ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠲᠦᠯᠬᠢᠨ ᠠᠬᠢᠭᠤᠯᠬᠤ ᠪᠣᠯ | ᠰᠢᠨ᠎ᠡ ᠴᠠᠭ ᠦᠶ᠎ᠡ ᠰᠢᠨ᠎ᠡ ᠠᠶᠠᠨ ᠳᠠᠬᠢ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ | ᠠᠵᠢᠯ ᠤᠨ ᠶᠡᠷᠦᠩᠬᠡᠢ ᠭᠠᠷᠳᠠᠴᠠ ᠪᠣᠯᠤᠨ᠎ᠠ᠃ 2024 ᠣᠨ ᠠᠴᠠ ᠨᠠᠭᠠᠰᠢ᠂ ᠰᠢᠷᠠᠮᠥ᠋ᠷᠡᠨ ᠪᠠᠯᠭᠠᠰᠤ ᠨᠢ ᠶᠡᠷᠦᠩᠬᠡᠢ | ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠰᠠᠶᠢᠲᠤᠷ | ᠬᠢᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ | ᠬᠡᠷᠡᠭᠵᠢᠭᠦᠯᠬᠦ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠮᠢᠩᠭ᠎ᠠ | ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠠᠷᠭ᠎ᠠ ᠬᠢᠳᠡᠯ ᠢ ᠢᠳᠡᠪᠬᠢᠲᠡᠢ ᠰᠤᠷᠤᠯᠴᠠᠨ ᠬᠡᠷᠡᠭᠯᠡᠵᠦ᠂ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠲᠠᠰᠤᠷᠠᠯᠳᠡ ᠦᠭᠡᠢ ᠪᠠᠬᠢᠵᠢᠭᠦᠯᠦᠨ ᠥᠷᠭᠡᠳᠬᠡᠵᠦ᠂ | ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠵᠤ᠂ ᠰᠠᠭᠤᠷᠢ | ᠪᠡᠯᠡᠳᠬᠡᠮᠵᠢ ᠶᠢ ᠡᠳᠦᠷ ᠢᠷᠡᠬᠦᠶ᠎ᠡ ᠲᠡᠭᠦᠯᠳᠡᠷᠵᠢᠭᠦᠯᠵᠦ᠂ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ | ᠲᠣᠭᠲᠠᠭᠤᠨ ᠢᠶᠠᠷ ᠳᠡᠭᠡᠭᠰᠢᠯᠡᠭᠦᠯᠵᠦ᠂ ᠰᠣᠶᠣᠯ ᠵᠢᠭᠤᠯᠴᠢᠯᠠᠯ ᠤᠨ ᠤᠨᠴᠠᠯᠢᠬᠳᠤ ᠠᠵᠤ ᠦᠢᠯᠡᠰ ᠢ ᠥᠷᠨᠢᠩᠭᠦᠢ | ᠬᠥᠭᠵᠢᠭᠦᠯᠵᠦ᠂ ᠬᠥᠳᠡᠭᠡ ᠲᠣᠰᠬᠤᠨ ᠤ ᠵᠠᠰᠠᠯᠲᠠ ᠶᠢ ᠦᠷᠭᠦᠯᠵᠢᠯᠡᠨ ᠰᠠᠶᠢᠵᠢᠷᠠᠭᠤᠯᠵᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠰᠠᠶᠢᠨ ᠰᠠᠶᠢᠬᠠᠨ ᠵᠢᠷᠤᠭ ᠲᠥᠯᠥᠪᠯᠡᠭᠡ ᠶᠢ ᠠᠯᠬᠤᠮ ᠠᠯᠬᠤᠮ ᠢᠶᠠᠷ ᠪᠣᠳᠠᠲᠤ ᠠᠬᠤᠢ | ᠪᠣᠯᠭᠠᠨ ᠬᠤᠪᠢᠷᠠᠭᠤᠯᠪᠠ᠃ | ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠶ ᠬᠢᠨᠠᠨ ᠰᠢᠨᠵᠢᠯᠲᠡ ᠳᠤ ᠠᠩᠬᠠᠷᠤᠯ ᠢᠶᠠᠨ | ᠲᠥᠪᠯᠡᠷᠡᠭᠦᠯᠵᠦ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠮᠵᠢ ᠶᠢ ᠦᠨᠡᠨ ᠬᠦ ᠪᠠᠬᠢᠵᠢᠭᠦᠯᠪᠡ᠃ ᠳᠠᠬᠢᠨ | ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠶ ᠬᠢᠨᠠᠨ ᠰᠢᠨᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ | ᠪᠠᠶᠢᠭᠤᠯᠤᠨ ᠪᠦᠷᠢᠨᠰᠢᠬᠦᠯᠵᠦ᠂ ︽ᠭᠤᠷᠪᠠ ᠶᠢ ᠪᠠᠲᠤᠯᠠᠬᠤ︾ ᠪᠠ ᠤᠤᠭᠤᠬᠤ ᠤᠰᠤᠨ ᠤ ᠠᠮᠤᠷ ᠲᠦᠪᠰᠢᠨ ᠤ ᠬᠢᠷᠢ | ᠬᠡᠮᠵᠢᠶ᠎ᠡ ᠶᠢ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠵᠦ᠂ ᠳᠡᠭᠡᠳᠦ ᠱᠠᠲᠤᠨ ᠤ ᠰᠠᠯᠠᠭ᠎ᠠ ᠮᠥᠴᠢᠷ ᠯᠤᠭ᠎ᠠ | ᠢᠳᠡᠪᠬᠢᠲᠡᠶ ᠪᠠᠷ ᠵᠣᠯᠭᠠᠭᠤᠯᠤᠨ ᠤᠰᠤᠨ ᠤ ᠴᠢᠨᠠᠷ ᠤᠨ ᠪᠠᠶᠢᠴᠠᠭᠠᠨ ᠬᠡᠮᠵᠢᠯᠲᠡ᠂ ᠣᠷᠣᠨ ᠰᠠᠭᠤᠴᠠ ᠶᠢᠨ ᠠᠮᠤᠷ | ᠲᠦᠪᠰᠢᠨ ᠤ ᠪᠠᠶᠢᠴᠠᠭᠠᠯᠲᠠ ᠬᠢᠵᠦ᠂ ᠣᠯᠠᠨ ᠲᠦᠮᠡᠨ ᠤ ᠣᠷᠣᠨ ᠰᠠᠭᠤᠴᠠ ᠶᠢᠨ ᠤᠤᠭᠤᠬᠤ ᠤᠰᠤᠨ ᠤ ᠠᠮᠤᠷ | ᠲᠦᠪᠰᠢᠨ ᠢ ᠪᠠᠲᠤᠯᠠᠪᠠ᠃ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠰᠢᠨᠵᠢᠯᠲᠡ ᠶᠢ ᠲᠥᠪᠯᠡᠷᠡᠭᠦᠯᠦᠨ | ᠪᠠᠶᠢᠴᠠᠭᠠᠬᠤ ᠶᠢ ᠪᠥᠬᠦ ᠲᠠᠯ᠎ᠠ ᠪᠠᠷ ᠥᠷᠨᠢᠭᠦᠯᠵᠦ᠂ ᠪᠥᠬᠦ ᠵᠢᠯ ᠳᠤ ᠡᠷᠦᠬᠡ ᠳᠠᠭᠠᠭᠠᠴᠢᠯᠠᠭᠰᠠᠨ ᠺᠠᠳ᠋ᠷᠴᠤᠳ ᠢ | ᠳᠠᠶᠢᠴᠢᠯᠠᠨ ᠪᠠᠷᠤᠭ 1000 ᠭᠠᠷᠤᠶ ᠬᠥᠮᠦᠨ ᠤᠳᠠᠭ᠎ᠠ ᠡᠷᠦᠬᠡ ᠳᠤ ᠰᠤᠷᠪᠤᠯᠵᠢᠯᠠᠨ ᠬᠦᠷᠴᠦ᠂ ᠲᠥᠪᠯᠡᠷᠡᠭᠦᠯᠦᠨ | ᠪᠠᠶᠢᠴᠠᠭᠠᠬᠤ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠪᠡ᠃ ᠤᠬᠠᠭᠤᠯᠭ᠎ᠠ ᠶᠢᠨ ᠠᠵᠢᠯ ᠢ ᠤᠳᠠᠭᠠᠨ ᠳᠠᠭᠠᠭᠠᠮᠠᠭᠠᠶ | ᠰᠠᠶᠢᠲᠤᠷ ᠬᠢᠵᠦ᠂ ᠡᠷᠦᠬᠡ ᠳᠤ ᠬᠦᠷᠴᠦ ᠵᠢᠭᠰᠠᠭᠠᠨ ᠪᠠᠶᠢᠴᠠᠭᠠᠬᠤ ᠬᠥᠮᠥᠰ ᠠᠴᠠ ᠣᠯᠠᠨ ᠲᠦᠮᠡᠨ ᠳᠤ ᠲᠥᠷᠥ ᠶᠢᠨ | ᠪᠣᠳᠣᠯᠭ᠎ᠠ ᠶᠢ ︽ᠨᠢᠭᠤᠷᠳᠠᠨ︾ ᠲᠠᠶᠢᠯᠪᠤᠷᠢᠯᠠᠨ ᠥᠭᠴᠦ᠂ ᠮᠠᠳᠠᠭ ᠲᠠᠢ ᠠᠰᠠᠭᠤᠳᠠᠯ ᠢ ᠨᠢ ᠰᠢᠢᠳᠪᠦᠷᠢᠯᠡᠵᠦ᠂ | ᠳᠠᠭᠠᠳᠬᠠᠯ ᠳᠤ ᠣᠷᠣᠯᠴᠠᠭᠰᠠᠨ ᠲᠤᠰᠠᠯᠠᠮᠵᠢ᠂ ᠡᠮᠴᠢᠯᠡᠭᠡᠨ ᠤ ᠲᠠᠩᠰᠠ ᠲᠠᠶᠢᠯᠬᠤ᠂ ᠬᠥᠳᠡᠯᠮᠦᠷᠢ ᠦᠢᠯᠡᠴᠢᠯᠡᠭᠡᠨ ᠤ | ᠱᠠᠩᠨᠠᠯ ᠨᠥᠬᠦᠪᠥᠷᠢ᠂ ᠠᠷᠠᠳ ᠤᠨ ᠶᠠᠪᠤᠳᠠᠯ ᠤᠨ ᠠᠪᠤᠷᠠᠨ ᠲᠤᠰᠠᠯᠠᠯᠲᠠ᠂ ᠦᠨᠳᠦᠰᠦᠨ ᠵᠦᠢᠯ ᠢ ᠪᠠᠲᠤᠯᠠᠬᠤ ᠵᠡᠷᠭᠡ | ᠬᠠᠮᠢᠶ᠎ᠠ ᠪᠥᠬᠦᠶ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠥᠷᠭᠡᠨ ᠢᠶᠠᠷ ᠤᠬᠠᠭᠤᠯᠵᠤ᠂ | ᠵᠢᠭᠰᠠᠭᠠᠨ ᠪᠠᠶᠢᠴᠠᠭᠠᠬᠤ ᠠᠵᠢᠯ ᠪᠠ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠵᠢᠯᠣᠭᠤᠳᠣᠯᠭ᠎ᠠ ᠶᠢ ᠨᠢᠭᠲᠠ | ᠤᠶᠠᠯᠳᠤᠭᠤᠯᠤᠨ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠤᠬᠠᠭᠤᠯᠭ᠎ᠠ ᠶᠢ ᠪᠡᠯᠡᠨ ᠪᠣᠯᠭᠠᠵᠤ᠂ | ᠨᠠᠶᠢᠳᠠᠪᠤᠷᠢᠵᠢᠭᠤᠯᠤᠯᠲᠠ ᠶᠢ ᠪᠡᠯᠡᠨ ᠪᠣᠯᠭᠠᠬᠤ ᠶᠢ ᠦᠨᠡᠨ ᠬᠦ ᠪᠠᠲᠤᠯᠠᠪᠠ᠃ | ᠣᠨᠴᠠᠯᠢᠭᠲᠤ ᠠᠵᠤ ᠦᠢᠯᠡᠰ ᠤᠨ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠮᠠᠯᠴᠢᠳ ᠤᠨ | ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠠᠬᠢᠭᠤᠯᠪᠠ᠃ ᠰᠣᠶᠣᠯ ᠵᠢᠭᠤᠯᠴᠢᠯᠠᠯ ᠤᠨ ᠠᠵᠤ ᠦᠢᠯᠡᠰ ᠤᠨ | ᠣᠨᠴᠠᠯᠢᠭ ᠲᠤ ᠰᠠᠭᠤᠷᠢᠯᠠᠨ᠂ ᠳᠡᠭᠡᠳᠦ ᠱᠠᠲᠤᠨ ᠠᠴᠠ 200 ᠭᠠᠷᠤᠢ ᠲᠦᠮᠡᠨ ᠲᠥᠭᠦᠷᠢᠭ ᠤᠨ ᠪᠡᠯᠡ ᠮᠥᠩᠭᠦ | ᠣᠯᠵᠤ᠂ ᠬᠦᠬᠡᠳᠡᠷᠡᠰᠦ ᠭᠠᠴᠠᠭᠠᠨ ᠤ ᠠᠳᠤᠭᠤᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠬᠠᠷᠬᠤᠰᠤ | ᠭᠠᠴᠠᠭᠠᠨ ᠤ ᠵᠢᠭᠤᠯᠴᠢᠯᠠᠨ ᠰᠡᠭᠦᠳᠡᠷᠯᠡᠬᠦ ᠰᠠᠭᠤᠷᠢᠨ ᠭᠠᠵᠠᠷ ᠵᠡᠷᠭᠡ 4 ᠰᠢᠨ᠎ᠡ ᠲᠥᠷᠥᠯ ᠵᠦᠢᠯ ᠢ ᠰᠢᠨ᠎ᠡ ᠪᠠᠷ | ᠨᠡᠮᠡᠭᠳᠡᠭᠦᠯᠵᠦ᠂ ᠲᠥᠷᠥᠯ ᠵᠦᠢᠯ ᠤᠨ ᠶᠡᠷᠦᠩᠬᠡᠢ ᠲᠤᠭ᠎ᠠ ᠨᠢ 10 ᠬᠦᠷᠴᠦ᠂ ᠣᠷᠣᠯᠭ᠎ᠠ ᠶᠢᠨ ᠶᠡᠷᠦᠩᠬᠡᠢ ᠲᠤᠭ᠎ᠠ | 180 ᠲᠦᠮᠡᠨ ᠲᠥᠭᠦᠷᠢᠭ ᠢ ᠳᠠᠪᠠᠵᠤ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯ ᠥᠷᠨᠢᠭᠦᠨ | ᠪᠠᠶᠢᠳᠠᠯ ᠲᠠᠢ ᠪᠣᠯᠪᠠ᠃ ᠮᠠᠨ ᠤ ᠪᠠᠯᠭᠠᠰᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠰᠣᠶᠣᠯ | ᠵᠢᠭᠤᠯᠴᠢᠯᠠᠯ ᠤᠨ ᠡᠬᠢ ᠪᠠᠶᠠᠯᠢᠭ ᠤᠨ ᠳᠠᠪᠠᠭᠤᠯᠢᠭ ᠢ ᠦᠷᠭᠦᠯᠵᠢᠯᠡᠨ ᠰᠢᠯᠢᠳᠡᠭᠵᠢᠭᠦᠯᠵᠦ᠂ 2025 ᠣᠨ ᠳᠠᠬᠢ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠨᠡᠶᠢᠲᠡ 8 ᠲᠥᠷᠥᠯ ᠵᠦᠢᠯ ᠢ ᠢᠳᠡᠪᠬᠢᠲᠡᠶ ᠤᠬᠠᠭᠠᠯᠠᠨ | ᠲᠥᠯᠥᠪᠯᠡᠵᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠢᠵᠢ ᠪᠥᠷᠢᠳᠦᠯ ᠢ ᠲᠠᠰᠤᠷᠠᠯᠲᠠ ᠥᠬᠡᠶ | ᠲᠡᠭᠦᠯᠳᠡᠷᠵᠢᠭᠦᠯᠪᠡ᠃ ᠴᠡᠪᠡᠷᠯᠡᠭᠴᠢ ᠶᠢᠨ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢᠨ ᠴᠠᠯᠢᠩ ᠢ ᠨᠡᠶᠢᠲᠡ | 5 ᠲᠦᠮᠡ ᠭᠠᠷᠤᠶ ᠲᠥᠭᠦᠷᠢᠭ ᠪᠠᠭᠤᠯᠭᠠᠵᠤ᠂ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢ ᠲᠡᠳᠬᠦᠨ | ᠳᠡᠮᠵᠢᠬᠦ ᠡᠷᠴᠢᠮ ᠢ ᠯᠠᠪᠳᠠᠭᠤᠨ ᠢᠶᠠᠷ ᠴᠢᠩᠭᠠᠷᠠᠭᠤᠯᠵᠤ᠂ ᠭᠡᠷ ᠪᠦᠯᠢ ᠨᠢ ᠨᠡᠯᠢᠶᠡᠳ ᠬᠦᠴᠢᠷᠳᠡᠯᠲᠡᠶ ᠣᠯᠠᠨ | ᠲᠦᠮᠡᠨ ᠤ ᠣᠷᠣᠯᠭ᠎ᠠ ᠶᠢᠨ ᠢᠷᠡᠯᠲᠡ ᠶᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠪᠠ᠃ | ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠳᠤ ᠠᠩᠬᠠᠷᠤᠯ ᠢᠶᠠᠨ | ᠲᠥᠪᠯᠡᠷᠡᠭᠦᠯᠵᠦ᠂ ᠣᠷᠣᠰᠢᠨ ᠰᠠᠭᠤᠬᠤ ᠳᠤ ᠲᠣᠬᠢᠷᠠᠮᠵᠢᠲᠠᠶ ᠣᠷᠴᠢᠨ ᠲᠣᠭᠤᠷᠢᠨ ᠢ ᠪᠤᠢ ᠪᠣᠯᠭᠠᠪᠠ᠃ ︽ᠮᠢᠩᠭ᠎ᠠ | ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ ᠬᠢᠨᠠᠮᠠᠭᠠᠶ ᠰᠤᠷᠤᠯᠴᠠᠨ ᠲᠣᠯᠢᠳᠠᠵᠤ᠂ ︽ᠴᠡᠭ ᠢᠶᠠᠷ ᠱᠤᠭᠤᠮ ᠢ | ᠳᠠᠶᠢᠴᠢᠯᠠᠬᠤ᠂ ᠱᠤᠭᠤᠮ ᠢᠶᠠᠷ ᠨᠡᠶᠢᠳᠡᠮ ᠢ ᠣᠷᠣᠯᠠᠭᠤᠯᠬᠤ︾ ᠡᠷᠡᠭᠦᠯ ᠬᠠᠮᠠᠭᠠᠯᠠᠯ ᠤᠨ ᠬᠠᠷᠢᠭᠤᠴᠠᠯᠭ᠎ᠠ ᠶᠢᠨ | ᠲᠣᠭᠤᠷᠢᠭ ᠤᠨ ᠺᠠᠳ᠋ᠷ ᠤᠨ ᠳᠠᠭᠠᠭᠠᠴᠢᠯᠠᠨ ᠬᠤᠯᠪᠣᠭᠠᠯᠠᠬᠤ ᠲᠣᠭᠲᠠᠴᠠ ᠪᠠ ᠬᠤᠳᠠᠯᠳᠤᠭᠠᠴᠢᠨ ᠡᠷᠦᠬᠡ ᠪᠠ ᠮᠠᠯᠴᠢᠨ | ᠡᠷᠦᠬᠡ ᠶᠢᠨ ︽ᠡᠭᠦᠳᠡᠨ ᠡᠮᠦᠨᠡᠬᠢ ᠭᠤᠷᠪᠠ ᠶᠢ ᠳᠠᠭᠠᠭᠠᠴᠢᠯᠠᠬᠤ︾ ᠬᠠᠷᠢᠭᠤᠴᠠᠯᠭ᠎ᠠ ᠶᠢᠨ ᠳᠦᠷᠢᠮ ᠢ ᠶᠡᠭᠡ ᠪᠠᠷ | ᠬᠡᠷᠡᠭᠵᠢᠭᠦᠯᠵᠦ᠂ ᠠᠳᠠᠯ ᠠᠬᠤᠢ ᠶᠢᠨ ᠺᠣᠮᠫᠠᠨᠢ ᠶᠢ ᠤᠷᠢᠵᠤ ᠪᠦᠬᠦᠯᠢ ᠡᠳᠦᠷ ᠢᠶᠠᠷ ᠰᠠᠬᠢᠵᠤ ᠠᠷᠢᠭᠤᠨ ᠴᠡᠪᠡᠷ ᠢ | ᠬᠠᠮᠠᠭᠠᠯᠠᠬᠤ ᠶᠢ ᠥᠷᠨᠢᠭᠦᠯᠪᠡ᠃ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ | ᠡᠪᠦᠯ ᠤᠨ ᠤᠯᠠᠷᠢᠯ ᠤᠨ ᠠᠵᠢᠯᠯᠠᠭᠠᠨ ᠢ ᠪᠥᠬᠦ ᠲᠠᠯ᠎ᠠ ᠪᠠᠷ ᠥᠷᠨᠢᠭᠦᠯᠵᠦ᠂ ︽ᠺᠠᠳ᠋ᠷ᠂ ᠣᠯᠠᠨ ᠲᠦᠮᠡᠨ᠂ ᠠᠳᠠᠯ | ᠠᠬᠤᠶ ᠶᠢᠨ ᠺᠣᠮᠫᠠᠨᠢ︾ ᠭᠤᠷᠪᠠᠨ ᠲᠠᠯ᠎ᠠ ᠶᠢᠨ ᠬᠦᠴᠦᠨ ᠢ ᠳᠠᠶᠢᠴᠢᠯᠠᠨ ᠵᠠᠮ ᠤᠨ ᠬᠤᠷᠠᠭᠰᠠᠨ ᠴᠠᠰᠤ ᠬᠢᠭᠡᠳ | ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠬᠦᠴᠦ ᠪᠠᠨ ᠬᠠᠮᠲᠤᠳᠬᠠᠨ ᠴᠡᠪᠡᠷᠯᠡᠵᠦ᠂ ᠡᠪᠦᠯ ᠤᠨ ᠤᠯᠠᠷᠢᠯ ᠤᠨ | ᠣᠷᠴᠢᠨ ᠲᠣᠭᠤᠷᠢᠨ ᠤ ᠴᠡᠪᠡᠷ ᠲᠡᠭᠰᠢ ᠡᠮᠬᠢ ᠵᠢᠷᠤᠮ ᠲᠠᠢ᠂ ᠵᠠᠮ ᠬᠠᠷᠢᠯᠴᠠᠭ᠎ᠠ ᠰᠠᠭᠠᠳ ᠥᠬᠡᠶ ᠨᠡᠪᠲᠡᠷᠡᠬᠦ ᠶᠢ | ᠦᠨᠡᠨ ᠬᠦ ᠪᠠᠲᠤᠯᠠᠪᠠ᠃ ᠨᠤᠲᠤᠭ ᠪᠡᠯᠴᠢᠭᠡᠷ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠪᠥᠬᠦ | ᠲᠠᠯ᠎ᠠ ᠪᠠᠷ ᠥᠷᠨᠢᠭᠦᠯᠵᠦ᠂ ︽ᠨᠡᠪᠲᠡᠷᠡᠭᠦᠯᠬᠦ᠂ ᠪᠥᠭᠯᠡᠬᠦ᠂ ᠪᠠᠲᠤᠯᠠᠬᠤ︾ ᠭᠤᠷᠪᠠᠨ ᠶᠡᠭᠡ ᠠᠷᠭ᠎ᠠ ᠬᠡᠮᠵᠢᠶ᠎ᠡ ᠶᠢ | ᠨᠢᠭᠡᠳᠦᠯᠲᠡᠶ ᠲᠥᠯᠥᠪᠯᠡᠨ ᠲᠦᠯᠬᠢᠨ ᠠᠬᠢᠭᠤᠯᠵᠤ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠥᠷᠨᠢᠭᠦᠯᠵᠦ᠂ | ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠵᠦ᠂ ᠦᠵᠡᠰᠬᠦᠯᠡᠩᠲᠦ ᠰᠠᠶᠢᠬᠠᠨ ᠰᠦᠷᠯᠢᠭ ᠲᠠᠯ᠎ᠠ ᠨᠤᠲᠤᠭ ᠤᠨ | ᠵᠢᠷᠤᠭ ᠶᠠᠭ ᠠᠯᠬᠤᠮ ᠠᠯᠬᠤᠮ ᠢᠶᠠᠷ ᠳᠡᠯᠭᠡᠭᠳᠡᠵᠦ ᠪᠣᠢ᠃ | ᠰᠢᠨ᠎ᠡ ᠠᠶᠠᠨ ᠢᠶᠠᠨ ᠡᠬᠢᠯᠡᠭᠦᠯᠵᠦ᠂ ᠳᠠᠷᠪᠠᠭᠤᠯ ᠬᠡᠶᠢᠰᠬᠡᠨ ᠳᠠᠬᠢᠨ ᠮᠣᠷᠳᠠᠨᠠᠮ᠃ 2025 ᠣᠨ ᠳᠤ᠂ | ᠰᠢᠷᠡᠮᠦ᠋ᠷᠡᠨ ᠪᠠᠯᠭᠠᠰᠤ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠯ᠎ᠡ ᠵᠦᠢᠯ ᠤᠨ ᠡᠭᠦᠷᠭᠡ ᠶᠢ | ᠰᠠᠶᠢᠲᠤᠷ ᠠᠳᠬᠤᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠲᠠᠭᠤᠳᠠᠯ ᠪᠠᠭᠤᠷᠠᠢ ᠲᠠᠯ᠎ᠠ ᠪᠠᠨ ᠪᠦᠬᠦ | ᠲᠠᠯ᠎ᠠ ᠪᠠᠷ ᠨᠥᠬᠦᠪᠦᠷᠢᠯᠡᠬᠦ ᠶᠢ ᠬᠦᠰᠡᠵᠦ ᠪᠠᠶᠢᠨ᠎ᠠ᠂ ᠨᠢᠭᠡ ᠳᠤ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠰᠢᠨᠵᠢᠬᠦ | ᠠᠵᠢᠯ ᠢ ᠰᠠᠶᠢᠲᠤᠷ ᠬᠢᠬᠦ ᠶᠢ ᠪᠠᠷᠢᠮᠲᠠᠯᠠᠵᠤ᠂ ︽ᠨᠢᠭᠡ ᠲᠣᠰᠬᠤᠨ ᠢ ᠴᠦ ᠳᠤᠲᠠᠭᠠᠬᠤ ᠥᠬᠡᠶ᠂ ᠨᠢᠭᠡ ᠡᠷᠦᠬᠡ ᠶᠢ ᠴᠦ | ᠣᠷᠬᠢᠭᠳᠠᠭᠤᠯᠬᠤ ᠥᠬᠡᠶ᠂ ᠠᠭᠯᠠᠭ ᠭᠠᠵᠠᠷ ᠢ ᠴᠤ ᠦᠯᠡᠳᠡᠭᠡᠬᠦ ᠦᠭᠡᠢ︾ ᠵᠠᠷᠴᠢᠮ ᠶᠣᠰᠣᠭᠠᠷ᠂ ᠮᠠᠯᠵᠢᠬᠤ | ᠡᠷᠦᠬᠡ ᠶᠢᠨ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠰᠢᠨᠵᠢᠬᠦ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠬᠦ | ᠬᠡᠷᠡᠭᠲᠡᠢ︔ ᠬᠤᠶᠠᠷ ᠲᠤ᠂ ᠪᠠᠯᠠ ᠮᠥᠩᠭᠦ ᠶᠢ ᠵᠣᠯᠭᠠᠭᠤᠯᠬᠤ ᠲᠥᠷᠥᠯ ᠵᠦᠢᠯ ᠤᠨ ᠬᠠᠮᠢᠶᠠᠷᠤᠯᠲᠠ ᠶᠢ | ᠨᠠᠷᠢᠯᠢᠭᠵᠢᠭᠤᠯᠤᠨ ᠰᠠᠶᠢᠲᠤᠷ ᠬᠢᠵᠦ᠂ ᠲᠥᠷᠥᠯ ᠵᠦᠢᠯ ᠢ ᠬᠡᠷᠡᠭᠵᠢᠭᠦᠯᠬᠦ ᠪᠥᠬᠦ ᠶᠠᠪᠤᠴᠠ ᠳᠤ ᠳᠠᠩᠰᠠ ᠡᠪᠬᠡᠮᠡᠯ ᠢ | ᠡᠮᠬᠢᠳᠬᠡᠨ ᠨᠡᠶᠢᠳᠬᠡᠵᠦ᠂ ᠲᠥᠷᠥᠯ ᠵᠦᠢᠯ ᠤᠨ ᠬᠡᠷᠡᠭᠵᠢᠭᠦᠯᠦᠯᠲᠡ ᠶᠢᠨ ︽ᠲᠠᠩᠰᠠ ᠡᠪᠬᠡᠮᠡᠯ︾ ᠲᠠᠢ ᠪᠠᠶᠢᠬᠤ ᠶᠢ | ᠦᠨᠡᠨ ᠬᠦ ᠪᠠᠲᠤᠯᠠᠬᠤ ᠬᠡᠷᠡᠭᠲᠡᠶ︔ ᠭᠤᠷᠪᠠ ᠳᠤ᠂ ᠨᠢᠭᠡᠳᠦᠯᠲᠡᠶ ᠲᠥᠯᠥᠪᠯᠡᠨ ᠨᠡᠶᠢᠲᠡ ᠳᠤ ᠨᠢ ᠬᠠᠷᠠᠭᠠᠯᠵᠠᠵᠤ᠂ | ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠬᠦᠴᠦᠯᠡᠨ | ᠰᠠᠶᠢᠲᠤᠷ ᠬᠢᠵᠦ᠂ ᠬᠤᠰᠢᠭᠤᠨ ᠤ ᠨᠠᠮ ᠤᠨ ᠬᠤᠷᠢᠶ᠎ᠠ ᠶᠢᠨ ︽ᠭᠤᠷᠪᠠ ᠶᠢ ᠴᠡᠪᠡᠷᠯᠡᠬᠦ︾ ᠲᠥᠰᠦᠯ ᠤᠨ ᠱᠠᠭᠠᠷᠳᠠᠯᠭ᠎ᠠ | ᠶᠣᠰᠣᠭᠠᠷ᠂ ᠮᠠᠨ ᠤ ᠪᠠᠯᠭᠠᠰᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ ᠣᠷᠳᠣ ᠬᠤᠭᠤᠴᠠᠭᠠᠨ ᠤ ᠪᠦᠲᠦᠮᠵᠢᠲᠡᠶ | ᠲᠣᠭᠲᠠᠴᠠ ᠶᠢ ᠲᠣᠭᠲᠠᠭᠠᠵᠤ᠂ ᠪᠥᠬᠦ ᠪᠠᠯᠭᠠᠰᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ | ᠶᠠᠰᠤ ᠴᠢᠨᠠᠷ ᠢ ᠲᠣᠭᠲᠠᠭᠤᠨ ᠢᠶᠠᠷ ᠳᠡᠭᠡᠭᠰᠢᠯᠡᠭᠦᠯᠬᠦ ᠶᠢ ᠪᠠᠲᠤᠯᠠᠵᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠰᠢᠨ᠎ᠡ ᠬᠠᠭᠤᠳᠠᠰᠤ ᠶᠢ ᠣᠯᠠᠨ ᠬᠡᠮᠵᠢᠯ ᠠᠴᠠ ᠪᠢᠴᠢᠭᠯᠡᠬᠦ ᠬᠡᠷᠡᠭᠲᠡᠢ᠃ |