ᠪᠤᠭᠤᠲᠤ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ ᠠᠴᠠ  ᠢᠷᠡᠬᠦᠯᠦᠭᠰᠡᠨ  ᠰᠠᠶᠢᠰᠢᠶᠠᠯ ᠤᠨ ᠵᠠᠬᠢᠳᠠᠯ ᠢ  ᠲᠤᠰᠤᠨ ᠠᠪᠤᠪᠠ
ᠨᠡᠶᠢᠲᠡᠯᠡᠭᠰᠡᠨ ᠴᠠᠭ᠄
2025/1/21
      ᠰᠢᠨ᠎ᠡ ᠨᠢᠭᠡ ᠵᠢᠯ ᠤᠨ ᠡᠬᠢᠨ ᠳᠤ᠂ ᠪᠠᠶᠠᠷ ᠤᠨ ᠮᠡᠳᠡᠭᠡ ᠤᠯᠠᠮᠵᠢᠯᠠᠭᠳᠠᠭᠰᠠᠨ ᠨᠢ᠂ ᠳᠠᠷᠬᠠᠨ ᠮᠤᠤᠮᠢᠩᠭᠠᠨ ᠬᠤᠰᠢᠭᠤᠨ ᠤ ᠤᠰᠤᠨ ᠤ ᠶᠠᠪᠤᠳᠠᠯ ᠤᠨ ᠲᠣᠪᠴᠢᠶ᠎ᠠ ᠪᠤᠭᠤᠲᠤ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ ᠶᠢᠨ ᠰᠠᠶᠢᠰᠢᠶᠠᠯ ᠤᠨ ᠵᠠᠬᠢᠳᠠᠯ ᠢ ᠣᠯᠵᠤ᠂ ᠵᠠᠬᠢᠳᠠᠯ ᠳᠠᠭᠠᠨ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠤᠰᠤᠨ ᠤ ᠶᠠᠪᠤᠳᠠᠯ ᠤᠨ ᠲᠣᠪᠴᠢᠶ᠎ᠠ ᠶᠢᠨ ︽ᠴᠢᠳᠠᠮᠠᠭᠠᠶ ᠪᠠᠷ ᠬᠢᠨ ᠪᠦᠲᠦᠭᠡᠵᠦ᠂ ᠵᠣᠷᠢᠭᠲᠠᠶ ᠪᠠᠷ ᠰᠢᠨ᠎ᠡ ᠶᠢ ᠡᠭᠦᠳᠴᠦ᠂ ᠤᠷᠢᠳ ᠢᠶᠠᠷ ᠤᠰᠤ ᠬᠡᠷᠡᠭᠯᠡᠬᠦ ᠡᠷᠬᠡ ᠶᠢᠨ ᠥᠭᠡᠷᠡᠴᠢᠯᠡᠯᠲᠡ᠂ ᠬᠦᠷᠢᠶᠡᠯᠡᠩ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠲᠤᠷᠠᠯᠴᠠᠭᠠᠨ ᠤ ᠰᠢᠨ᠎ᠡ ᠵᠠᠭᠪᠤᠷ ᠢ ᠬᠠᠶᠢᠨ  ᠰᠦᠪᠡᠭᠴᠢᠯᠡᠨ︔ ᠦᠨᠡᠨ ᠢᠶᠠᠷ ᠠᠳᠬᠤᠨ ᠪᠣᠳᠠᠲᠠᠶ ᠠᠵᠢᠯᠯᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠤᠰᠤᠨ ᠤ ᠡᠬᠢ ᠪᠠᠶᠠᠯᠢᠭ ᠤᠨ ᠬᠠᠮᠤᠭ ᠤᠨ ᠴᠢᠩᠭ᠎ᠠ ᠬᠠᠮᠢᠶᠠᠷᠤᠯᠲᠠ ᠶᠢᠨ ᠲᠦᠷᠢᠮ ᠢ ᠭᠦᠨᠵᠡᠭᠡᠶ ᠲᠤᠭᠤᠰᠢᠯᠠᠭᠤᠯᠤᠨ  ᠨᠠᠶᠢᠳᠠᠪᠤᠷᠢᠵᠢᠭᠤᠯᠪᠠ︾  ᠵᠡᠷᠭᠡ ᠨᠢ ᠠᠵᠢᠯ ᠢ ᠳᠡᠭᠡᠳᠦ ᠬᠡᠮᠵᠢᠶ᠎ᠡ ᠪᠠᠷ ᠨᠤᠲᠠᠯᠠᠵᠤ᠂ ᠤᠰᠤᠨ ᠤ ᠶᠠᠪᠤᠳᠠᠯ ᠤᠨ ᠰᠠᠯᠠᠭ᠎ᠠ ᠮᠥᠴᠢᠷ ᠤᠨ ᠥᠷᠭᠡᠨ ᠣᠯᠠᠨ ᠺᠠᠳ᠋ᠷ ᠠᠵᠢᠯᠲᠠᠨ ᠮᠠᠰᠢ ᠶᠡᠭᠡ ᠵᠣᠷᠢᠭᠵᠢᠭᠤᠯᠤᠯ  ᠪᠤᠯᠵᠠᠢ᠃     ᠰᠢᠨ᠎ᠡ  ᠨᠢᠭᠡ ᠵᠢᠯ ᠤᠨ ᠰᠢᠨ᠎ᠡ ᠡᠬᠢᠯᠡᠯᠲᠡ ᠳᠤ᠂ ᠪᠢᠳᠡ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠦᠷᠭᠦᠯᠵᠢᠯᠡᠨ ᠲᠡᠮᠡᠴᠡᠵᠦ᠂ ᠨᠡᠩ ᠴᠤᠭ ᠪᠠᠳᠠᠷᠠᠩᠭᠤᠢ ᠤᠶᠤᠨ ᠰᠠᠨᠠᠭᠠᠨ ᠤ ᠳᠦᠷᠰᠦ ᠪᠠᠶᠢᠳᠠᠯ᠂  ᠠᠵᠢᠯ ᠤᠨ ᠨᠡᠩ ᠣᠷᠭᠢᠯᠤᠮ᠎ᠠ  ᠬᠠᠯᠠᠭᠤᠨ ᠰᠡᠳᠬᠢᠯᠭᠡ᠂ ᠨᠡᠩ ᠴᠢᠩᠭ᠎ᠠ ᠠᠵᠢᠯ ᠤᠨ ᠣᠪᠣᠷ᠂ ᠨᠡᠩ ᠯᠠᠪᠳᠠᠭᠤᠨ ᠪᠠᠲᠤᠲᠠᠢ ᠠᠵᠢᠯ ᠤᠨ ᠰᠤᠷᠲᠠᠯ ᠢᠶᠠᠷ 2025 ᠣᠨ ᠤ ᠡᠯ᠎ᠡ ᠵᠦᠢᠯ ᠤᠨ ᠠᠵᠢᠯ ᠳᠤ ᠣᠷᠣᠯᠴᠠᠵᠤ᠂ ᠪᠣᠳᠠᠲᠠᠢ ᠠᠵᠢᠯᠯᠠᠵᠤ ᠰᠢᠳᠤᠷᠭᠤ  ᠤᠷᠤᠭᠰᠢᠯᠠᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠰᠤᠨ ᠤ ᠶᠠᠪᠤᠳᠠᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠳᠡᠭᠲᠡᠷ ᠲᠤ ᠭᠠᠷᠬᠤ ᠶᠢ ᠦᠷᠭᠦᠯᠵᠢᠯᠡᠨ ᠴᠢᠷᠮᠠᠶᠢᠨ ᠠᠬᠢᠭᠤᠯᠤᠨ᠎ᠠ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号