ᠵᠢᠶᠠ ᠪᠦᠦ ᠯᠢᠶᠠᠩ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/1/20
      1 ᠰᠠᠷ᠎ᠠ ᠶᠢᠨ 17 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2025 ᠣᠨ ᠤ ᠠᠩᠬᠠᠳᠤᠭᠠᠷ ᠤᠳᠠᠭᠠᠨ ᠤ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠵᠢᠴᠢ ᠨᠠᠮ ᠤᠨ ᠲᠦᠷᠢᠮ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠭᠡᠯ ᠥᠭᠬᠦ ᠲᠦᠷᠢᠮ︾ ᠵᠡᠷᠭᠡ ᠶᠢᠨ ᠲᠣᠭᠤᠷᠢᠨ ᠳᠤ ᠶᠡᠷᠦᠩᠬᠡᠶ ᠱᠦᠵᠢ ᠰᠢ ᠶᠢᠨ ᠫᠢᠩ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠤᠶᠢᠯᠠᠭᠠᠨ ᠰᠤᠷᠤᠯᠴᠠᠵᠤ ᠰᠤᠳᠤᠯᠤᠨ ᠶᠠᠷᠢᠯᠴᠠᠪᠠ᠃     ᠬᠤᠷᠠᠯ ᠳᠡᠭᠡᠷ᠎ᠡ᠂ ᠬᠤᠰᠢᠭᠤᠨ ᠤ ᠤᠳᠤᠷᠢᠳᠤᠯᠭ᠎ᠠ ᠯᠢ ᠪᠦᠦ ᠴᠦᠨ᠂ ᠰᠤ᠋ ᠷᠦᠢ ᠹᠧᠩ᠂ ᠺᠠᠩ ᠴᠢᠩ᠂ ᠳ᠋ᠤᠸᠠᠨ ᠸᠧᠨ ᠶᠤᠸᠠᠨ᠂ ᠼᠦᠢ ᠬᠤ᠋᠂ ᠶᠠᠨ ᠴᠦᠨ ᠯᠸᠢ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ᠂ ᠲᠥᠪ ᠤᠨ ᠤᠯᠤᠰ ᠲᠥᠷᠥ ᠶᠢᠨ ᠲᠣᠪᠴᠢᠶᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠬᠤ ᠶᠢᠨ ᠲᠣᠭᠤᠷᠢᠨ ᠳᠤ᠂ ᠲᠣᠰ ᠲᠣᠰ ᠤᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ᠂ ᠠᠳᠠᠯᠢ ᠪᠤᠰᠤ ᠲᠠᠯ᠎ᠠ ᠠᠴᠠ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃   ᠵᠢᠶᠠ ᠪᠦᠦ ᠯᠢᠶᠠᠩ ᠴᠢᠬᠤᠯᠠᠴᠢᠯᠠᠭᠰᠠᠨ ᠨᠢ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠵᠢᠴᠢ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠰᠠᠬᠢᠯᠭ᠎ᠠ ᠪᠠᠲᠤ ᠶᠢ ᠰᠤᠷᠤᠯᠴᠠᠨ ᠰᠠᠬᠢᠯᠭ᠎ᠠ ᠪᠠᠳᠤ ᠶᠢ ᠤᠶᠢᠯᠠᠭᠠᠵᠤ ᠰᠠᠬᠢᠯᠭ᠎ᠠ ᠪᠠᠲᠤ ᠶᠢ ᠮᠡᠳᠡᠵᠦ ᠰᠠᠬᠢᠯᠭ᠎ᠠ ᠪᠠᠲᠤ ᠶᠢ ᠰᠠᠬᠢᠨ᠂ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢᠨ ᠦᠨᠡᠨᠴᠢ ᠰᠢᠳᠤᠷᠭᠤ  ᠦᠢᠯᠡᠳᠦᠯᠬᠡᠵᠢᠬᠦᠯᠦᠭᠴᠢ᠂ ᠤᠬᠠᠮᠰᠠᠷ ᠠᠴᠠ ᠪᠠᠨ ᠵᠢᠷᠤᠮᠯᠠᠭᠴᠢ᠂ ᠡᠷᠡᠰ ᠪᠠᠲᠤ ᠬᠠᠮᠠᠭᠠᠯᠠᠭᠴᠢ ᠪᠤᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠰᠠᠬᠢᠯᠭ᠎ᠠ ᠪᠠᠲᠤ ᠶᠢᠨ ᠲᠤᠯᠭᠠᠭᠤᠷᠢᠯᠠᠯ ᠬᠠᠩᠭᠠᠬᠤ ᠬᠡᠷᠡᠭᠲᠡᠢ᠃     ᠵᠢᠶᠠ ᠪᠦᠦ ᠯᠢᠶᠠᠩ ᠵᠢᠭᠠᠵᠤ ᠭᠠᠷᠭᠠᠭᠰᠠᠨ ᠨᠢ᠂ ᠭᠤᠣᠯᠳᠠᠯᠭ᠎ᠠ ᠲᠠᠢ ᠡᠭᠦᠷᠭᠡ ᠶᠢ ᠲᠣᠳᠣᠷᠬᠠᠶᠢᠯᠠᠵᠤ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠨᠠᠰᠤᠨ ᠲᠤᠷᠰᠢᠳᠠ ᠰᠤᠷᠤᠯᠴᠠᠬᠤ ᠦᠵᠡᠯᠲᠡ ᠶᠢ ᠪᠠᠲᠤ ᠪᠤᠢ ᠪᠣᠯᠭᠠᠵᠤ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠵᠢᠴᠢ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠪᠦᠬᠦ ᠲᠠᠯ᠎ᠠ ᠪᠠᠷ ᠭᠦᠨᠵᠡᠭᠡᠢ ᠰᠤᠷᠤᠯᠴᠠᠵᠤ᠂ ᠨᠠᠮᠴᠢ ᠴᠢᠨᠠᠷ ᠤᠨ ᠬᠥᠮᠦᠵᠢᠯ ᠢ ᠴᠥᠬᠦᠷᠡᠰᠢ ᠦᠭᠡᠢ ᠴᠢᠩᠭᠠᠳᠬᠠᠵᠤ᠂ ᠰᠡᠷᠡᠮᠵᠢᠯᠡᠭᠦᠯᠬᠦ ᠬᠥᠮᠦᠵᠢᠯ ᠢ ᠪᠠᠶᠢᠩᠭᠤ ᠠᠳᠬᠤᠵᠤ᠂ ᠨᠠᠮ ᠤᠨ ᠭᠡᠰᠢᠭᠦᠨ ᠺᠠᠳ᠋ᠷᠴᠤᠳ ᠤᠨ ᠠᠷᠢᠭᠤᠨ ᠴᠢᠬᠡᠴᠢ ᠪᠠᠷ ᠵᠠᠰᠠᠭ ᠪᠠᠷᠢᠬᠤ ᠤᠬᠠᠮᠰᠠᠷ ᠢ ᠲᠠᠰᠤᠷᠠᠯᠲᠠ ᠦᠭᠡᠢ ᠴᠢᠩᠭᠠᠳᠬᠠᠵᠤ᠂ ᠨᠠᠮ ᠳᠠᠭᠠᠨ ᠦᠨᠡᠨᠴᠢ ᠰᠢᠳᠤᠷᠭᠤ ᠪᠠᠶᠢᠬᠤ ᠰᠦᠭ ᠰᠦᠨᠡᠰᠦ ᠶᠢ ᠪᠠᠬᠢᠵᠢᠭᠦᠯᠬᠦ ᠬᠡᠷᠡᠭᠲᠡᠢ᠃ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠶᠢ ᠠᠵᠢᠯ ᠦᠢᠯᠡᠰ ᠪᠤᠰᠬᠠᠬᠤ ᠲᠠᠢ ᠨᠢᠭᠡᠳᠬᠡᠵᠦ᠂ ᠢᠮᠠᠭᠲᠠ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠶ  ᠪᠠᠶᠢᠯᠭᠠᠵᠤ᠂ ᠠᠵᠢᠯ ᠬᠢᠬᠦ ᠤᠳᠤᠷᠢᠳᠤᠮᠵᠢ ᠶᠢ  ᠲᠤᠳᠤᠷᠬᠠᠶᠢᠯᠠᠵᠤ᠂ ᠠᠵᠢᠯ ᠬᠢᠬᠦ ᠬᠥᠳᠡᠯᠭᠡᠬᠦ ᠬᠦᠴᠦᠨ ᠢ  ᠴᠢᠩᠭᠠᠳᠬᠠᠵᠤ᠂ ᠠᠵᠢᠯ ᠬᠢᠬᠦ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠮᠠᠨ ᠤ ᠬᠤᠰᠢᠭᠤᠨ ᠤ ᠤᠨᠴᠠᠯᠢᠬᠳᠤ ᠠᠵᠤ ᠦᠢᠯᠡᠰ ᠤᠨ ᠬᠥᠭᠵᠢᠯᠲᠡ᠂ ᠲᠠᠷᠢᠶᠠᠯᠠᠩ ᠮᠠᠯ ᠠᠵᠤ ᠠᠬᠤᠶ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ᠂ ᠰᠣᠶᠣᠯ ᠵᠢᠭᠤᠯᠴᠢᠯᠠᠯ ᠡᠷᠡᠭᠦᠯᠵᠢᠯ ᠰᠤᠪᠢᠯᠠᠯᠲᠠ ᠶᠢᠨ ᠠᠭᠤᠰᠤᠯᠴᠠᠯ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠡᠷᠭᠡ ᠲᠠᠯ᠎ᠠ ᠶᠢᠨ ᠭᠤᠤᠯᠳᠠᠯᠭ᠎ᠠ ᠲᠠᠢ ᠡᠭᠦᠷᠭᠡ ᠶᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠰᠤᠷᠤᠯᠴᠠᠯᠭ᠎ᠠ ᠪᠠᠷ ᠠᠵᠢᠯᠯᠠᠬᠤ ᠶᠢ ᠠᠬᠢᠭᠤᠯᠬᠤ ᠲᠠᠯ᠎ᠠ ᠪᠠᠷ  ᠦᠨᠡᠨ ᠪᠣᠳᠠᠲᠠᠶ ᠦᠷ᠎ᠡ ᠪᠦᠲᠦᠮᠵᠢ ᠤᠯᠬᠤ ᠬᠡᠷᠡᠭᠲᠡᠶ᠃ ᠰᠠᠬᠢᠯᠭ᠎ᠠ ᠪᠠᠲᠤ ᠶᠢᠨ ᠪᠠᠶᠢᠭᠤᠯᠤᠯᠲᠠ ᠪᠣᠯᠤᠨ ᠰᠤᠷᠲᠠᠯ ᠢ ᠰᠠᠶᠢᠵᠢᠷᠠᠭᠤᠯᠬᠤ ᠶᠢ ᠨᠡᠪᠲᠡᠷᠡᠭᠦᠯᠵᠦ᠂ ᠰᠤᠷᠲᠠᠯ ᠢ ᠰᠠᠶᠢᠵᠢᠷᠠᠭᠤᠯᠬᠤ ᠲᠠᠯ᠎ᠠ ᠪᠠᠷ ᠪᠣᠳᠠᠲᠤ ᠦᠷ᠎ᠡ ᠪᠦᠲᠦᠮᠵᠢ ᠣᠯᠵᠤ᠂ ᠴᠠᠭ ᠢᠮᠠᠭᠲᠠ ︽ᠲᠤᠯᠢᠨ ᠳᠤ ᠦᠵᠡᠵᠦ᠂ ᠲᠡᠪᠡᠯ ᠬᠤᠪᠴᠠᠰᠤ ᠪᠠᠨ ᠲᠡᠭᠰᠢᠯᠡᠬᠦ︾ ᠪᠠᠷ ᠳᠠᠮᠵᠢᠭᠤᠯᠤᠨ ᠥᠪᠡᠷ ᠢ ᠪᠠᠨ ᠴᠡᠪᠡᠷᠰᠢᠭᠦᠯᠬᠦ᠂ ᠥᠪᠡᠷ ᠢ ᠪᠠᠨ ᠲᠡᠭᠦᠯᠳᠡᠷᠵᠢᠭᠦᠯᠬᠦ᠂ ᠥᠪᠡᠷ ᠢ ᠪᠠᠨ ᠰᠢᠨᠡᠴᠢᠯᠡᠬᠦ ᠶᠢ ᠪᠡᠶᠡᠯᠡᠭᠦᠯᠵᠦ᠂ ᠢᠮᠠᠭᠲᠠ ︽ᠬᠤᠷᠢᠭ᠎ᠠ ᠱᠤᠭᠤᠮ ᠠᠴᠠ ᠳᠠᠪᠠᠭ᠋ᠤ ᠦᠭᠡᠢ︾᠂ ︽ᠤᠯᠠᠭᠠᠨ ᠱᠤᠭᠤᠮ ᠳᠤ ᠬᠠᠯᠳᠠᠬᠤ ᠦᠭᠡᠢ︾ ᠪᠠᠶᠢᠬᠤ ᠶᠢ ᠪᠡᠶᠡᠯᠡᠭᠦᠯᠵᠦ᠂ ᠡᠪ ᠬᠠᠮᠲᠤ ᠨᠠᠮ ᠤᠨ ᠭᠡᠰᠢᠭᠦᠨ ᠤ ᠠᠷᠢᠭᠤᠨ ᠴᠢᠬᠡᠴᠢ ᠤᠯᠤᠰ ᠲᠦᠷᠦ ᠶᠢᠨ ᠤᠤᠷ ᠴᠢᠨᠠᠷ ᠢᠶᠠᠨ ᠡᠭᠦᠷᠢᠳᠡ ᠬᠠᠳᠠᠭᠠᠯᠠᠬᠤ ᠬᠡᠷᠡᠭᠲᠡᠢ᠃      ᠵᠢᠶᠠ ᠪᠦᠦ ᠯᠢᠶᠠᠩ ᠴᠢᠬᠤᠯᠠᠴᠢᠯᠠᠭᠰᠠᠨ ᠨᠢ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠰᠠᠬᠢᠯᠭ᠎ᠠ ᠪᠠᠲᠤ ᠪᠠ ᠶᠣᠰᠣ ᠲᠦᠷᠢᠮ ᠢ ᠲᠡᠷᠢᠭᠦᠨ ᠳᠤ ᠲᠠᠯᠪᠢᠵᠤ᠂ ᠨᠠᠮᠴᠢ ᠴᠢᠨᠠᠷ ᠨᠠᠮ ᠤᠨ ᠰᠤᠷᠲᠠᠯ ᠨᠠᠮ ᠤᠨ ᠰᠠᠬᠢᠯᠭ᠎ᠠ ᠪᠠᠲᠤ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠤᠯᠤᠰ ᠲᠥᠷᠥ ᠶᠢᠨ ᠠᠮᠢ ᠠᠬᠤᠶ ᠶᠢ ᠪᠣᠶ ᠪᠣᠯᠭᠠᠬᠤ ᠬᠡᠷᠡᠭᠲᠡᠶ᠃ ᠬᠡᠯᠪᠡᠷᠢᠴᠢ ᠦᠵᠡᠯ ᠢ ᠡᠷᠡᠰ ᠬᠤᠷᠢᠭᠯᠠᠵᠤ᠂ ᠠᠵᠢᠯ ᠬᠢᠬᠦ ᠦᠭᠡᠢ᠂ ᠤᠳᠠᠭᠠᠨ ᠬᠢᠬᠦ᠂ ᠳᠤᠷ᠎ᠠ ᠪᠠᠷ ᠢᠶᠠᠨ ᠬᠢᠬᠦ  ᠦᠵᠡᠭᠳᠡᠯ ᠢ ᠬᠠᠯᠠᠨ ᠵᠠᠰᠠᠵᠤ᠂ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠲᠤᠪᠤᠶᠢᠮ᠎ᠠ ᠠᠰᠠᠭᠤᠳᠠᠯ ᠢ ᠦᠷᠭᠦᠯᠵᠢᠯᠡᠨ ᠴᠡᠭᠴᠡᠯᠡᠨ ᠂ ᠤᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ ᠲᠥᠪ ᠪᠤᠰᠤ ᠰᠤᠷᠲᠠᠯ ᠢ ᠵᠠᠯᠠᠷᠠᠭᠤᠯᠵᠤ᠂ ᠠᠷᠠᠳ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ ᠬᠠᠮᠤᠭ ᠤᠨ ᠰᠢᠭᠤᠳ ᠬᠠᠮᠤᠭ ᠤᠨ ᠪᠣᠳᠠᠲᠠᠢ ᠠᠰᠢᠭ ᠲᠤᠰᠠ ᠶᠢᠨ ᠠᠰᠠᠭᠤᠳᠠᠯ ᠢ ᠬᠦᠴᠦᠯᠡᠨ ᠰᠠᠶᠢᠲᠤᠷ ᠰᠢᠢᠳᠪᠦᠷᠢᠯᠡᠬᠦ ᠬᠡᠷᠡᠭᠲᠡᠢ᠃ ᠴᠢᠩᠭ᠎ᠠ ᠬᠢᠨᠠᠨ ᠬᠠᠮᠢᠶᠠᠷᠴᠤ᠂ ︽ᠳᠥᠷᠪᠡᠨ‌ᠵᠦ᠋ᠢᠯ ᠤᠨ ᠬᠡᠯᠪᠡᠷᠢ ᠪᠠᠶᠢᠳᠠᠯ︾ ᠢ ᠣᠨᠣᠪᠴᠢᠲᠠᠶ ᠬᠡᠷᠡᠭᠯᠡᠵᠦ᠂ ᠴᠢᠩᠭ᠎ᠠ ᠬᠢᠨᠠᠯᠲᠠ ᠲᠠᠯᠪᠢᠬᠤ ᠪᠠ ᠬᠠᠷᠢᠭᠤᠴᠠᠯᠭ᠎ᠠ ᠡᠭᠦᠷᠭᠡᠯᠡᠬᠦ ᠶᠢ ᠵᠣᠷᠢᠭᠵᠢᠭᠤᠯᠬᠤ ᠶᠢ ᠤᠶᠠᠯᠳᠤᠭᠤᠯᠵᠤ᠂ ᠬᠢᠨᠠᠯᠲᠠ ᠲᠠᠯᠪᠢᠵᠤ ᠬᠥᠲᠥᠯᠥᠨ ᠵᠢᠯᠣᠭᠤᠳᠴᠤ ᠠᠬᠢᠭᠤᠯᠬᠤ ᠴᠢᠳᠠᠮᠵᠢ ᠶᠢ ᠰᠠᠶᠢᠲᠤᠷ ᠪᠠᠳᠠᠷᠠᠭᠤᠯᠵᠤ᠂ ᠵᠥᠪ ᠲᠠᠯ᠎ᠠ ᠶᠢᠨ ᠨᠡᠶᠢᠲᠡᠯᠢᠭ ᠵᠢᠱᠢᠶ᠎ᠠ ᠪᠠᠷ ᠬᠥᠲᠥᠯᠥᠨ ᠵᠢᠯᠦᠭᠤᠳᠤᠨ᠂  ᠪᠤᠷᠤᠭᠤ ᠲᠠᠯ᠎ᠠ ᠶᠢᠨ ᠬᠡᠷᠡᠭ ᠤᠨ ᠵᠢᠱᠢᠶ᠎ᠡ ᠪᠠᠷ ᠰᠡᠷᠡᠮᠵᠢᠯᠡᠭᠦᠯᠬᠦ᠂ ᠬᠢᠨᠠᠯᠲᠠ ᠲᠠᠯᠪᠢᠬᠤ ᠡᠲᠡᠭᠡᠳ ᠲᠤ ᠵᠣᠬᠢᠶᠠᠨ ᠪᠠᠶᠢᠭᠤᠯᠤᠯᠲᠠ ᠶᠢᠨ  ᠦᠨᠡᠨ ᠬᠠᠶᠢᠷ᠎ᠠ ᠰᠡᠳᠬᠢᠯᠭᠡ  ᠶᠢ ᠮᠡᠳᠡᠭᠦᠯᠬᠦ ᠬᠡᠷᠡᠭᠲᠡᠶ᠃ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠨᠠᠮ ᠤᠨ ᠭᠡᠰᠢᠭᠦᠨ ᠤᠳᠤᠷᠢᠳᠬᠤ ᠺᠠᠳ᠋ᠷ ᠤᠨ ᠳᠠᠭᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠥᠨᠳᠥᠷ ᠪᠠᠷᠢᠮᠵᠢᠶ᠎ᠠ ᠴᠢᠩᠭ᠎ᠠ ᠱᠠᠭᠠᠷᠳᠠᠯᠭ᠎ᠠ ᠪᠠᠷ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠢᠵᠦ᠂ ᠲᠤᠰ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠭᠤᠣᠯ ᠰᠡᠳᠦᠪᠲᠦ ᠠᠭᠤᠯᠤᠭᠳᠠᠬᠤᠨ ᠢ ᠨᠠᠷᠢᠨ ᠬᠢᠨᠠᠮᠠᠭᠠᠢ ᠣᠶᠢᠯᠠᠭᠠᠵᠤ᠂ ᠤᠬᠠᠮᠰᠠᠷ ᠠᠴᠠ ᠪᠠᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠱᠠᠭᠠᠷᠳᠠᠯᠭ᠎ᠠ ᠲᠠᠢ ᠪᠠᠷᠢᠮᠵᠢᠶᠠᠯᠠᠨ ᠬᠠᠷᠭᠤᠭᠤᠯᠵᠤ᠂ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠬᠤᠷᠠᠯ ᠤᠨ ᠴᠢᠨᠠᠷ ᠰᠠᠶᠢᠲᠠᠢ᠂ ᠰᠠᠶᠢᠨ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃  
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号