ᠣᠲᠣ ᠪᠣᠯᠲᠠᠯ᠎ᠠ᠂ ᠲᠦᠩ ᠸᠧᠶ ᠪᠣᠬᠢᠷᠲᠤᠯ ᠥᠬᠡᠶ ᠰᠠᠭᠤᠷᠢ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ | ᠰᠡᠯᠬᠢ ᠭᠡᠷᠡᠯᠴᠢ ᠠᠪᠤᠴᠠᠯᠳᠤᠯ ᠪᠣᠬᠢᠷᠲᠤᠯ ᠥᠬᠡᠶ ᠴᠠᠬᠢᠯᠭᠠᠨ ᠴᠠᠬᠢᠭᠤᠷ ᠢ ᠨᠢᠭᠡ ᠴᠤᠭᠴᠠᠵᠢᠭᠤᠯᠤᠭᠰᠠᠨ ᠨᠢᠭᠡᠳᠦᠭᠡᠷ | ᠬᠤᠭᠤᠴᠠᠭᠠᠨ ᠤ ᠲᠥᠷᠥᠯ ᠵᠦᠢᠯ ᠤᠨ ᠲᠠᠪᠤᠳᠤᠭᠠᠷ᠂ ᠵᠢᠷᠭᠤᠳᠤᠭᠠᠷ᠂ ᠳᠣᠯᠣᠳᠤᠭᠠᠷ ᠠᠭᠤᠷᠬᠠᠢ ᠶᠢᠨ ᠢᠯᠴᠢ ᠶᠢᠨ | ᠵᠤᠤᠬ᠎ᠠ ᠶᠢ ᠨᠢᠭᠡᠨᠲᠡ ᠠᠰᠢᠭᠯᠠᠯᠲᠠ ᠳᠤ ᠣᠷᠣᠭᠤᠯᠵᠤ᠂ ᠵᠢᠱᠢᠯᠲᠡ ᠪᠠᠷ ᠭᠤᠷᠪᠠᠳᠤᠭᠠᠷ ᠵᠤᠤᠬ᠎ᠠ ᠶᠢ ᠴᠠᠭᠠᠨ | ᠰᠠᠷ᠎ᠠ ᠠᠴᠠ ᠡᠮᠦᠨ᠎ᠡ ᠦᠢᠯᠡᠳᠪᠦᠷᠢᠯᠡᠯ ᠳᠤ ᠣᠷᠣᠭᠤᠯᠵᠤ᠂ ᠪᠤᠰᠤᠳ ᠠᠭᠤᠷᠬᠠᠢ ᠶᠢᠨ ᠢᠯᠴᠢ ᠶᠢᠨ ᠵᠤᠤᠬ᠎ᠠ ᠶᠢᠨ | ᠳᠥᠭᠦᠭᠡᠷᠥᠮᠵᠢ ᠶᠢ ᠶᠠᠭ ᠲᠤᠷᠰᠢᠨ ᠤᠭᠰᠠᠷᠠᠵᠤ ᠪᠠᠶᠢᠨ᠎ᠠ᠃ | ᠲᠦᠩ ᠸᠧᠶ ᠪᠣᠬᠢᠷᠲᠤᠯ ᠥᠬᠡᠶ ᠰᠠᠭᠤᠷᠢ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠰᠡᠯᠬᠢ ᠭᠡᠷᠡᠯᠴᠢ | ᠠᠪᠤᠴᠠᠯᠳᠤᠯ ᠪᠣᠬᠢᠷᠲᠤᠯ ᠥᠬᠡᠶ ᠴᠠᠬᠢᠯᠭᠠᠨ ᠴᠠᠬᠢᠭᠤᠷ ᠢ ᠨᠢᠭᠡ ᠴᠤᠭᠴᠠᠵᠢᠭᠤᠯᠤᠭᠰᠠᠨ ᠲᠥᠷᠥᠯ ᠵᠦᠢᠯ 1045 ᠮᠥ | ᠭᠠᠵᠠᠷ ᠡᠵᠡᠯᠡᠵᠦ᠂ ᠶᠡᠷᠦᠩᠬᠡᠶ ᠪᠠᠯᠠ ᠣᠷᠣᠭᠤᠯᠤᠯᠲᠠ ᠨᠢ 48 ᠳ᠋ᠦᠩᠰᠢᠭᠤᠷ ᠲᠥᠭᠦᠷᠢᠭ ᠪᠠᠶᠢᠵᠤ᠂ ᠮᠥ ᠪᠦᠷᠢ ᠳᠤ | ᠳᠤᠮᠳᠠᠴᠢ ᠪᠠᠷ 459 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠲᠥᠷᠥᠯ ᠵᠦᠢᠯ ᠪᠦᠬᠦᠨ ᠢᠶᠠᠷ ᠢᠶᠠᠨ | ᠠᠰᠢᠭᠯᠠᠯᠲᠠ ᠳᠤ ᠤᠷᠤᠭᠰᠠᠨ ᠤ ᠳᠠᠷᠠᠭ᠎ᠠ᠂ ᠵᠢᠱᠢᠯᠲᠡ ᠪᠠᠷ ᠵᠢᠯ ᠤᠨ ᠳᠤᠮᠳᠠᠴᠢ ᠦᠢᠯᠡᠳᠭᠦᠨ ᠤ ᠥᠷᠲᠡᠭ ᠨᠢ 48 | ᠳ᠋ᠦᠩᠰᠢᠭᠤᠷ ᠲᠥᠭᠦᠷᠢᠭ ᠪᠠᠶᠢᠵᠤ᠂ ᠭᠠᠶᠢᠯᠢ ᠲᠠᠲᠠᠪᠤᠷᠢ ᠨᠢ 2 ᠳ᠋ᠦᠩᠰᠢᠭᠤᠷ ᠲᠥᠭᠦᠷᠢᠭ ᠪᠣᠯᠤᠨ᠎ᠠ᠃ ᠲᠣᠰ | ᠲᠥᠷᠥᠯ ᠵᠦᠢᠯ ᠤᠨ 65 ᠲᠥᠬᠦᠭᠡᠷᠦᠮᠵᠢ ︵1 ᠳ᠋ᠦ᠋ᠭᠡᠷ ᠨᠣᠮᠧᠷᠲᠤ᠂ 2 ᠳ᠋ᠤᠭᠠᠷ ᠨᠣᠮᠧᠷᠲᠤ ᠭᠤᠤᠯ | ᠦᠢᠯᠡᠳᠪᠦᠷᠢ ᠶᠢᠨ ᠬᠡᠷ ᠪᠠᠶᠢᠰᠢᠩ᠂ ᠬᠦᠬᠦᠷ ᠥᠬᠡᠶᠢᠳᠡᠭᠦᠯᠬᠦ ᠱᠤᠤ ᠥᠬᠡᠶᠢᠳᠡᠭᠦᠯᠬᠦ᠂ ᠦᠯᠡᠳᠡᠪᠦᠷᠢ ᠢᠯᠴᠢ ᠪᠠᠷ | ᠴᠠᠬᠢᠯᠭᠠᠨ ᠭᠠᠷᠭᠠᠬᠤ᠂ ᠠᠭᠤᠷ ᠤᠨ ᠭᠦᠸᠧᠯᠦ᠂ ᠰᠡᠯᠪᠢᠨ ᠵᠠᠰᠠᠬᠤ ᠲᠠᠰᠤᠭ᠂ ᠡᠵᠡᠮᠰᠢᠯ ᠤᠨ ᠠᠰᠠᠷ᠂ ᠡᠭᠡᠯᠵᠢ ᠶᠢᠨ | ᠠᠰᠠᠷ ᠵᠡᠷᠭᠡ ᠢᠵᠢ ᠪᠥᠷᠢᠳᠦᠭᠦᠯᠬᠦ ᠲᠣᠨᠤᠭ ᠲᠥᠬᠦᠭᠡᠷᠦᠮᠵᠢ︶ ᠶᠢ ᠨᠢᠭᠡᠨᠲᠡ ᠪᠦᠬᠦᠨ ᠢ ᠪᠡᠶᠡᠯᠡᠭᠦᠯᠵᠦ᠂ | ᠠᠭᠤᠷᠬᠠᠶ ᠶᠢᠨ ᠢᠯᠴᠢ ᠶᠢᠨ ᠵᠤᠤᠬ᠎ᠠ ᠶᠢᠨ ᠶᠡᠷᠦᠩᠬᠡᠶ ᠮᠠᠰᠢᠨ ᠶᠢ ᠨᠢᠭᠡᠨᠲᠡ ᠤᠭᠰᠠᠷᠠᠭᠤᠯᠵᠤ᠂ ᠪᠤᠰᠤᠳ | ᠦᠯᠡᠳᠡᠪᠦᠷᠢ ᠢᠯᠴᠢ ᠶᠢᠨ ᠭᠦᠸᠧᠯᠦ᠂ ᠠᠭᠠᠷ ᠬᠦᠷᠦᠭᠡᠬᠦ ᠠᠷᠠᠯ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠰᠢᠰᠲ᠋ᠧᠮ ᠵᠡᠷᠭᠡ ᠶᠡᠷᠦᠩᠬᠡᠶ ᠮᠠᠰᠢᠨ ᠤ ᠤᠭᠰᠠᠷᠠᠯᠲᠠ ᠵᠠᠯᠭᠠᠭ᠎ᠠ ᠪᠠᠷ ᠲᠣᠬᠢᠷᠠᠭᠤᠯᠤᠨ ᠲᠤᠷᠰᠢᠬᠤ ᠶᠢ ᠪᠡᠶᠡᠯᠡᠭᠦᠯᠵᠦ᠂ | 2024 ᠣᠨ ᠤ 11 ᠳ᠋ᠦ᠋ᠭᠡᠷ ᠰᠠᠷ᠎ᠠ ᠠᠴᠠ ᠡᠬᠢᠯᠡᠨ ᠬᠤᠯᠪᠣᠭᠠᠯᠠᠨ ᠲᠡᠷᠭᠡ ᠪᠠᠨ ᠳᠣᠷᠰᠢᠵᠤ᠂ 12 ᠳ᠋ᠤᠭᠠᠷ | ᠰᠠᠷ᠎ᠠ ᠶᠢᠨ 10 ᠤ ᠡᠳᠦᠷ ᠲᠤᠷᠰᠢᠨ ᠦᠢᠯᠡᠳᠪᠦᠷᠢᠯᠡᠬᠦ ᠪᠣᠯᠣᠨ᠎ᠠ᠃ | |