᠬᠡᠦᠷᠡᠭ ᠬᠤᠭᠤᠯᠠᠶ ᠶᠢᠨ ᠪᠣᠯᠣᠳ ᠮᠠᠲ᠋ᠧᠷᠢᠶᠠᠯ ᠢ ᠬᠡᠷᠡᠭᠯᠡᠨ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ — ᠪᠤᠭᠤᠲᠤ ᠶᠢᠨ ᠴᠡᠪᠡᠷ ᠤᠰᠤᠲᠥ᠋ᠷᠥᠭᠴᠢ ᠶᠢᠨ ᠬᠤᠭᠤᠯᠠᠶ ᠶᠢᠨ ᠳᠠᠮᠵᠢᠭᠤᠯᠤᠨ ᠬᠦᠷᠭᠡᠬᠦ ᠢᠨᠵᠧᠨᠧᠷᠢᠩ ᠢ ᠭᠤᠤᠯᠯᠠᠨ ᠪᠥᠲᠥᠭᠡᠨ ᠪᠠᠶᠢᠭᠤᠯᠵᠤ ᠂ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ ᠥᠪᠥᠷ ᠮᠣᠩᠭᠤᠯ ᠤᠨ ᠪᠣᠬᠢᠷᠲᠤᠯ ᠥᠬᠡᠶ ᠤᠰᠤᠲᠥ᠋ᠷᠥᠭᠴᠢ ᠶᠢᠨ ︽ᠦᠢᠯᠡᠳᠬᠦ ᠨᠥᠭᠡᠴᠡᠯᠡᠬᠦ ᠳᠠᠮᠵᠢᠭᠤᠯᠤᠨ ᠬᠡᠷᠡᠭᠯᠡᠬᠦ︾ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠳᠤ ᠪᠦᠲᠦᠮᠵᠢᠲᠡᠶ ᠬᠦᠴᠦᠨ ᠨᠡᠮᠡᠷᠢᠯᠡᠵᠦ᠂ ᠬᠤᠶᠠᠳᠤᠭᠠᠷ ᠲᠥᠷᠥᠯ ᠤᠨ ᠠᠵᠤ ᠦᠢᠯᠡᠳᠪᠦᠷᠢ ᠶᠢᠨ ᠪᠠᠶᠢᠭᠠᠯᠢ ᠶᠢᠨ ᠰᠢᠲᠠᠮᠠᠬᠠᠶ ᠬᠡᠶ ᠶᠢᠨ ᠰᠢᠲᠠᠯᠲᠠ ᠪᠠ ᠢᠯᠴᠢ ᠳᠠᠮᠵᠢᠭᠤᠯᠬᠤ ᠦᠷ᠎ᠡ ᠪᠦᠲᠦᠮᠵᠢ ᠶᠢ ᠪᠦᠲᠦᠮᠵᠢᠲᠡᠶ ᠰᠠᠶᠢᠵᠢᠷᠠᠭᠤᠯᠵᠤ᠂ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ ᠶᠡᠭᠡ ᠪᠠᠷ ᠪᠠᠭᠤᠷᠠᠭᠤᠯᠵᠤ᠂ ᠪᠤᠭᠤᠲᠤ ᠬᠤᠲᠠ ᠶᠢᠨ ᠳᠤᠮᠳᠠᠳᠤ ᠤᠯᠤᠰ ᠤᠨ ᠠᠩᠬᠠᠳᠠᠭᠴᠢ ᠪᠦᠷᠢᠨ ᠦᠵᠡᠭᠳᠡᠯᠲᠦ ᠪᠣᠬᠢᠷᠲᠤᠯ ᠥᠬᠡᠶ ᠤᠰᠤᠲᠥ᠋ᠷᠥᠭᠴᠢ ᠶᠢᠨ ᠥᠪᠡᠰᠦᠪᠡᠨ ᠡᠷᠭᠢᠯᠳᠦᠭᠦᠯᠦᠨ ᠰᠢᠨ᠎ᠡ ᠶᠢ ᠡᠭᠦᠳᠬᠦ ᠬᠤᠲᠠ ᠪᠠ ᠪᠥᠬᠦ ᠤᠯᠤᠰ ᠤᠨ ᠴᠢᠬᠤᠯᠠ ᠪᠣᠯᠬᠤ ᠤᠰᠤᠲᠥ᠋ᠷᠥᠭᠴᠢ ᠡᠨᠧᠷᠭᠢ  ᠶᠢᠨ ᠲᠣᠨᠤᠭ ᠲᠥᠬᠦᠭᠡᠷᠦᠮᠵᠢ ᠶᠢᠨ ᠦᠢᠯᠡᠳᠬᠦ ᠰᠠᠭᠤᠷᠢᠨ ᠭᠠᠵᠠᠷ ᠢ ᠪᠠᠶᠢᠭᠤᠯᠬᠤ ᠳᠤ ᠲᠤᠯᠭᠠᠭᠤᠷᠢᠯᠠᠯ ᠬᠠᠩᠭᠠᠪᠠ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号