ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠴᠠᠭ ᠠᠭᠤᠷ ᠤᠨ ᠲᠣᠪᠴᠢᠶ᠎ᠠ 2025 ᠣᠨ ᠤ 1 | ᠰᠠᠷ᠎ᠠ ᠶᠢᠨ 21 ᠤ ᠡᠳᠦᠷ ᠤᠨ 10 ᠴᠠᠭ ᠲᠤ ᠴᠢᠬᠤᠯᠠ ᠴᠠᠭ ᠠᠭᠤᠷ ᠤᠨ ᠰᠠᠨᠠᠭᠤᠯᠤᠮᠵᠢ ᠨᠡᠶᠢᠲᠡᠯᠡᠵᠡᠶ᠄ | ᠵᠢᠱᠢᠯᠲᠡ ᠪᠠᠷ᠂ 1 ᠰᠠᠷ᠎ᠠ ᠶᠢᠨ 24 ᠤ ᠡᠳᠦᠷ ᠠᠴᠠ 26 ᠤ ᠡᠳᠦᠷ ᠪᠣᠯᠲᠠᠯ᠎ᠠ᠂ ᠮᠠᠨ ᠤ ᠬᠤᠰᠢᠭᠤᠨ ᠳᠤ ᠶᠡᠭᠡ | ᠬᠡᠪᠴᠢᠶᠡᠨ ᠤ ᠴᠠᠰᠤ ᠣᠷᠣᠬᠤ ᠴᠠᠭ ᠠᠭᠤᠷ ᠢᠯᠡᠷᠡᠵᠦ᠂ ᠪᠥᠬᠦ ᠬᠤᠰᠢᠭᠤᠨ ᠤ ᠬᠡᠪᠴᠢᠶᠡᠨ ᠳᠤ ᠪᠠᠭ᠎ᠠ ᠠᠴᠠ | ᠳᠤᠮᠳᠠ ᠵᠡᠷᠭᠡ ᠶᠢᠨ ᠴᠠᠰᠤ ᠣᠷᠣᠵᠤ᠂ ᠬᠡᠰᠡᠭ ᠭᠠᠵᠠᠷ ᠲᠤ ᠶᠡᠭᠡ ᠰᠢᠭᠤᠷᠭ᠎ᠠ ᠰᠢᠭᠤᠷᠴᠤ᠂ ᠪᠥᠬᠦ ᠶᠠᠪᠤᠴᠠ ᠳᠤ3 | ~10mm ᠴᠠᠰᠣ ᠣᠷᠣᠨ᠎ᠠ᠃ 24 ᠤ ᠡᠳᠦᠷ ᠠᠴᠠ ᠠᠭᠠᠷ ᠤᠨ ᠳᠤᠯᠠᠭᠠᠨ ᠡᠬᠢᠯᠡᠨ ᠪᠠᠭᠤᠷᠠᠵᠤ᠂ ᠪᠥᠬᠦ | ᠬᠤᠰᠢᠭᠤᠨ ᠤ ᠶᠡᠬᠡᠩᠬᠢ ᠭᠠᠵᠠᠷ ᠣᠷᠣᠨ ᠳᠤ 4 ~ 5 ᠲᠠᠰ ᠣᠬᠤᠷᠬᠠᠨ ᠬᠤᠭᠤᠴᠠᠭᠠᠨ ᠳᠤ 6 ~ 7 ᠲᠠᠰ᠂ | ᠬᠡᠰᠡᠭ ᠭᠠᠵᠠᠷ ᠲᠤ ᠪᠠᠷᠠᠭᠤᠨ ᠬᠤᠶᠢᠨ᠎ᠠ ᠠᠴᠠ 8 ᠲᠠᠰ ᠤᠨ ᠰᠠᠯᠬᠢ ᠰᠠᠯᠬᠢᠯᠠᠵᠤ᠂ ᠪᠥᠬᠦ ᠶᠠᠪᠤᠴᠠ ᠳᠤ ᠳᠣᠯᠠᠭᠠᠨ | ᠤ ᠬᠡᠮᠵᠢᠶ᠎ᠡ 8 ~ 10 ᠭᠷᠡᠳᠦ᠋ᠰ ᠪᠠᠭᠤᠷᠠᠬᠤ ᠪᠤᠯᠤᠨ᠎ᠠ᠂ ᠬᠡᠰᠡᠭ ᠭᠠᠵᠠᠷ ᠤᠨ ᠠᠭᠠᠷ ᠤᠨ ᠳᠤᠯᠠᠭᠠᠨ 10 | ᠭᠷᠠᠳᠦ᠋ᠰ ᠠᠴᠠ ᠳᠡᠭᠡᠭᠰᠢ ᠪᠠᠭᠤᠷᠠᠵᠤ᠂ ᠬᠠᠮᠤᠭ ᠤᠨ ᠳᠣᠤᠷ᠎ᠠ ᠠᠭᠠᠷ ᠤᠨ ᠳᠤᠯᠠᠭᠠᠨ -25 ᠭᠷᠡᠳᠦ᠋ᠰ ᠳᠤ ᠬᠥᠷᠴᠥ᠂ | 26 ᠤ ᠡᠳᠥᠷ ᠤᠨ ᠥᠷᠯᠥᠭᠡ ᠢᠯᠡᠷᠡᠨ᠎ᠡ᠃ | | ᠡᠨᠡ ᠳᠣᠯᠤᠭ᠎ᠠ ᠬᠤᠨᠤᠭ ᠲᠤ ᠴᠠᠰᠤ ᠣᠷᠣᠵᠤ ᠬᠥᠢᠳᠡᠷᠡᠨ᠎ᠡ᠃ | ᠣᠳᠣᠬᠠᠨ ᠳᠤ ᠶᠠᠭ ᠴᠠᠭᠠᠨ ᠰᠠᠷ᠎ᠠ ᠶᠢᠨ ᠲᠡᠭᠡᠭᠡᠪᠦᠷᠢ ᠶᠢᠨ ᠣᠷᠭᠢᠯ ᠴᠠᠭ ᠪᠣᠯᠵᠤ ᠪᠠᠶᠢᠨ᠎ᠠ ᠴᠠᠰᠤ ᠣᠷᠣᠬᠤ | ᠴᠠᠭ ᠠᠭᠤᠷ ᠨᠢ ᠵᠠᠮ ᠬᠠᠷᠢᠯᠴᠠᠭ᠎ᠠ ᠪᠣᠯᠣᠨ ᠬᠤᠲᠠ ᠶᠢᠨ ᠠᠵᠢᠯᠯᠠᠭᠠᠨ ᠳᠤ ᠠᠰᠢᠭ ᠦᠭᠡᠢ ᠨᠥᠯᠥᠭᠡ ᠦᠵᠡᠭᠦᠯᠬᠦ | ᠪᠣᠯᠣᠨ᠎ᠠ᠃ | ᠬᠤᠯᠪᠣᠭᠳᠠᠯ ᠪᠦᠬᠦᠢ ᠰᠠᠯᠠᠭ᠎ᠠ ᠮᠥᠴᠢᠷ ᠠᠷᠠᠭᠠᠴᠠᠭᠠᠬᠤ ᠪᠡᠯᠡᠳᠬᠡᠯ ᠠᠵᠢᠯ ᠢᠶᠠᠨ ᠰᠠᠶᠢᠳᠤᠷ ᠬᠢᠬᠦ ᠬᠡᠷᠡᠭᠲᠡᠢ᠃ | ᠡᠨᠡ ᠤᠳᠠᠭᠠᠨ ᠤ ᠠᠭᠤᠷ ᠠᠮᠢᠰᠬᠤᠯ ᠤᠨ ᠶᠠᠪᠤᠴᠠ ᠳᠤ ᠠᠭᠠᠷ ᠤᠨ ᠲᠤᠯᠠᠭᠠᠨ ᠲᠤᠷᠤᠭᠰᠢᠯᠠᠬᠤ ᠬᠡᠮᠵᠢᠶ᠎ᠠ ᠨᠢ | ᠶᠡᠭᠡ᠂ ᠬᠦᠢᠳᠡᠨ ᠰᠠᠯᠬᠢᠨ ᠤ ᠨᠦᠯᠦᠬᠡ ᠢᠯᠡᠷᠬᠡᠢ᠃ | ᠤᠯᠠᠨ ᠲᠦᠮᠡᠨ ᠤ ᠭᠠᠳᠠᠭᠰᠢ ᠭᠠᠷᠬᠤ ᠳᠤ ᠬᠤᠪᠴᠠᠰᠤ ᠬᠤᠨᠠᠷ ᠢᠶᠠᠨ ᠴᠠᠭ ᠲᠤᠬᠠᠢ ᠳᠤᠨᠢ ᠨᠡᠮᠡᠵᠤ᠂ | ᠬᠦᠢᠲᠡᠨ ᠠᠴᠠ ᠰᠡᠷᠭᠡᠶᠢᠯᠡᠵᠦ ᠲᠤᠯᠠᠭᠠᠯᠠᠬᠤ ᠶᠢ ᠠᠩᠬᠠᠷᠤᠨ᠎ᠠ᠃ | ᠬᠠᠨᠢᠶᠠᠳᠤ ᠬᠦᠷᠬᠦ ᠪᠤᠶᠤ ᠵᠢᠷᠦᠬᠡ ᠲᠠᠷᠢᠬᠢᠨ ᠤ ᠴᠢᠰᠤᠨ ᠰᠤᠳᠠᠯ ᠵᠡᠷᠭᠡ ᠡᠪᠡᠳᠴᠢᠨ ᠡᠭᠦᠰᠬᠦ ᠶᠢ ᠰᠡᠷᠭᠡᠶᠢᠯᠡᠨ᠎ᠡ᠃ | ᠲᠥᠬᠦᠭᠡᠷᠦᠮᠵᠢᠲᠦ ᠲᠠᠷᠢᠶᠠᠯᠠᠩ᠂ ᠮᠠᠯ ᠠᠵᠤ ᠠᠬᠤᠢ ᠶᠢᠨ ᠭᠡᠨᠡᠳᠲᠡ ᠶᠢᠨ ᠠᠭᠤᠷ ᠠᠮᠢᠰᠬᠤᠯ ᠢ | ᠠᠷᠠᠭᠠᠴᠠᠭᠠᠬᠤ ᠠᠷᠭ᠎ᠠ ᠬᠡᠮᠵᠢᠶ᠎ᠡ ᠶᠢ ᠰᠠᠶᠢᠳᠤᠷ ᠬᠢᠬᠦ ᠬᠡᠷᠡᠭᠲᠡᠢ᠃ | ᠴᠠᠭᠠᠨ ᠰᠠᠷ᠎ᠠ ᠨᠤᠲᠤᠭ ᠲᠠᠭᠠᠨ ᠪᠤᠴᠠᠬᠤ ᠳᠤ ᠴᠠᠭ ᠠᠭᠤᠷ ᠤᠨ ᠪᠠᠶᠢᠳᠠᠯ ᠢ ᠤᠷᠢᠳᠴᠢᠯᠠᠨ ᠣᠶᠢᠯᠠᠭᠠᠵᠤ᠂ | ᠵᠠᠮ ᠬᠠᠷᠢᠯᠴᠠᠭᠠᠨ ᠤ ᠠᠮᠤᠷ ᠲᠦᠪᠰᠢᠨ ᠢ ᠠᠩᠬᠠᠷᠤᠨ᠎ᠠ︕ | |