ᠪᠠᠶᠠᠷ ᠤᠨ ᠮᠡᠳᠡᠭᠡ︕ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠡᠦᠬᠡᠨ ᠠᠴᠠ ᠦᠯᠡᠳᠡᠭᠳᠡᠵᠦ ᠢᠷᠡᠭᠰᠡᠨ ᠬᠤᠶᠠᠷ ᠠᠭᠤᠷᠬᠠᠶ ᠶᠢᠨ ᠠᠮᠢ ᠠᠬᠤᠶ ᠶᠢ ᠰᠡᠷᠭᠦᠭᠡᠬᠦ ᠲᠥᠷᠥᠯ ᠵᠦᠢᠯ ᠤᠷᠤᠭᠰᠢᠲᠠᠶ ᠬᠥᠮᠥᠷᠭᠡ ᠠᠴᠠ ᠬ᠋᠊
ᠨᠡᠶᠢᠲᠡᠯᠡᠭᠰᠡᠨ ᠴᠠᠭ᠄
2025/1/21
      ᠰᠢᠨ᠎ᠡ ᠨᠢᠭᠡ ᠵᠢᠯ ᠤᠨ ᠡᠬᠢᠨ ᠤ ᠪᠠᠶᠠᠷ ᠤᠨ ᠮᠡᠳᠡᠭᠡ ᠵᠠᠯᠭᠠᠭ᠎ᠠ ᠪᠠᠷ ᠤᠯᠠᠮᠵᠢᠯᠠᠭᠳᠠᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠪᠠᠰᠠ ᠪᠠᠶᠠᠷ ᠤᠨ ᠴᠢᠮᠡᠭᠡ ᠠᠪᠴᠢᠷᠠᠵᠤ᠂ 2025 ᠣᠨ ᠳᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠭᠤᠶᠤᠴᠢᠯᠠᠨ ᠮᠡᠳᠡᠭᠦᠯᠦᠭᠰᠡᠨ ᠲᠡᠦᠬᠡ ᠶᠢᠨ ᠦᠯᠡᠳᠡᠭᠳᠡᠯ ᠬᠠᠶᠠᠭᠳᠠᠮᠠᠯ ᠠᠭᠤᠷᠬᠠᠢ ᠶᠢᠨ ᠠᠮᠢ ᠠᠬᠤᠢ ᠶᠢ ᠰᠡᠷᠭᠦᠭᠡᠬᠦ ᠬᠤᠶᠠᠷ ᠲᠦᠷᠦᠯ ᠵᠦᠢᠯ ᠢ ᠴᠥᠮ ᠤᠷᠤᠭᠰᠢᠲᠠᠢ ᠬᠥᠮᠥᠷᠭᠡ ᠠᠴᠠ ᠭᠠᠷᠭᠠᠵᠤ᠂ ᠥᠪᠡᠷᠲᠡᠭᠡᠨ ᠵᠠᠰᠠᠬᠤ ᠣᠷᠣᠨ ᠤ ᠰᠢᠯᠵᠢᠭᠦᠯᠦᠨ ᠥᠭᠬᠦ ᠲᠤᠰᠬᠠᠢ ᠪᠡᠯᠡ ᠮᠥᠩᠭᠦ ᠶᠢ 1776.98 ᠲᠦᠮᠡᠨ ᠲᠥᠭᠦᠷᠢᠭ ᠤᠯᠬᠤ ᠪᠠᠷ ᠴᠢᠷᠮᠠᠶᠢᠪᠠ᠃ ᠡᠨᠡ ᠬᠦ ᠦᠷ᠎ᠡ ᠪᠦᠲᠦᠭᠡᠯ ᠢ ᠣᠯᠤᠭᠰᠠᠨ ᠨᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠡᠦᠬᠡᠨ ᠠᠴᠠ ᠦᠯᠡᠳᠡᠭᠳᠡᠵᠦ ᠢᠷᠡᠭᠰᠡᠨ ᠠᠭᠤᠷᠬᠠᠢ ᠶᠢᠨ ᠠᠮᠢ ᠠᠬᠤᠢ ᠶᠢ ᠬᠠᠮᠠᠭᠠᠯᠠᠬᠤ ᠪᠠ ᠰᠡᠷᠭᠦᠭᠡᠬᠦ ᠲᠠᠯ᠎ᠠ ᠪᠠᠷ ᠪᠠᠰᠠ ᠪᠠᠲᠤ ᠪᠠᠬᠢ ᠨᠢᠭᠡ ᠠᠯᠬᠤᠮ ᠠᠯᠬᠤᠭᠰᠠᠨ ᠢ ᠬᠠᠷᠠᠭᠤᠯᠵᠤ ᠪᠠᠶᠢᠨ᠎ᠠ᠃      ᠲᠡᠦᠬᠡᠨ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠶ ᠶᠢᠨ ᠠᠮᠢ ᠠᠬᠤᠶ ᠶᠢ ᠰᠡᠷᠭᠦᠭᠡᠬᠦ ᠲᠥᠷᠥᠯ ᠵᠦᠢᠯ ᠢ ᠬᠡᠷᠡᠭᠵᠢᠭᠦᠯᠬᠦ ᠬᠠᠷᠠᠯᠲᠠ ᠪᠣᠯ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠪᠠ ᠮᠡᠷᠭᠡᠵᠢᠯ ᠤᠨ ᠠᠷᠭ᠎ᠠ ᠪᠠᠷᠢᠯ ᠢᠶᠠᠷ ᠳᠠᠮᠵᠢᠭᠤᠯᠤᠨ᠂ ᠲᠡᠦᠬᠡᠨ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠶ ᠳᠤ ᠪᠥᠬᠦ ᠲᠠᠯ᠎ᠠ ᠪᠠᠷ ᠠᠮᠢ ᠠᠬᠤᠶ ᠶᠢ ᠰᠡᠷᠭᠦᠭᠡᠨ ᠵᠠᠰᠠᠵᠤ᠂ ᠲᠤᠬᠠᠶ ᠶᠢᠨ ᠭᠠᠵᠠᠷ ᠤᠨ ᠠᠮᠢ ᠠᠬᠤᠶ ᠶᠢᠨ ᠣᠷᠴᠢᠨ ᠲᠣᠭᠤᠷᠢᠨ ᠢ ᠰᠠᠶᠢᠵᠢᠷᠠᠭᠤᠯᠤᠨ᠂ ᠭᠠᠵᠠᠷ ᠰᠢᠷᠣᠶ ᠶᠢᠨ ᠠᠰᠢᠭᠯᠠᠯᠲᠠ ᠶᠢᠨ ᠥᠷᠲᠡᠭ ᠢ ᠳᠡᠭᠡᠭᠰᠢᠯᠡᠭᠦᠯᠵᠦ᠂ ᠦᠷᠭᠦᠯᠵᠢᠯᠡᠬᠦ ᠬᠥᠭᠵᠢᠯᠲᠡ ᠶᠢ ᠠᠬᠢᠭᠤᠯᠬᠤ ᠶᠠᠪᠤᠳᠠᠯ ᠪᠣᠯᠤᠨ᠎ᠠ᠃ ᠡᠮᠦᠨ᠎ᠡ ᠬᠤᠭᠤᠴᠠᠭᠠᠨ ᠳᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠲᠥᠷᠥᠯ ᠵᠦᠢᠯ ᠤᠨ ᠮᠡᠳᠡᠭᠦᠯᠦᠯᠲᠡ ᠶᠢᠨ ᠮᠡᠳᠡᠭᠳᠡᠯ ᠢ ᠣᠯᠤᠭᠰᠠᠨ ᠤ ᠳᠠᠷᠠᠭ᠎ᠠ᠂ ᠲᠤᠰᠬᠠᠶ ᠮᠡᠷᠭᠡᠵᠢᠯ ᠤᠨ ᠪᠦᠯᠬᠦᠮ ᠢ ᠦᠳᠲᠡᠷ ᠲᠦᠷᠭᠡᠨ ᠵᠣᠬᠢᠶᠠᠨ ᠪᠠᠶᠢᠭᠤᠯᠤᠨ ᠪᠠᠶᠢᠴᠠᠭᠠᠨ ᠰᠤᠳᠤᠯᠤᠯᠲᠠ ᠪᠠ ᠨᠤᠲᠠᠯᠠᠯᠲᠠ ᠬᠢᠵᠦ᠂ ᠲᠥᠷᠥᠯ ᠵᠦᠢᠯ ᠤᠨ ᠮᠡᠳᠡᠭᠦᠯᠬᠦ ᠮᠠᠲ᠋ᠧᠷᠢᠶᠠᠯ ᠢ ᠨᠠᠷᠢᠨ ᠨᠢᠮᠪᠠᠶ ᠨᠠᠶᠢᠷᠠᠭᠤᠯᠤᠨ ᠵᠣᠬᠢᠶᠠᠭᠰᠠᠨ ᠪᠥᠭᠡᠳ ᠳᠡᠭᠡᠳᠦ ᠱᠠᠲᠤᠨ ᠤ ᠰᠠᠯᠠᠭ᠎ᠠ ᠮᠥᠴᠢᠷ ᠲᠠᠢ ᠣᠯᠠᠨ ᠤᠳᠠᠭ᠎ᠠ ᠬᠠᠷᠢᠭᠤ ᠮᠡᠳᠡᠭᠦᠯᠵᠦ ᠨᠡᠪᠲᠡᠷᠡᠯᠴᠡᠨ᠂ ᠡᠴᠦᠰ ᠲᠡᠭᠡᠨ ᠲᠥᠷᠥᠯ ᠵᠦᠢᠯ ᠲᠣᠭᠲᠠᠭᠠᠬᠤ ᠪᠠ ᠪᠠᠯᠠ ᠮᠥᠩᠭᠦ ᠶᠢᠨ ᠳᠡᠮᠵᠢᠯᠭᠡ ᠶᠢ ᠣᠯᠤᠭᠰᠠᠨ ᠪᠠᠶᠢᠨ᠎ᠠ᠃      ᠲᠣᠰ ᠤᠳᠠᠭ᠎ᠠ ᠵᠥᠪᠰᠢᠶᠡᠷᠡᠭᠳᠡᠭᠰᠡᠨ ᠲᠤᠰᠬᠠᠶ ᠪᠠᠯᠠ ᠮᠥᠩᠭᠦ ᠶᠢ ᠭᠤᠤᠯᠳᠠᠭᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠢ ᠾᠧ ᠰᠢᠶᠠᠩ᠂ ᠮᠢᠩᠭᠠᠨ ᠪᠠᠯᠭᠠᠰᠤ ᠪᠣᠯᠤᠨ ᠪᠠᠶ᠋ᠬᠠᠤᠪᠤᠭ᠎ᠠ ᠰᠤᠮᠤ ᠶᠢᠨ ᠡᠷᠬᠢᠨ ᠲᠣᠭᠤᠷᠢᠨ ᠤ ᠲᠡᠤᠬᠡᠨ ᠠᠴᠠ ᠦᠯᠡᠳᠡᠭᠳᠡᠵᠦ ᠢᠷᠡᠭᠰᠡᠨ ᠠᠭᠤᠷᠬᠠᠶ ᠶᠢ ᠵᠠᠰᠠᠬᠤ ᠪᠠ ᠵᠠᠰᠠᠨ ᠰᠡᠷᠭᠦᠭᠡᠬᠦ ᠳᠤ ᠬᠡᠷᠡᠭᠯᠡᠵᠦ᠂ ᠭᠤᠤᠯᠳᠠᠭᠤ ᠴᠡᠪᠡᠷᠯᠡᠨ ᠲᠡᠭᠡᠭᠡᠪᠦᠷᠢᠯᠡᠵᠦ ᠡᠭᠡᠭᠦᠯᠦᠨ ᠪᠥᠭᠯᠡᠬᠦ᠂ ᠭᠠᠵᠠᠷ ᠰᠢᠷᠣᠶ ᠶᠢ ᠲᠡᠭᠰᠢᠯᠡᠬᠦ᠂ ᠤᠷᠭᠤᠮᠠᠯ ᠤᠨ ᠪᠦᠷᠬᠦᠴᠡ ᠶᠢ ᠰᠡᠷᠭᠦᠭᠡᠬᠦ ᠵᠡᠷᠭᠡ ᠣᠯᠠᠨ ᠲᠠᠯ᠎ᠠ ᠶᠢ ᠪᠠᠭᠲᠠᠭᠠᠨ᠎ᠠ᠃ ᠲᠤᠰ ᠲᠦᠷᠦᠯ ᠵᠦᠢᠯ ᠢ ᠬᠡᠷᠡᠭᠵᠢᠭᠦᠯᠬᠦ ᠨᠢ ᠲᠤᠬᠠᠢ ᠶᠢᠨ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠢ ᠪᠦᠲᠦᠮᠵᠢᠲᠡᠢ ᠰᠠᠶᠢᠵᠢᠷᠠᠭᠤᠯᠵᠤ ᠴᠢᠳᠠᠬᠤ ᠪᠠᠷ ᠪᠠᠷᠠᠬᠤ ᠦᠭᠡᠢ ᠪᠠᠰᠠ ᠡᠷᠬᠢᠨ ᠲᠣᠭᠤᠷᠢᠨ ᠤ ᠰᠠᠭᠤᠭᠠᠯᠢ ᠠᠷᠠᠳ ᠲᠤ ᠨᠡᠩ ᠰᠠᠶᠢᠨ ᠦᠢᠯᠡᠳᠪᠦᠷᠢᠯᠡᠯ ᠠᠮᠢᠳᠤᠷᠠᠯ ᠤᠨ ᠣᠷᠴᠢᠨ ᠲᠣᠭᠤᠷᠢᠨ ᠢ ᠬᠠᠩᠭᠠᠵᠤ᠂ ᠲᠤᠬᠠᠢ ᠶᠢᠨ ᠭᠠᠵᠠᠷ ᠤᠨ ᠠᠵᠤ ᠠᠬᠤᠢ ᠶᠢᠨ ᠦᠷᠭᠦᠯᠵᠢᠯᠡᠬᠦ ᠬᠥᠭᠵᠢᠯᠲᠡ ᠶᠢ ᠠᠬᠢᠭᠤᠯᠬᠤ ᠪᠣᠯᠤᠨ᠎ᠠ᠃      ᠬᠤᠶᠢᠰᠢᠳᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠮᠢ ᠠᠬᠤᠶ ᠶᠢ ᠬᠠᠮᠠᠭᠠᠯᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠠᠶᠠᠭᠳᠠᠮᠠᠯ ᠠᠭᠤᠷᠬᠠᠶ ᠶᠢ ᠵᠠᠰᠠᠬᠤ ᠪᠠ ᠵᠠᠰᠠᠨ ᠰᠡᠷᠭᠦᠭᠡᠬᠦ ᠠᠵᠢᠯ ᠢ ᠭᠦᠨᠵᠡᠭᠡᠶ ᠠᠬᠢᠭᠤᠯᠵᠤ᠂ ᠲᠥᠷᠥᠯ ᠵᠦᠢᠯ ᠤᠨ ᠤᠷᠤᠭᠰᠢᠲᠠᠶ ᠬᠡᠷᠡᠭᠵᠢᠭᠦᠯᠦᠭᠳᠡᠬᠦ ᠶᠢᠨ ᠬᠠᠮᠲᠤ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠨ᠎ᠠ᠃ ᠡᠭᠦᠨ ᠤ ᠬᠠᠮᠲᠤ᠂ ᠨᠠᠩ ᠣᠯᠠᠨ ᠲᠥᠷᠥᠯ ᠵᠦᠢᠯ ᠪᠠ ᠪᠠᠯᠠ ᠮᠥᠩᠭᠦ ᠶᠢᠨ ᠳᠡᠮᠵᠢᠯᠭᠡ ᠶᠢ ᠢᠳᠡᠪᠬᠢᠲᠡᠶ ᠣᠯᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠭᠤᠷᠬᠠᠶ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠢᠯᠡᠰ ᠲᠤ ᠨᠠᠩ ᠶᠡᠭᠡ ᠬᠤᠪᠢ ᠨᠡᠮᠡᠷᠢ ᠦᠵᠡᠭᠦᠯᠦᠨ᠎ᠡ ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号